8 ᠳ᠋ᠤᠭ᠋ᠠᠷ ᠰᠠᠷ᠎ᠠ᠎ᠠᠴᠠ ᠡᠬᠢᠯᠡᠨ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦᠨ᠎ᠤ ᠬᠤᠪᠢ ᠬᠥᠮᠦᠨ᠎ᠤ ᠭᠡᠷᠡᠴᠢᠯᠡᠬᠦ ᠵᠦᠢ᠍ᠯᠡᠰ᠎ᠢ 《ᠺᠣᠳ᠋ ᠵᠶ᠋ᠠᠨ ᠦᠵᠡᠭᠦᠯᠦᠭᠰᠡᠭᠡᠷ ᠭᠦᠢ᠍ᠴᠡᠳᠬᠡᠵᠦ ᠪᠣᠯᠬᠤ》 ᠵᠢ ᠪᠥᠬᠦ ᠲᠠᠯ᠎ᠠ᠎ᠪᠠᠷ ᠬᠡᠷᠡᠭᠵᠢᠭᠦᠯᠪᠡ
2024-08-07

      《ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦᠨ᠎ᠤ ᠬᠤᠪᠢ ᠬᠥᠮᠥᠨ᠎ᠤ ᠭᠡᠷᠡᠴᠢᠯᠡᠬᠦ ᠵᠦᠢ᠍ᠯᠡᠰ᠎ᠢ ᠨᠡᠶ᠋ᠢᠳᠬᠡᠵᠦ 〈ᠺᠣᠳ᠋ ᠵᠶ᠋ᠠᠨ ᠦᠵᠡᠭᠦᠯᠦᠭᠰᠡᠭᠡᠷ ᠭᠦᠢ᠍ᠴᠡᠳᠬᠡᠵᠦ ᠪᠣᠯᠬᠤ〉 ᠠᠵᠢᠯ᠎ᠢ ᠠᠬᠢᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》᠎ᠳᠤ᠂ ᠪᠥᠬᠦ ᠤᠯᠤᠰ᠎ᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦᠨ᠎ᠤ ᠵᠢᠵᠢᠭ ᠫᠷᠣᠭ᠌ᠷᠠᠮ ᠪᠠ ᠪᠥᠬᠦ ᠤᠯᠤᠰ᠎ᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦᠨ᠎ᠤ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠲᠤᠰᠢᠶᠠᠨ ᠬᠠᠳᠠᠭ᠋ᠠᠯᠠᠭᠴᠢ᠎ᠨᠢ ᠠᠵᠢᠯᠲᠠᠨ ᠠᠵᠢᠯᠴᠢᠨ᠎ᠤ ᠲᠤᠰᠢᠶᠠᠨ ᠬᠠᠳᠠᠭ᠋ᠠᠯᠠᠭᠰᠠᠨ ᠭᠡᠷᠡᠴᠢ᠂ ᠣᠨᠳᠣᠤ ᠭᠠᠵᠠᠷ᠎ᠲᠤ ᠵᠢᠭᠡᠯᠡᠯᠭᠡ ᠲᠤᠰᠢᠶᠠᠨ ᠬᠠᠳᠠᠭ᠋ᠠᠯᠠᠭᠰᠠᠨ ᠭᠡᠷᠡᠴᠢ ᠪᠠ ᠵᠢᠭᠡᠯᠡᠯᠭᠡ ᠵᠢ ᠪᠣᠳᠣᠵᠤ ᠳᠠᠭᠤᠰᠬᠠᠭᠰᠠᠨ ᠭᠡᠷᠡᠴᠢ ᠵᠡᠷᠭᠡ ᠬᠤᠪᠢ ᠬᠥᠮᠦᠨ᠎ᠤ ᠭᠡᠷᠡᠴᠢ ᠵᠢ ᠭᠤᠶᠤᠴᠢᠯᠠᠵᠤ ᠠᠪᠬᠤ ᠦᠶ᠎ᠡ᠎ᠳᠤ᠂ ᠬᠤᠪᠢ ᠬᠥᠮᠥᠨ᠎ᠳᠤ᠎ᠨᠢ ᠴᠠᠭ ᠲᠤᠬᠠᠶ᠎ᠳᠤ᠎ᠨᠢ ᠰᠦᠯᠵᠢᠶ᠎ᠡ᠎ᠪᠠᠷ ᠭᠠᠷᠭ᠋ᠠᠵᠤ ᠥᠭᠬᠦ᠂ ᠠᠷᠤ ᠲᠠᠪᠴᠠᠩ᠎ᠳᠤ ᠠᠦ᠋ᠲ᠋ᠣ᠋ ᠪᠠᠶ᠋ᠢᠴᠠᠭ᠋ᠠᠨ ᠰᠢᠯᠭ᠋ᠠᠬᠤ ᠵᠡᠷᠭᠡ ᠦᠢ᠍ᠯᠡᠴᠢᠯᠡᠭᠡ ᠬᠠᠩᠭ᠋ᠠᠵᠤ ᠪᠠᠶ᠋ᠢᠵᠠᠢ᠂ ᠣᠳᠣ ᠨᠢᠭᠡᠳᠦᠯᠲᠡᠶ 《ᠡᠯᠧᠺᠳ᠋ᠷᠣᠨ ᠺᠣᠳ᠋》 ᠵᠶ᠋ᠠᠷ ᠤᠤᠯ᠎ᠤᠨ 3 ᠵᠦᠢ᠍ᠯ᠎ᠤᠨ ᠴᠠᠭ᠋ᠠᠰᠤᠨ ᠭᠡᠷᠡᠴᠢ ᠵᠢ ᠣᠷᠣᠯᠠᠭᠤᠯᠵᠤ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦᠨ᠎ᠤ ᠬᠤᠪᠢ ᠬᠥᠮᠦᠨ᠎ᠤ ᠭᠡᠷᠡᠴᠢᠯᠡᠬᠦ ᠵᠦᠢ᠍ᠯᠡᠰ᠎ᠢ 《ᠺᠣᠳ᠋ ᠵᠶ᠋ᠠᠨ ᠦᠵᠡᠭᠦᠯᠦᠭᠰᠡᠭᠡᠷ ᠭᠦᠢ᠍ᠴᠡᠳᠬᠡᠵᠦ ᠪᠣᠯᠬᠤ》 ᠵᠢ ᠪᠡᠶᠡᠯᠡᠭᠦᠯᠦᠨ᠎ᠡ ᠭᠡᠵᠦ ᠳᠤᠷᠠᠳᠪᠠ᠃ 2024 ᠣᠨ᠎ᠤ 8 ᠳ᠋ᠤᠭ᠋ᠠᠷ ᠰᠠᠷ᠎ᠠ᠎ᠠᠴᠠ ᠡᠬᠢᠯᠡᠨ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦᠨ᠎ᠤ ᠬᠤᠪᠢ ᠬᠥᠮᠦᠨ᠎ᠤ ᠭᠡᠷᠡᠴᠢᠯᠡᠬᠦ ᠵᠦᠢ᠍ᠯᠡᠰ᠎ᠢ 《ᠺᠣᠳ᠋ ᠵᠶ᠋ᠠᠨ ᠦᠵᠡᠭᠦᠯᠦᠭᠰᠡᠭᠡᠷ ᠭᠦᠢ᠍ᠴᠡᠳᠬᠡᠵᠦ ᠪᠣᠯᠬᠤ》 ᠵᠢ ᠪᠥᠬᠦ ᠲᠠᠯ᠎ᠠ᠎ᠪᠠᠷ ᠬᠡᠷᠡᠭᠵᠢᠭᠦᠯᠪᠡ᠃
      ᠺᠣᠳ᠋᠎ᠢ ᠰᠢᠷᠪᠢᠵᠦ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠡᠷᠡᠭᠯᠡᠭᠴᠢ ᠵᠢᠨ ᠵᠢᠵᠢᠭ ᠫᠷᠣᠭ᠌ᠷᠠᠮ᠎ᠳᠤ ᠣᠷᠣᠭ᠋ᠠᠷᠠᠢ
    【ᠪᠦᠬᠦ ᠤᠯᠤᠰ᠎ᠤᠨ ᠤᠷᠤᠨ ᠰᠠᠭᠤᠴᠠ ᠵᠢᠨ ᠨᠡᠶ᠋ᠢᠳᠡ ᠵᠢᠨ ᠬᠤᠷᠠᠮᠳᠤᠯᠭ᠎ᠠ ᠵᠢᠨ ᠮᠦᠩᠭᠦ 】 ᠵᠢᠨ ᠦᠢ᠍ᠯᠡᠴᠢᠯᠡᠭᠡ

 

1.jpg

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ