ᠤᠲᠠᠰᠤ ᠦᠭᠡᠢ ᠳᠠᠭᠤᠷᠢᠶᠠᠮᠠᠯ ᠲᠧᠯᠸᠢᠰ᠎ᠤᠨ ᠳᠣᠬᠢᠶ᠎ᠠ ᠵᠢ ᠬᠠᠭ᠋ᠠᠵᠤ ᠵᠣᠭᠰᠣᠭ᠋ᠠᠬᠤ ᠠᠵᠢᠯ᠎ᠤᠨ ᠲᠥᠰᠦᠯ᠎ᠤᠨ ᠲᠠᠶ᠋ᠢᠯᠤᠮᠵᠢ
2020-06-25


ᠰᠢᠢ᠍ᠳᠪᠦᠷᠢᠲᠦ ᠪᠣᠳᠣᠯᠭ᠎ᠠ ᠵᠢᠨ ᠠᠬᠤᠢ ᠪᠠᠶ᠋ᠢᠳᠠᠯ᠂ ᠪᠣᠳᠠᠲᠤ ᠬᠡᠷᠡᠭ᠎ᠤᠨ ᠦᠨᠳᠦᠰᠦᠯᠡᠯ᠂ ᠰᠤᠳᠤᠯᠤᠨ ᠮᠠᠭ᠋ᠠᠳᠯᠠᠭᠰᠠᠨ ᠶᠠᠪᠤᠴᠠ

   ᠣᠶᠤᠨᠴᠢ ᠷᠠᠳᠢᠣ᠋ ᠲᠧᠯᠸᠢᠰ᠎ᠤᠨ ᠵᠠᠭᠤᠴᠢᠯᠠᠭᠤᠷ᠎ᠢ ᠪᠠᠶ᠋ᠢᠭᠤᠯᠬᠤ᠂ 5G ᠵᠢᠨ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠬᠦ ᠲᠤᠬᠠᠶ ᠰᠢ ᠵᠢᠨ ᠫᠢᠩ ᠶᠡᠷᠦᠩᠬᠡᠶ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠵᠢᠨ ᠲᠤᠰᠠᠳᠠ ᠂ ᠷᠠᠳᠢᠣ᠋ ᠲᠧᠯᠸᠢᠰ᠎ᠤᠨ ᠤᠲᠠᠰᠤ ᠥᠬᠡᠶ ᠳᠠᠮᠵᠢᠭᠤᠯᠬᠤ ᠪᠦᠷᠬᠦᠴᠡ ᠵᠢᠨ ᠲᠣᠭ᠋ᠠᠴᠢᠯᠠᠭᠰᠠᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠪᠥᠬᠦ ᠲᠠᠯ᠎ᠠ᠎ᠪᠠᠷ ᠠᠬᠢᠭᠤᠯᠵᠤ᠂ ᠷᠠᠳᠢᠣ᠋ ᠲᠧᠯᠸᠢᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠂ ᠥᠷᠭᠡᠨ ᠣᠯᠠᠨ ᠲᠦᠮᠡᠨ᠎ᠳᠤ ᠨᠠᠩ ᠰᠠᠶ᠋ᠢᠨ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠵᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ 《ᠪᠥᠬᠦ ᠤᠯᠤᠰ᠎ᠤᠨ ᠭᠠᠵᠠᠷ ᠳᠡᠭᠡᠷᠡᠬᠢ ᠲᠣᠭ᠋ᠠᠴᠢᠯᠠᠭᠰᠠᠨ ᠲᠧᠯᠸᠢᠰ ᠷᠠᠳᠢᠣ᠋ ᠨᠡᠪᠲᠡᠷᠡᠭᠦᠯᠭᠡ ᠵᠢᠨ ᠳᠠᠪᠲᠠᠮᠵᠢ ᠵᠢᠨ ᠲᠥᠯᠥᠪᠵᠢᠭᠦᠯᠭᠡ》 ᠪᠠ 《  ᠭᠠᠵᠠᠷ ᠳᠡᠭᠡᠷᠡᠬᠢ  ᠳᠠᠭᠤᠷᠢᠶᠠᠮᠠᠯ  ᠲᠧᠯᠸᠢᠰ᠎ᠢ ᠲᠦᠯᠦᠪᠵᠢᠭᠦᠯᠭᠡ ᠶᠤᠰᠤᠭ᠋ᠠᠷ ᠬᠠᠭ᠋ᠠᠵᠤ ᠵᠤᠭᠰᠤᠭ᠋ᠠᠬᠤ ᠬᠠᠮᠢᠶ᠎ᠠ  ᠪᠥᠬᠦᠶ ᠠᠵᠢᠯ᠎ᠤᠨ ᠲᠣᠬᠢᠷᠠᠭᠤᠯᠤᠯᠲᠠ ᠵᠢᠨ ᠲᠤᠬᠠᠶ  ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠣᠪᠴᠢᠶ᠎ᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠷᠠᠳᠢᠣ᠋ ᠲᠧᠯᠸᠢᠰ᠎ᠤᠨ ᠳᠣᠬᠢᠶ᠎ᠠ ᠵᠢ ᠬᠠᠭ᠋ᠠᠵᠤ ᠵᠣᠭᠰᠣᠭ᠋ᠠᠬᠤ ᠠᠵᠢᠯ᠎ᠤᠨ ᠲᠥᠰᠦᠯ》᠎ᠢ ᠲᠣᠭᠲᠠᠭ᠋ᠠᠵᠤ ᠂ 2020 ᠣᠨ᠎ᠤ 6 ᠳ᠋ᠤᠭ᠋ᠠᠷ ᠰᠠᠷ᠎ᠠ ᠵᠢᠨ 16᠎ᠤ ᠡᠳᠦᠷ ᠪᠥᠬᠦ ᠣᠷᠣᠨ᠎ᠤ ᠡᠯ᠎ᠡ ᠬᠣᠯᠪᠤᠭᠳᠠᠯ ᠪᠥᠬᠦᠶ ᠨᠢᠭᠡᠴᠢ᠎ᠳᠤ ᠳᠠᠷᠤᠮᠠᠯᠯᠠᠨ ᠲᠠᠷᠬᠠᠭ᠋ᠠᠵᠤ ᠵᠣᠬᠢᠶᠠᠨ ᠪᠠᠶ᠋ᠢᠭᠤᠯᠵᠤ ᠬᠡᠷᠡᠭᠵᠢᠭᠦᠯᠪᠡ᠃ ᠥᠷᠭᠡᠨ ᠣᠯᠠᠨ ᠠᠷᠠᠳ ᠲᠦᠮᠡᠨ᠎ᠤ ᠬᠦᠯᠢᠶᠡᠨ ᠠᠪᠴᠤ ᠦᠵᠡᠬᠦ ᠡᠷᠬᠡ ᠠᠰᠢᠭ᠎ᠢ ᠪᠠᠲᠤᠯᠠᠭᠰᠠᠨ ᠤᠷᠢᠲᠠᠯ ᠳᠣᠤᠷ᠎ᠠ᠂ ᠮᠠᠨ᠎ᠤ ᠲᠣᠪᠴᠢᠶ᠎ᠠ ᠪᠥᠬᠦ ᠣᠷᠣᠨ᠎ᠤ ᠡᠯ᠎ᠡ ᠬᠣᠯᠪᠤᠭᠳᠠᠯ ᠪᠦᠬᠦᠢ ᠨᠢᠭᠡᠴᠢ ᠵᠢ ᠨᠠᠷᠢᠨ ᠬᠢᠨᠠᠮᠠᠭ᠋ᠠᠶ ᠵᠣᠬᠢᠶᠠᠨ ᠪᠠᠶ᠋ᠢᠭᠤᠯᠤᠨ ᠳᠠᠭᠤᠷᠢᠶᠠᠮᠠᠯ ᠲᠧᠯᠸᠢᠰ᠎ᠢ ᠬᠠᠭ᠋ᠠᠵᠤ ᠵᠣᠭᠰᠣᠭ᠋ᠠᠬᠤ ᠠᠵᠢᠯ᠎ᠢ ᠬᠡᠷᠡᠭᠵᠢᠭᠦᠯᠪᠡ᠃ 9 ᠳ᠋ᠦ᠍ᠭᠡᠷ ᠰᠠᠷ᠎ᠠ ᠵᠢᠨ 30᠎ᠤ ᠡᠳᠦᠷ ᠪᠣᠯᠲᠠᠯ᠎ᠠ᠂ ᠮᠠᠨ᠎ᠤ ᠣᠷᠣᠨ ᠪᠥᠬᠦ ᠳᠠᠭᠤᠷᠢᠶᠠᠮᠠᠯ ᠲᠧᠯᠸᠢᠰ᠎ᠤᠨ ᠫᠷᠤᠭ᠌ᠷᠠᠮ᠎ᠢ ᠬᠠᠭ᠋ᠠᠵᠤ᠂ ᠳᠠᠭᠤᠷᠢᠶᠠᠮᠠᠯ ᠲᠧᠯᠸᠢᠰ᠎ᠢ ᠬᠠᠭ᠋ᠠᠵᠤ ᠵᠣᠭᠰᠣᠭ᠋ᠠᠬᠤ ᠠᠵᠢᠯ ᠤᠷᠤᠭᠰᠢᠲᠠᠶ ᠶᠠᠪᠤᠭᠳᠠᠪᠠ᠃

  

ᠬᠣᠯᠪᠤᠭᠳᠠᠯ ᠪᠥᠬᠦᠶ ᠲᠥᠷᠥ ᠵᠢᠨ ᠪᠣᠳᠣᠯᠭ᠎ᠠ ᠵᠢᠨ ᠴᠢᠨᠠᠷᠲᠠᠶ ᠪᠢᠴᠢᠭ ᠮᠠᠲ᠋ᠧᠷᠢᠶᠠᠯ᠄ 《ᠤᠲᠠᠰᠤ ᠦᠭᠡᠢ ᠳᠠᠭᠤᠷᠢᠶᠠᠮᠠᠯ ᠲᠧᠯᠸᠢᠰ᠎ᠤᠨ ᠫᠷᠤᠭ᠌ᠷᠠᠮ᠎ᠤᠨ ᠳᠣᠬᠢᠶ᠎ᠠ ᠵᠢ ᠬᠠᠭ᠋ᠠᠵᠤ ᠵᠣᠭᠰᠣᠭ᠋ᠠᠬᠤ ᠠᠵᠢᠯ᠎ᠤᠨ ᠲᠥᠰᠦᠯ》᠎ᠢ ᠬᠡᠷᠡᠭᠵᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠵᠠᠷᠯᠠᠯ (ᠭᠠᠷᠴᠠᠭ᠎ᠢ ᠲᠣᠪᠴᠢᠳᠠᠵᠤ ᠤᠷᠤᠭ᠋ᠠᠷᠠᠢ)


微信图片_20240411094743.png(6).png

微信图片_20240411094752.png(6).png

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ