1. ᠰᠢᠢ᠍ᠳᠪᠦᠷᠢᠲᠦ ᠪᠣᠳᠣᠯᠭ᠎ᠠ ᠵᠢᠨ ᠠᠬᠤᠶ ᠪᠠᠶ᠋ᠢᠳᠠᠯ᠄ ᠣᠶ᠋ᠢᠷ᠎ᠠ ᠵᠢᠨ ᠵᠢᠯ᠎ᠠᠴᠠ ᠨᠠᠭ᠋ᠠᠰᠢ᠂ IPTV ᠷᠠᠳᠢᠣ᠋ ᠲᠧᠯᠸᠢᠰ᠎ᠤᠨ ᠠᠵᠢᠯ ᠲᠥᠷᠥᠯ᠎ᠳᠤ ᠲᠦᠷᠭᠡᠨ ᠵᠶ᠋ᠠᠷ ᠬᠥᠭᠵᠢᠵᠦ ᠪᠠᠶ᠋ᠢᠨ᠎ᠠ᠂ ᠡᠶ᠋ᠢᠮᠦ᠎ᠠᠴᠠ IPTV ᠳᠠᠮᠵᠢᠭᠤᠯᠬᠤ ᠰᠢᠰᠲ᠋ᠧᠮ᠎ᠢ ᠵᠢᠷᠤᠮᠵᠢᠭᠤᠯᠤᠨ ᠬᠠᠮᠢᠶᠠᠷᠴᠤ᠂ ᠷᠠᠳᠢᠣ᠋ ᠲᠧᠯᠸᠢᠰ᠎ᠤᠨ ᠫᠷᠤᠭ᠌ᠷᠠᠮ᠎ᠤᠨ ᠠᠭᠤᠯᠭ᠎ᠠ ᠵᠢ ᠪᠠᠲᠤᠯᠠᠬᠤ ᠠᠮᠤᠷ ᠲᠦᠪᠰᠢᠨ ᠨᠡᠪᠲᠡᠷᠡᠭᠦᠯᠭᠡ᠎ᠨᠢ ᠲᠦᠢ᠍ᠯ᠎ᠤᠨ ᠴᠢᠬᠤᠯᠠᠲᠠᠶ ᠪᠠᠶ᠋ᠢᠨ᠎ᠠ᠃ ᠣᠳᠣᠬᠠᠨ᠎ᠳᠤ ᠣᠯᠠᠩᠬᠢ IPTV ᠵᠢᠨ ᠬᠣᠯᠪᠤᠭᠳᠠᠯ ᠪᠦᠬᠦᠢ ᠲᠣᠭᠲᠠᠭ᠋ᠠᠯ ᠪᠠ ᠳᠦᠷᠢᠮᠵᠢᠯ᠎ᠨᠢ IPTV ᠬᠤᠷᠠᠮᠠᠯ ᠨᠡᠪᠲᠡᠷᠡᠭᠦᠯᠭᠡ ᠵᠢᠨ ᠡᠵᠡᠮᠰᠢᠯ᠎ᠤᠨ ᠲᠠᠪᠴᠠᠩ᠎ᠳᠤ ᠠᠩᠬᠠᠷᠤᠯ ᠵᠶ᠋ᠠᠨ ᠲᠥᠪᠯᠡᠷᠡᠭᠦᠯᠬᠦ ᠵᠢᠨ ᠬᠠᠮᠲᠤ ᠲᠡᠭᠦᠨ᠎ᠢ ᠬᠢᠨᠠᠨ ᠬᠠᠮᠢᠶᠠᠷᠬᠤ ᠪᠠ ᠬᠢᠵᠠᠭ᠋ᠠᠷᠯᠠᠬᠤ᠎ᠨᠢ IPTV ᠳᠠᠮᠵᠢᠭᠤᠯᠬᠤ ᠰᠢᠰᠲ᠋ᠧᠮ᠎ᠳᠤ ᠮᠡᠷᠭᠡᠵᠢᠯ᠎ᠤᠨ ᠬᠢᠨᠠᠯᠲᠠ ᠬᠠᠮᠢᠶᠠᠷᠤᠯᠲᠠ ᠵᠢᠨ ᠭᠠᠷᠳᠠᠴᠠ ᠳᠤᠲᠠᠭᠳᠠᠵᠤ ᠪᠠᠶ᠋ᠢᠨ᠎ᠠ᠂ ᠲᠤᠰ ᠪᠠᠷᠢᠮᠵᠢᠶ᠎ᠠ᠎ᠨᠢ IPTV ᠳᠠᠮᠵᠢᠭᠤᠯᠬᠤ ᠰᠢᠰᠲ᠋ᠧᠮ᠎ᠤᠨ ᠡᠳᠦᠷ ᠲᠤᠲᠤᠮ᠎ᠤᠨ ᠠᠵᠢᠯᠯᠠᠭ᠋ᠠᠨ᠎ᠤ ᠬᠠᠮᠠᠭ᠋ᠠᠯᠠᠯᠲᠠ ᠪᠠ ᠬᠢᠨᠠᠨ ᠬᠡᠮᠵᠢᠵᠦ ᠬᠢᠨᠠᠨ ᠬᠠᠮᠢᠶᠠᠷᠬᠤ᠎ᠳᠤ ᠴᠢᠬᠤᠯᠠ ᠦᠨᠳᠦᠰᠦᠯᠡᠯ ᠬᠠᠩᠭ᠋ᠠᠭᠰᠠᠨ ᠪᠠᠶ᠋ᠢᠨ᠎ᠠ᠃
2. ᠰᠤᠳᠤᠯᠤᠨ ᠮᠠᠭ᠋ᠠᠳᠯᠠᠭᠰᠠᠨ ᠶᠠᠪᠤᠴᠠ᠄ ᠮᠠᠨ᠎ᠤ ᠲᠣᠪᠴᠢᠶ᠎ᠠ 1 ᠵᠢᠯ᠎ᠤᠨ ᠬᠤᠭᠤᠴᠠᠭ᠎ᠠ ᠵᠢ ᠵᠠᠷᠣᠴᠠᠭᠤᠯᠵᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠲᠥᠯᠥᠪᠵᠢᠭᠦᠯᠭᠡ ᠵᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠭᠤᠯᠤᠯᠲᠠ ᠵᠢᠨ ᠬᠤᠷᠢᠶ᠎ᠠ᠎ᠲᠠᠢ ᠬᠠᠮᠲᠤᠷᠠᠨ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠪᠠ ᠬᠣᠯᠪᠤᠭᠳᠠᠯ ᠪᠥᠬᠦᠶ ᠰᠠᠯᠠᠭ᠎ᠠ ᠮᠥᠴᠢᠷ᠎ᠤᠨ ᠪᠢᠴᠢᠭ ᠮᠠᠲ᠋ᠧᠷᠢᠶᠠᠯ᠂ ᠪᠠᠷᠢᠮᠵᠢᠶ᠎ᠠ ᠪᠠ ᠵᠢᠷᠤᠮᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠬᠣᠯᠪᠤᠭᠳᠠᠯ ᠪᠥᠬᠦᠶ ᠨᠢᠭᠡᠴᠢ᠎ᠲᠠᠢ ᠶᠠᠷᠢᠯᠴᠠᠬᠤ᠂ ᠪᠢᠴᠢᠭ ᠵᠶ᠋ᠠᠷ ᠪᠠᠶ᠋ᠢᠴᠠᠭ᠋ᠠᠨ ᠰᠤᠳᠤᠯᠤᠯᠲᠠ ᠬᠢᠬᠦ᠂ ᠲᠤᠰᠬᠠᠶ ᠰᠡᠳᠦᠪ ᠵᠶ᠋ᠠᠷ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠪᠠᠷᠢᠮᠵᠢᠶ᠎ᠠ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠦᠷᠨᠢᠭᠦᠯᠪᠡ᠃ ᠠᠩᠬᠠᠨ᠎ᠤ ᠡᠬᠡ ᠨᠣᠣᠷᠠᠭ᠎ᠢ ᠳᠠᠭᠤᠰᠬᠠᠭᠰᠠᠨ᠎ᠤ ᠳᠠᠷᠠᠭ᠎ᠠ᠂ ᠲᠤᠰᠬᠠᠶ᠋ᠢᠯᠠᠨ IPTV ᠳᠠᠮᠵᠢᠭᠤᠯᠬᠤ ᠪᠠᠶ᠋ᠢᠭᠤᠯᠤᠮᠵᠢ ᠵᠢᠨ ᠰᠠᠨᠠᠯ ᠰᠠᠨᠠᠭᠤᠯᠭ᠎ᠠ ᠵᠢ ᠬᠤᠷᠢᠶᠠᠵᠤ᠂ ᠬᠣᠯᠪᠤᠭᠳᠠᠯ ᠪᠥᠬᠦᠶ ᠬᠦᠷᠢᠶᠡᠨ᠎ᠤ ᠲᠤᠰᠬᠠᠶ ᠮᠡᠷᠭᠡᠵᠢᠯᠲᠡᠨ᠎ᠢ ᠤᠷᠢᠵᠤ ᠨᠤᠲᠠᠯᠠᠭᠤᠯᠬᠤ ᠵᠢᠨ ᠬᠠᠮᠲᠤ ᠪᠠᠷᠢᠮᠵᠢᠶ᠎ᠠ ᠵᠢᠨ ᠴᠢᠨᠠᠷᠲᠠᠶ ᠰᠢᠯᠭ᠋ᠠᠨ ᠪᠠᠲᠤᠯᠠᠬᠤ ᠰᠢᠯᠭ᠋ᠠᠯᠲᠠ ᠬᠢᠵᠦ᠂ ᠪᠠᠷᠢᠮᠵᠢᠶ᠎ᠠ ᠵᠢᠨ ᠬᠡᠷᠡᠭᠯᠡᠭᠡᠨ᠎ᠤ ᠴᠢᠨᠠᠷ ᠪᠠ ᠪᠣᠯᠤᠮᠵᠢᠲᠤ ᠴᠢᠨᠠᠷ᠎ᠢ ᠤᠯᠠᠮ ᠨᠢᠭᠡ ᠠᠯᠬᠤᠮ ᠰᠢᠯᠭ᠋ᠠᠨ ᠪᠠᠲᠤᠯᠠᠪᠠ᠃ ᠪᠠᠷᠢᠮᠵᠢᠶ᠎ᠠ ᠵᠢ ᠲᠤᠭᠤᠷᠪᠢᠨ ᠲᠣᠭᠲᠠᠭ᠋ᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠠᠷᠢᠮᠵᠢᠶ᠎ᠠ ᠵᠢᠨ ᠲᠠᠯ᠎ᠠ᠎ᠪᠠᠷ ᠢᠯᠡ᠎ᠪᠠᠷ ᠰᠠᠨᠠᠯ ᠬᠤᠷᠢᠶᠠᠭᠰᠠᠨ᠎ᠤ ᠳᠠᠷᠠᠭ᠎ᠠ᠂ ᠠᠯᠪᠠᠨ ᠶᠣᠰᠣᠭ᠋ᠠᠷ ᠵᠥᠪᠰᠢᠶᠡᠷᠡᠬᠦ ᠵᠢᠨ ᠬᠠᠮᠲᠤ ᠠᠯᠪᠠᠨ ᠵᠠᠷ ᠨᠡᠶ᠋ᠢᠲᠡᠯᠡᠪᠡ᠃
3. ᠪᠤᠳᠠᠳᠤ ᠶᠠᠪᠤᠳᠠᠯ᠎ᠤᠨ ᠦᠨᠳᠦᠰᠦᠯᠡᠯ᠄ ᠲᠤᠰ ᠪᠠᠷᠢᠮᠵᠢᠶ᠎ᠠ᠎ᠨᠢ ᠷᠠᠳᠢᠤ᠋ ᠲᠧᠯᠸᠢᠰ᠎ᠤᠨ ᠠᠵᠢᠯ ᠲᠦᠷᠦᠯ᠎ᠳᠤ ᠰᠠᠭᠤᠷᠢᠯᠠᠵᠦ᠂ ᠬᠡᠮᠵᠢᠯᠳᠡ ᠬᠦᠷᠬᠡᠬᠦ ᠰᠢᠰᠲ᠋ᠧᠮ᠎ᠤᠨ ᠠᠮᠤᠷ ᠲᠦᠪᠰᠢᠨ ᠨᠡᠪᠳᠡᠷᠡᠬᠦᠯᠬᠡ ᠵᠢᠨ ᠪᠠᠳᠤᠯᠠᠭ᠎ᠠ ᠵᠢᠨ ᠴᠢᠳᠠᠪᠤᠷᠢ ᠵᠢ ᠰᠢᠭᠤᠳ ᠦᠨᠡᠯᠡᠬᠦ ᠵᠢᠨ ᠲᠦᠯᠦᠬᠡ᠂ ᠪᠤᠰᠤᠳᠴᠢ ᠴᠢᠨᠠᠷ᠂ ᠲᠦᠪ ᠭᠤᠤᠯᠴᠢ ᠴᠢᠨᠠᠷ ᠵᠶ᠋ᠠᠷ ᠵᠠᠷᠴᠢᠮ ᠪᠤᠯᠭ᠋ᠠᠨ ᠲᠤᠭᠳᠠᠭ᠋ᠠᠬᠤ ᠵᠢᠨ ᠬᠠᠮᠳᠤ᠂ ᠬᠡᠷᠡᠭᠵᠢᠬᠦᠯᠵᠦ ᠪᠤᠯᠬᠤᠢ᠍ᠢ᠍ᠴᠠ ᠴᠢᠨᠠᠷ᠂ ᠠᠵᠦ ᠠᠬᠤᠢ ᠵᠢᠨ ᠴᠢᠨᠠᠷ᠂ ᠲᠠᠪᠬᠤᠴᠠᠵᠦ ᠪᠤᠯᠬᠤᠶ᠋ᠢᠴᠠ ᠴᠢᠨᠠᠷ ᠪᠤᠯᠤᠨ ᠨᠡᠶ᠋ᠢᠴᠡᠬᠦ ᠴᠢᠨᠠᠷ᠎ᠢ ᠬᠠᠮᠳᠤ᠎ᠳᠤᠨᠢ ᠬᠠᠷᠠᠭ᠋ᠠᠯᠵᠠᠪᠠ᠃ ᠲᠣᠰ ᠪᠠᠷᠢᠮᠵᠢᠶ᠎ᠠ᠎ᠨᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠨᠡᠶ᠋ᠢᠲᠡᠯᠡᠭᠰᠡᠨ 《ᠷᠠᠳᠢᠣ᠋ ᠲᠧᠯᠸᠢᠰ᠎ᠤᠨ ᠠᠮᠤᠷ ᠲᠦᠪᠰᠢᠨ ᠨᠡᠪᠲᠡᠷᠡᠭᠦᠯᠭᠡ ᠵᠢᠨ ᠬᠠᠮᠢᠶᠠᠷᠤᠯᠲᠠ ᠵᠢᠨ ᠲᠣᠭᠲᠠᠭ᠋ᠠᠯ》᠂ 《IPTV ᠬᠤᠷᠠᠮᠠᠯ ᠨᠡᠪᠲᠡᠷᠡᠭᠦᠯᠭᠡ ᠵᠢᠨ ᠡᠵᠡᠮᠳᠡᠯ᠎ᠤᠨ ᠶᠡᠷᠦᠩᠬᠡᠶ ᠲᠠᠪᠴᠠᠩ ᠪᠠ ᠬᠤᠪᠢᠶᠠᠷᠢ ᠲᠠᠪᠴᠠᠩ᠎ᠤᠨ EPG ᠬᠠᠮᠢᠶᠠᠷᠤᠯᠲᠠ ᠵᠢᠨ ᠰᠢᠰᠲ᠋ᠧᠮ᠎ᠤᠨ ᠵᠠᠯᠭ᠋ᠠᠭ᠋ᠠᠰᠤ ᠵᠢᠨ ᠵᠢᠷᠤᠮᠵᠢᠯ》᠂ 《IPTV ᠬᠤᠷᠠᠮᠠᠯ ᠨᠡᠪᠲᠡᠷᠡᠭᠦᠯᠭᠡ ᠵᠢᠨ ᠡᠵᠡᠮᠳᠡᠯ᠎ᠤᠨ ᠶᠡᠷᠦᠩᠬᠡᠶ ᠲᠠᠪᠴᠠᠩ ᠪᠠ ᠬᠤᠪᠢᠶᠠᠷᠢ ᠲᠠᠪᠴᠠᠩ᠎ᠤᠨ ᠫᠷᠤᠭ᠌ᠷᠠᠮ᠎ᠤᠨ ᠬᠤᠷᠠᠮᠠᠯ ᠬᠠᠮᠢᠶᠠᠷᠤᠯᠲᠠ ᠵᠢᠨ ᠰᠢᠰᠲ᠋ᠧᠮ᠎ᠤᠨ ᠵᠠᠯᠭ᠋ᠠᠭ᠋ᠠᠰᠤ ᠵᠢᠨ ᠮᠡᠷᠭᠡᠵᠢᠯ᠎ᠤᠨ ᠵᠢᠷᠤᠮᠵᠢᠯ》᠂ 《IPTV ᠮᠡᠷᠭᠡᠵᠢᠯ᠎ᠤᠨ ᠲᠣᠭᠲᠠᠯᠴᠠᠭ᠎ᠠ ᠵᠢᠨ ᠶᠡᠷᠦᠩᠬᠡᠶ ᠱᠠᠭ᠋ᠠᠷᠳᠠᠯᠭ᠎ᠠ》 ᠂ 《IPTV ᠬᠤᠷᠠᠮᠠᠯ ᠨᠡᠪᠲᠡᠷᠡᠭᠦᠯᠭᠡ ᠵᠢᠨ ᠡᠵᠡᠮᠳᠡᠯ᠎ᠤᠨ ᠲᠠᠪᠴᠠᠩ ᠪᠠ ᠳᠠᠮᠵᠢᠭᠤᠯᠬᠤ ᠰᠢᠰᠲ᠋ᠧᠮ᠎ᠤᠨ ᠬᠡᠷᠡᠭᠯᠡᠭᠴᠢ ᠵᠢᠨ ᠬᠤᠤᠰ ᠭᠡᠷᠡᠴᠢᠯᠡᠯ ᠬᠤᠤᠰ ᠰᠦᠢ᠍ᠳᠭᠡᠯ ᠬᠤᠷᠢᠶᠠᠬᠤ ᠵᠠᠯᠭ᠋ᠠᠭ᠋ᠠᠰᠤ ᠵᠢᠨ ᠵᠢᠷᠤᠮᠵᠢᠯ》᠂ 《IPTV ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠤᠨ ᠵᠠᠯᠭ᠋ᠠᠭ᠋ᠠᠰᠤ ᠵᠢᠨ ᠵᠢᠷᠤᠮᠵᠢᠯ》᠂ 《IPTV ᠰᠦᠯᠵᠢᠶᠡᠨ᠎ᠤ ᠳᠠᠭᠤ ᠸᠢᠳᠢᠤ᠋ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠬᠠᠶ᠋ᠢᠯᠲᠠ ᠵᠢᠨ ᠮᠡᠷᠭᠡᠵᠢᠯ᠎ᠤᠨ ᠱᠠᠭ᠋ᠠᠷᠳᠠᠯᠭ᠎ᠠ ᠪᠠ ᠬᠡᠮᠵᠢᠯᠲᠡ ᠵᠢᠨ ᠠᠷᠭ᠎ᠠ》 ᠵᠡᠷᠭᠡ ᠪᠢᠴᠢᠭ ᠮᠠᠲ᠋ᠧᠷᠢᠶᠠᠯ ᠵᠶ᠋ᠠᠷ ᠭᠣᠣᠯ ᠯᠠᠪᠯᠠᠯᠲᠠ ᠪᠣᠯᠭ᠋ᠠᠬᠤ ᠵᠢᠨ ᠬᠠᠮᠲᠤ ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ᠎ᠤᠨ ᠬᠡᠰᠡᠭ ᠠᠭᠤᠯᠭ᠎ᠠ ᠵᠢ ᠵᠢᠷᠤᠮᠵᠢᠭᠤᠯᠤᠨ ᠡᠰᠢᠯᠡᠨ ᠬᠡᠷᠡᠭᠯᠡᠪᠡ᠃ ᠲᠤᠭᠤᠷᠪᠢᠨ ᠪᠢᠴᠢᠬᠦ ᠳᠤᠭᠤᠶ᠋ᠢᠯᠠᠩ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠰᠢᠯᠢᠳᠡᠭ ᠦᠢ᠍ᠯᠡᠳᠦᠯᠭᠡ ᠵᠢᠨ ᠲᠤᠷᠰᠢᠯᠭ᠎ᠠ ᠵᠢ ᠭᠦᠢ᠍ᠴᠡᠳ ᠰᠢᠩᠭᠡᠭᠡᠨ ᠠᠪᠴᠤ᠂ ᠣᠲᠣ ᠵᠢᠨ ᠪᠠᠶ᠋ᠢᠭ᠎ᠠ IPTV ᠵᠢᠨ ᠬᠣᠯᠪᠤᠭᠳᠠᠯ ᠪᠥᠬᠦᠶ ᠲᠣᠭᠲᠠᠭ᠋ᠠᠯ ᠪᠠ ᠪᠠᠷᠢᠮᠵᠢᠶ᠎ᠠ ᠵᠢᠨ ᠰᠤᠳᠤᠯᠭ᠋ᠠᠨ᠎ᠤ ᠦᠷ᠎ᠡ ᠪᠦᠲᠦᠭᠡᠯ᠎ᠳᠤ ᠲᠦᠰᠢᠭᠯᠡᠨ᠂ ᠮᠠᠲ᠋ᠧᠷᠢᠶᠠᠯ ᠴᠤᠭᠯᠠᠭᠤᠯᠬᠤ᠂ ᠶᠠᠷᠢᠯᠴᠠᠬᠤ ᠬᠤᠷᠠᠯ ᠬᠢᠬᠦ᠂ ᠰᠤᠳᠤᠯᠤᠨ ᠶᠠᠷᠢᠯᠴᠠᠬᠤ ᠵᠡᠷᠭᠡ ᠣᠯᠠᠨ ᠵᠦᠢ᠍ᠯ ᠤᠨ ᠬᠡᠯᠪᠡᠷᠢ᠎ᠪᠠᠷ ᠬᠣᠯᠪᠤᠭᠳᠠᠯ ᠪᠥᠬᠦᠶ ᠮᠠᠲ᠋ᠧᠷᠢᠶᠠᠯ᠎ᠢ ᠥᠷᠭᠡᠨ ᠵᠶ᠋ᠠᠷ ᠣᠯᠵᠤ ᠠᠪᠬᠤ ᠵᠢᠨ ᠬᠠᠮᠲᠤ IPTV ᠳᠠᠮᠵᠢᠭᠤᠯᠬᠤ ᠰᠢᠰᠲ᠋ᠧᠮ᠎ᠤᠨ ᠮᠡᠷᠭᠡᠵᠢᠯ᠎ᠤᠨ ᠭᠦᠢ᠍ᠴᠡᠳᠬᠡᠯ ᠲᠤᠭ᠎ᠠ ᠪᠠ ᠦᠨᠡᠯᠡᠨ ᠵᠢᠱ᠌ᠢᠵᠦ ᠬᠡᠮᠵᠢᠬᠦ ᠠᠷᠭ᠎ᠠ ᠵᠢ ᠡᠮᠬᠢᠳᠬᠡᠵᠦ᠂ ᠪᠣᠯᠪᠠᠰᠤᠷᠠᠭᠤᠯᠵᠤ᠂ ᠪᠠᠷᠢᠮᠵᠢᠶ᠎ᠠ ᠵᠢᠨ ᠬᠠᠨᠳᠤᠯᠭ᠋ᠠᠲᠤ ᠴᠢᠨᠠᠷ ᠪᠠ ᠪᠦᠲᠦᠮᠵᠢᠲᠦ ᠴᠢᠨᠠᠷ᠎ᠢ ᠦᠨᠡᠨ ᠬᠦ᠌ ᠪᠠᠲᠤᠯᠠᠪᠠ᠃
4. ᠭᠤᠤᠯ ᠠᠭᠤᠯᠭ᠎ᠠ ᠵᠢᠨ ᠲᠠᠶ᠋ᠢᠯᠤᠮᠵᠢ


