1. ᠲᠥᠯᠥᠪᠵᠢᠭᠦᠯᠭᠡ ᠵᠢᠨ ᠠᠬᠤᠶ ᠪᠠᠶ᠋ᠢᠳᠠᠯ᠄
《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠎ᠠ ᠪᠣᠯ ᠮᠠᠨ᠎ᠤ ᠤᠯᠤᠰ ᠴᠢᠨᠡᠭᠡᠯᠢᠭ ᠨᠡᠶ᠋ᠢᠭᠡᠮ᠎ᠢ ᠪᠥᠬᠦ ᠲᠠᠯ᠎ᠠ᠎ᠪᠠᠷ ᠪᠡᠶᠡᠯᠡᠭᠦᠯᠦᠭᠰᠡᠨ᠎ᠤ ᠳᠠᠷᠠᠭ᠎ᠠ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠬᠦ ᠠᠩᠬᠠᠳᠤᠭ᠋ᠠᠷ ᠲᠠᠪᠤᠨ ᠵᠢᠯ ᠪᠣᠯᠤᠨ᠎ᠠ᠂ ᠮᠥᠨ ᠴᠦ᠍ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠭᠤᠴᠢᠯᠠᠭᠤᠷ᠎ᠤᠨ ᠭᠦᠨᠵᠡᠭᠡᠶ ᠠᠭᠤᠰᠤᠯᠴᠠᠨ ᠬᠥᠭᠵᠢᠬᠦ ᠵᠢ ᠲᠦᠷᠭᠡᠳᠬᠡᠨ ᠠᠬᠢᠭᠤᠯᠬᠤ᠂ ᠣᠶᠤᠨᠴᠢ ᠷᠠᠳᠢᠣ᠋ ᠲᠧᠯᠸᠢᠰ᠎ᠤᠨ ᠪᠥᠲᠥᠭᠡᠨ ᠪᠠᠶ᠋ᠢᠭᠤᠯᠤᠯᠲᠠ ᠵᠢ ᠭᠦᠨᠵᠡᠭᠡᠶ ᠬᠡᠷᠡᠭᠵᠢᠭᠦᠯᠬᠦ ᠪᠠ ᠳᠣᠲᠣᠭ᠋ᠠᠳᠤ ᠤᠬᠠᠭᠤᠯᠭ᠎ᠠ ᠭᠠᠳᠠᠭ᠋ᠠᠳᠤ ᠤᠬᠠᠭᠤᠯᠭ᠎ᠠ ᠵᠢ ᠬᠤᠯᠪᠣᠯᠳᠤᠭᠤᠯᠬᠤ ᠰᠢᠨ᠎ᠡ ᠬᠠᠭᠤᠳᠠᠰᠤ ᠵᠢ ᠪᠢᠴᠢᠭᠯᠡᠬᠦ ᠵᠠᠩᠭᠢᠯᠠᠭ᠎ᠠ ᠵᠢᠨ ᠴᠠᠭ ᠬᠤᠭᠤᠴᠠᠭ᠎ᠠ ᠪᠣᠯᠤᠨ᠎ᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠵᠢᠨ ᠴᠡᠴᠡᠭᠯᠡᠨ ᠬᠥᠭᠵᠢᠬᠦ ᠵᠢ ᠲᠦᠷᠭᠡᠳᠬᠡᠨ ᠠᠬᠢᠭᠤᠯᠬᠤ ᠵᠢᠨ ᠲᠤᠰᠠᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠥᠭᠵᠢᠯᠲᠡ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠲᠣᠰ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠪᠠ᠃
2. ᠲᠥᠯᠥᠪᠵᠢᠭᠦᠯᠭᠡ ᠵᠢᠨ ᠦᠨᠳᠦᠰᠦᠯᠡᠯ᠄
《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》᠂ 《ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠥᠭᠵᠢᠯᠲᠡ ᠵᠢᠨ ᠲᠥᠯᠥᠪᠵᠢᠭᠦᠯᠭᠡ》᠃
3. ᠰᠤᠳᠤᠯᠤᠨ ᠮᠠᠭ᠋ᠠᠳᠯᠠᠭᠰᠠᠨ ᠶᠠᠪᠤᠴᠠ᠄
ᠮᠠᠨ᠎ᠤ ᠲᠣᠪᠴᠢᠶ᠎ᠠ 1 ᠵᠢᠯ᠎ᠤᠨ ᠬᠤᠭᠤᠴᠠᠭ᠎ᠠ ᠵᠢ ᠵᠠᠷᠤᠴᠠᠭᠤᠯᠵᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠪᠣᠯᠤᠨ ᠬᠣᠯᠪᠤᠭᠳᠠᠯ ᠪᠥᠬᠦᠶ ᠰᠠᠯᠠᠭ᠎ᠠ ᠮᠥᠴᠢᠷ᠎ᠤᠨ ᠪᠢᠴᠢᠭ ᠮᠠᠲ᠋ᠧᠷᠢᠶᠠᠯ ᠪᠣᠯᠤᠨ ᠵᠢᠷᠤᠮᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠲᠥᠯᠥᠪᠵᠢᠭᠦᠯᠭᠡ ᠵᠢᠨ ᠬᠦᠷᠢᠶᠡᠯᠡᠩ᠂ ᠲᠣᠪᠴᠢᠶ᠎ᠠ ᠵᠢᠨ ᠪᠠᠶ᠋ᠢᠭᠤᠯᠭ᠎ᠠ ᠵᠢᠨ ᠬᠣᠯᠪᠤᠭᠳᠠᠯ ᠪᠥᠬᠦᠶ ᠭᠠᠵᠠᠷ ᠲᠠᠰᠤᠭ᠂ ᠲᠣᠪᠴᠢᠶ᠎ᠠ ᠵᠢᠨ ᠬᠠᠷᠢᠶ᠎ᠠ ᠨᠢᠭᠡᠴᠢ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭ᠋ᠠᠷᠲᠤ ᠺᠣᠮᠫᠠᠨᠢ᠂ ᠬᠡᠰᠡᠭ ᠠᠶ᠋ᠢᠮᠠᠭ ᠬᠤᠲᠠ ᠵᠢᠨ ᠷᠠᠳᠢᠣ᠋ ᠲᠧᠯᠸᠢᠰ᠎ᠤᠨ ᠲᠣᠪᠴᠢᠶ᠎ᠠ ᠶᠠᠷᠢᠯᠴᠠᠬᠤ ᠬᠤᠷᠠᠯ ᠬᠤᠷᠠᠯᠳᠤᠭᠤᠯᠬᠤ᠂ ᠪᠢᠴᠢᠭ᠎ᠤᠨ ᠪᠠᠶ᠋ᠢᠴᠠᠭ᠋ᠠᠨ ᠰᠤᠳᠤᠯᠤᠯᠲᠠ ᠬᠢᠬᠦ᠂ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠬᠤ᠂ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠪᠠᠶ᠋ᠢᠴᠠᠭ᠋ᠠᠨ ᠰᠤᠳᠤᠯᠤᠯᠲᠠ ᠬᠢᠵᠦ᠂ ᠨᠠᠶ᠋ᠢᠷᠠᠭᠤᠯᠤᠨ ᠵᠣᠬᠢᠶᠠᠬᠤ ᠠᠵᠢᠯ᠎ᠢ ᠥᠷᠨᠢᠭᠦᠯᠪᠡ᠃ ᠠᠩᠬᠠᠨ᠎ᠤ ᠡᠬᠡ ᠨᠣᠣᠷᠠᠭ ᠵᠶ᠋ᠠᠨ ᠳᠠᠭᠤᠰᠬᠠᠭᠰᠠᠨ᠎ᠤ ᠳᠠᠷᠠᠭ᠎ᠠ᠂ ᠲᠤᠰᠬᠠᠶ᠋ᠢᠯᠠᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠲᠤᠰᠬᠠᠶ ᠮᠡᠷᠭᠡᠵᠢᠯᠲᠡᠨ᠎ᠤ ᠰᠠᠨᠠᠭᠤᠯᠭ᠎ᠠ ᠵᠢ ᠬᠤᠷᠢᠶᠠᠵᠤ᠂ ᠲᠤᠰᠬᠠᠶ ᠮᠡᠷᠭᠡᠵᠢᠯᠲᠡᠨ᠎ᠤ ᠰᠠᠨᠠᠯ᠎ᠢ ᠦᠨᠳᠦᠰᠦᠯᠡᠨ 9 ᠡᠭᠡᠯᠵᠢ ᠵᠢᠨ ᠵᠠᠰᠠᠪᠤᠷᠢ ᠣᠷᠣᠭᠤᠯᠵᠤ᠂ 《ᠲᠥᠯᠥᠪᠵᠢᠭᠦᠯᠭᠡ》 ᠵᠢ ᠲᠤᠭᠤᠷᠪᠢᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠪᠠ᠃
4. ᠠᠷᠠᠳ᠎ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ᠄
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠨᠠᠢ᠍ᠮᠠᠨ ᠲᠠᠯ᠎ᠠ ᠵᠢᠨ ᠭᠤᠤᠯᠳᠠᠯᠭ᠎ᠠ᠎ᠲᠠᠢ ᠡᠭᠦᠷᠭᠡ ᠪᠣᠯ᠄ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠷᠠᠭᠤᠯᠵᠤ᠂ ᠵᠠᠭᠤᠴᠢᠯᠠᠭᠤᠷ᠎ᠤᠨ ᠠᠭᠤᠰᠤᠯᠴᠠᠨ ᠬᠥᠭᠵᠢᠬᠦ ᠰᠢᠨ᠎ᠡ ᠪᠠᠶ᠋ᠢᠷᠢᠰᠢᠯ᠎ᠢ ᠪᠣᠶ ᠪᠣᠯᠭ᠋ᠠᠨ᠎ᠠ; ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠬᠦ ᠴᠢᠳᠠᠪᠤᠷᠢ ᠵᠢ ᠳᠡᠭᠡᠭᠰᠢᠯᠡᠭᠦᠯᠵᠦ᠂ ᠠᠷᠠᠳ ᠲᠦᠮᠡᠨ᠎ᠤ ᠣᠶᠤᠨ ᠰᠠᠨᠠᠭ᠎ᠠ ᠰᠣᠶᠣᠯ᠎ᠤᠨ ᠰᠢᠨ᠎ᠡ ᠬᠡᠷᠡᠭᠴᠡᠭᠡ ᠵᠢ ᠬᠠᠩᠭ᠋ᠠᠨ᠎ᠠ; ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠥᠭᠵᠢᠯᠲᠡ ᠵᠢᠨ ᠰᠢᠨ᠎ᠡ ᠠᠷᠭ᠎ᠠ ᠵᠠᠮ᠎ᠢ ᠥᠷᠭᠡᠳᠬᠡᠨ᠎ᠡ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠨᠢ ᠦᠶ᠎ᠡ ᠤᠯᠠᠷᠢᠨ ᠳᠡᠰ ᠳᠡᠪᠰᠢᠬᠦ ᠵᠢ ᠠᠬᠢᠭᠤᠯᠵᠤ᠂ ᠲᠤᠬᠠᠶ᠋ᠢᠯᠠᠭᠰᠠᠨ ᠠᠵᠢᠯ᠎ᠤᠨ ᠲᠤᠯᠭ᠋ᠠᠭᠤᠷᠢᠯᠠᠬᠤ ᠲᠣᠭᠲᠠᠯᠴᠠᠭ᠎ᠠ ᠵᠢᠨ ᠰᠢᠨ᠎ᠡ ᠵᠠᠭᠪᠤᠷ᠎ᠢ ᠡᠭᠦᠳᠦᠨ᠎ᠡ; ᠰᠢᠨ᠎ᠡ᠎ᠪᠠᠷ ᠬᠥᠭᠵᠢᠭᠰᠡᠨ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠪᠤᠶ᠋ᠢᠵᠢᠭᠤᠯᠵᠤ᠂ ᠷᠠᠳᠢᠣ᠋ ᠲᠧᠯᠸᠢᠰ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠰᠢᠪᠲᠤᠯᠤᠯᠲᠠ ᠵᠢ ᠪᠡᠶᠡᠯᠡᠭᠦᠯᠦᠨ᠎ᠡ; ᠠᠵᠢᠯ ᠲᠥᠷᠥᠯ᠎ᠤᠨ ᠵᠠᠰᠠᠯᠲᠠ ᠵᠢᠨ ᠲᠣᠭᠲᠠᠯᠴᠠᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠮᠤᠷ ᠲᠦᠪᠰᠢᠨ ᠬᠢᠭᠡᠳ ᠬᠢᠨᠠᠯᠲᠠ ᠬᠠᠮᠢᠶᠠᠷᠤᠯᠲᠠ ᠵᠢᠨ ᠪᠠᠶ᠋ᠢᠪᠠᠰᠤ ᠵᠣᠬᠢᠬᠤ ᠦᠢ᠍ᠯᠡᠳᠦᠯ᠎ᠢ ᠪᠠᠳᠠᠷᠠᠭᠤᠯᠤᠨ᠎ᠠ; ᠳᠣᠲᠣᠭ᠋ᠠᠳᠤ ᠤᠬᠠᠭᠤᠯᠭ᠎ᠠ ᠭᠠᠳᠠᠭ᠋ᠠᠳᠤ ᠤᠬᠠᠭᠤᠯᠭ᠎ᠠ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠭᠦᠨᠵᠡᠭᠡᠶ᠋ᠢᠷᠡᠭᠦᠯᠵᠦ᠂ ᠭᠠᠳᠠᠭ᠋ᠠᠳᠤ ᠰᠣᠯᠢᠯᠴᠠᠭ᠎ᠠ ᠬᠠᠮᠲᠤᠷᠠᠯᠴᠠᠭ᠋ᠠᠨ᠎ᠤ ᠰᠢᠨ᠎ᠡ ᠪᠠᠶ᠋ᠢᠳᠠᠯ᠎ᠢ ᠪᠦᠷᠢᠯᠳᠦᠭᠦᠯᠦᠨ᠎ᠡ; ᠨᠠᠮ᠎ᠤᠨ ᠪᠠᠶ᠋ᠢᠭᠤᠯᠤᠯᠲᠠ ᠡᠩᠨᠡᠭᠡᠨ᠎ᠤ ᠪᠦᠲᠦᠭᠡᠨ ᠪᠠᠶ᠋ᠢᠭᠤᠯᠤᠯᠲᠠ ᠠᠳᠠᠯᠢ ᠴᠢᠭᠯᠡᠯ ᠵᠶ᠋ᠠᠷ ᠬᠦᠴᠦᠯᠡᠵᠦ᠂ ᠥᠭᠡᠷᠡᠴᠢᠯᠡᠯᠲᠡ ᠬᠥᠭᠵᠢᠯᠲᠡ᠎ᠳᠤ ᠰᠢᠨ᠎ᠡ ᠲᠤᠯᠭ᠋ᠠᠭᠤᠷᠢᠯᠠᠯ ᠬᠠᠩᠭ᠋ᠠᠨ᠎ᠠ᠃








