ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠠᠵᠢᠯᠯᠠᠭ᠎ᠠ ᠵᠢ ᠬᠡᠷᠬᠢᠨ ᠬᠡᠷᠡᠭᠵᠢᠭᠦᠯᠬᠦ ᠪᠣᠶ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ · ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ)
2024-04-22

      ᠲᠠᠷᠢᠶᠠᠴᠢᠳ᠎ᠤᠨ ᠣᠷᠣᠯᠭ᠎ᠠ ᠵᠢ ᠬᠡᠷᠬᠢᠨ ᠦᠷᠭᠦᠯᠵᠢᠯᠡᠨ ᠨᠡᠮᠡᠭᠳᠡᠭᠦᠯᠬᠦ ᠪᠤᠢ ?  ᠡᠨᠡ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠲᠠᠷᠢᠶᠠᠴᠢᠳ᠎ᠤᠨ ᠣᠷᠣᠯᠭ᠎ᠠ ᠵᠢ  ᠨᠡᠮᠡᠭᠳᠡᠭᠦᠯᠬᠦ ᠠᠷᠭ᠎ᠠ  ᠪᠠᠷᠢᠯ᠎ᠢ  ᠴᠢᠩᠭ᠋ᠠᠳᠬᠠᠬᠤ ᠶᠠᠪᠤᠳᠠᠯ᠎ᠢ  ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠲᠠᠷᠢᠶᠠᠴᠢᠳ᠎ᠤᠨ ᠣᠷᠣᠯᠭ᠎ᠠ ᠵᠢ  ᠨᠡᠮᠡᠭᠳᠡᠭᠦᠯᠬᠦ ᠵᠢ  ᠠᠬᠢᠭᠤᠯᠬᠤ ᠠᠵᠢᠯᠯᠠᠭ᠎ᠠ  ᠦᠷᠨᠢᠭᠦᠯᠬᠦ ᠵᠢ ᠳᠤᠷᠠᠳᠪᠠ᠃
      ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠲᠥᠷᠥ ᠵᠢᠨ ᠪᠣᠳᠣᠯᠭ᠎ᠠ ᠬᠢᠭᠡᠳ ᠥᠭᠡᠷᠡᠴᠢᠯᠡᠯᠲᠡ ᠵᠢᠨ ᠵᠤᠷᠭ᠋ᠠᠨ᠎ᠤ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠵᠣᠣ ᠴᠠᠩ ᠪᠦᠦ ᠲᠠᠨᠢᠯᠴᠠᠭᠤᠯᠬᠤ᠎ᠳᠤ᠎ᠪᠠᠨ ᠂ ᠲᠠᠷᠢᠶᠠᠯᠠᠩ ᠬᠥᠳᠡᠭᠡ ᠲᠣᠰᠬᠤᠨ᠎ᠤ ᠶᠠᠮᠤᠨ 《  ᠲᠠᠷᠢᠶᠠᠯᠠᠩ  ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠲᠤᠬᠠᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ  ᠲᠤᠭᠤᠰᠢᠯᠠᠭᠤᠯᠤᠨ  ᠨᠠᠶ᠋ᠢᠳᠠᠪᠤᠷᠢᠵᠢᠭᠤᠯᠵᠤ᠂ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ᠎ᠳᠤ᠎ᠪᠠᠨ  ᠰᠠᠭᠤᠷᠢᠯᠠᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠭᠤᠣᠯᠳᠠᠭᠤ 4 ᠲᠠᠯ᠎ᠠ᠎ᠪᠠᠷ ᠥᠷᠭᠡᠳᠬᠡᠨ᠎ᠡ ᠭᠡᠵᠡᠢ᠃
      ᠬᠥᠳᠡᠭᠡ ᠲᠣᠰᠬᠤᠨ᠎ᠤ ᠠᠵᠤ ᠦᠢ᠍ᠯᠡᠰ᠎ᠤᠨ ᠬᠠᠷᠢᠴᠠᠭᠤᠯᠤᠭᠰᠠᠨ ᠦᠷ᠎ᠡ ᠠᠰᠢᠭ᠎ᠢ  ᠳᠡᠭᠡᠭᠰᠢᠯᠡᠭᠦᠯᠦᠨ᠎ᠡ᠃  ᠲᠠᠷᠢᠶᠠᠯᠠᠩ᠎ᠤᠨ ᠳᠡᠮᠵᠢᠯᠭᠡ ᠬᠠᠮᠠᠭ᠋ᠠᠯᠠᠯᠲᠠ ᠵᠢᠨ ᠳᠦᠷᠢᠮ᠎ᠢ  ᠠᠬᠢᠭᠤᠯᠤᠨ ᠲᠡᠭᠦᠯᠳᠡᠷᠵᠢᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠵᠢ  ᠪᠦᠷᠢᠨᠰᠢᠭᠦᠯᠦᠨ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠪᠠᠯ ᠵᠣᠭᠤᠰ ᠣᠯᠵᠤ ᠂ ᠢᠯᠡᠭᠦᠦ ᠠᠰᠢᠭ ᠣᠯᠬᠤ ᠵᠢ ᠦᠨᠡᠨ ᠬᠦ᠌ ᠪᠠᠲᠤᠯᠠᠨ᠎ᠠ ᠃ ᠬᠥᠳᠡᠭᠡ ᠲᠣᠰᠬᠤᠨ᠎ᠤ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ ᠂  ᠲᠠᠷᠢᠶᠠᠴᠢᠳ᠎ᠲᠠᠢ ᠬᠤᠯᠪᠣᠭ᠋ᠠᠯᠠᠵᠤ  ᠲᠠᠷᠢᠶᠠᠴᠢᠳ᠎ᠢ ᠲᠠᠶ᠋ᠢᠴᠢᠯᠠᠨ  ᠲᠠᠷᠢᠶᠠᠴᠢᠳ᠎ᠲᠤ  ᠠᠰᠢᠭ ᠬᠦᠷᠲᠡᠭᠡᠬᠦ ᠲᠣᠭᠲᠠᠴᠠ ᠵᠢ ᠲᠡᠭᠦᠯᠳᠡᠷᠵᠢᠭᠦᠯᠵᠦ ᠂ ᠠᠵᠤ ᠦᠢ᠍ᠯᠡᠰ᠎ᠤᠨ ᠦᠷᠳᠡᠭ ᠨᠡᠮᠡᠭᠳᠡᠯ᠎ᠤᠨ ᠠᠰᠢᠭ ᠣᠷᠣᠯᠭ᠎ᠠ ᠵᠢ ᠬᠥᠳᠡᠭᠡ ᠲᠣᠰᠬᠤᠨ ᠂ ᠲᠠᠷᠢᠶᠠᠴᠢᠳ᠎ᠲᠤ  ᠨᠡᠩ  ᠢᠯᠡᠭᠦᠦ  ᠦᠯᠡᠳᠡᠭᠡᠨ᠎ᠡ᠃
      ᠬᠥᠳᠡᠭᠡ ᠲᠣᠰᠬᠤᠨ᠎ᠤ ᠬᠥᠳᠡᠯᠮᠦᠷᠢ ᠬᠦᠴᠦᠨ᠎ᠤ ᠴᠢᠨᠠᠷ ᠰᠠᠶ᠋ᠢᠲᠠᠢ ᠠᠵᠢᠯ  ᠣᠯᠭᠤᠯᠲᠠ ᠵᠢ ᠠᠬᠢᠭᠤᠯᠤᠨ᠎ᠠ᠃  ᠠᠵᠢᠯ ᠣᠯᠭᠤᠯᠲᠠ ᠵᠢᠨ ᠪᠠᠭᠲᠠᠭ᠋ᠠᠮᠵᠢ᠎ᠪᠠᠷ  ᠶᠡᠭᠡ  ᠰᠢᠶᠠᠨ᠎ᠤ ᠬᠡᠪᠴᠢᠶᠡᠨ᠎ᠤ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ ᠂ ᠲᠠᠷᠢᠶᠠᠴᠢᠳ᠎ᠲᠤ ᠨᠡᠩ ᠤᠯᠠᠨ ᠳᠡᠷᠭᠡᠳᠡᠬᠢ ᠠᠵᠢᠯ᠎ᠤᠨ  ᠵᠠᠪᠰᠢᠶᠠᠨ  ᠬᠠᠩᠭ᠋ᠠᠨ᠎ᠠ ᠃ ᠥᠨᠳᠥᠷ ᠬᠡᠪ ᠴᠢᠨᠠᠷ ᠪᠦᠬᠦᠢ ᠲᠠᠷᠢᠶᠠᠴᠢᠳ᠎ᠢ ᠬᠥᠮᠥᠵᠢᠭᠦᠯᠬᠦ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠵᠦ ᠂ ᠬᠥᠳᠡᠭᠡ ᠲᠣᠰᠬᠤᠨ᠎ᠤ ᠦᠢ᠍ᠯᠡᠰ  ᠪᠤᠰᠬᠠᠬᠤ ᠵᠢ ᠳᠡᠮᠵᠢᠵᠦ ᠂ ᠲᠠᠷᠢᠶᠠᠴᠢᠳ᠎ᠤᠨ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ ᠃
      ᠤᠳᠤ ᠦᠶ᠎ᠡ ᠵᠢᠨ ᠬᠥᠳᠡᠭᠡ ᠲᠣᠰᠬᠤᠨ᠎ᠤ ᠥᠮᠴᠢᠯᠡᠯ᠎ᠤᠨ ᠡᠷᠬᠡ ᠵᠢᠨ  ᠳᠦᠷᠢᠮ᠎ᠢ ᠲᠡᠭᠦᠯᠳᠡᠷᠵᠢᠭᠦᠯᠦᠨ᠎ᠡ᠃ ᠡᠷᠬᠡ ᠵᠢ  ᠨᠤᠲᠠᠯᠠᠨ ᠲᠣᠭᠲᠠᠭ᠋ᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ ᠂ ᠡᠷᠬᠡ ᠣᠯᠭᠤᠬᠤ ᠵᠢ ᠯᠠᠪᠳᠠᠭᠤᠨ ᠵᠶ᠋ᠠᠷ ᠠᠬᠢᠭᠤᠯᠵᠤ ᠂ ᠡᠷᠬᠡ ᠵᠢ  ᠠᠮᠢᠳᠤᠯᠢᠭᠵᠢᠭᠤᠯᠬᠤ ᠵᠢ  ᠡᠮᠬᠢ ᠵᠢᠷᠤᠮ᠎ᠲᠠᠢ᠎ᠪᠠᠷ ᠪᠡᠶᠡᠯᠡᠭᠦᠯᠵᠦ ᠂ ᠬᠥᠳᠡᠭᠡ ᠲᠣᠰᠬᠤᠨ᠎ᠤ ᠭᠠᠵᠠᠷ ᠰᠢᠷᠣᠢ ᠵᠢᠨ ᠳᠦᠷᠢᠮ ᠪᠠ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠂ ᠬᠥᠳᠡᠭᠡ ᠲᠣᠰᠬᠤᠨ᠎ᠤ ᠰᠢᠨ᠎ᠡ ᠮᠠᠶᠢᠭ᠎ᠤᠨ ᠬᠠᠮᠲᠤ ᠵᠢᠨ ᠠᠵᠤ ᠠᠬᠤᠢ ᠵᠢ ᠬᠥᠭᠵᠢᠭᠦᠯᠵᠦ ᠂ ᠬᠥᠳᠡᠭᠡ ᠲᠣᠰᠬᠤᠨ᠎ᠤ ᠥᠮᠴᠢᠯᠡᠯ᠎ᠤᠨ ᠡᠷᠬᠡ ᠵᠢ ᠰᠢᠯᠵᠢᠭᠦᠯᠦᠨ ᠠᠷᠠᠯᠵᠢᠶᠠᠯᠠᠬᠤ  ᠵᠢᠷᠤᠮᠵᠢᠭᠰᠠᠨ  ᠪᠠᠶ᠋ᠢᠭᠤᠯᠤᠯᠲᠠ ᠵᠢ ᠠᠬᠢᠭᠤᠯᠵᠤ ᠂ ᠲᠠᠷᠢᠶᠠᠴᠢᠳ᠎ᠲᠤ ᠨᠡᠩ ᠭᠦᠢ᠍ᠴᠡᠳ ᠡᠳ᠋ ᠬᠥᠷᠥᠩᠭᠡ ᠵᠢᠨ ᠡᠷᠬᠡ ᠠᠰᠢᠭ ᠣᠯᠭᠤᠨ᠎ᠠ ᠃
      ᠬᠥᠳᠡᠭᠡ ᠲᠣᠰᠬᠤᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢ ᠪᠠᠶ᠋ᠢᠩᠭᠤᠰᠢᠭᠤᠯᠤᠨ ᠬᠠᠪᠰᠤᠷᠤᠨ ᠲᠡᠳᠬᠦᠬᠦ ᠠᠵᠢᠯ᠎ᠢ ᠴᠢᠩᠭ᠋ᠠᠳᠬᠠᠨ᠎ᠠ ᠃ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠥᠳᠡᠯᠦᠩᠭᠦᠢ ᠬᠢᠨᠠᠨ  ᠰᠢᠨᠵᠢᠬᠦ  ᠪᠠ ᠬᠠᠪᠰᠤᠷᠤᠨ ᠲᠡᠳᠬᠦᠬᠦ ᠲᠣᠭᠲᠠᠴᠠ ᠵᠢ ᠰᠠᠶ᠋ᠢᠲᠤᠷ  ᠠᠵᠢᠯᠯᠠᠭᠤᠯᠵᠤ ᠂ ᠬᠢᠨᠠᠨ  ᠰᠢᠨᠵᠢᠯᠲᠡ ᠵᠢ ᠴᠠᠭ ᠲᠤᠬᠠᠢ᠎ᠳᠤ᠎ᠨᠢ  ᠪᠣᠳᠠᠲᠠᠶ᠋ᠢᠵᠢᠭᠤᠯᠵᠤ᠂ ᠬᠠᠪᠰᠤᠷᠤᠨ ᠲᠡᠳᠬᠦᠬᠦ ᠵᠢ ᠨᠠᠷᠢᠯᠢᠭ ᠣᠨᠣᠴᠠᠲᠠᠢ ᠪᠣᠳᠠᠲᠠᠶ᠋ᠢᠵᠢᠭᠤᠯᠤᠨ᠎ᠠ᠃ ᠬᠠᠪᠰᠤᠷᠤᠨ ᠲᠡᠳᠬᠦᠬᠦ ᠠᠵᠤ ᠦᠢ᠍ᠯᠡᠰ᠎ᠤᠨ ᠬᠥᠭᠵᠢᠯᠲᠡ ᠵᠢ ᠲᠦᠷᠦᠯ ᠬᠤᠪᠢᠶᠠᠨ ᠠᠬᠢᠭᠤᠯᠵᠤ ᠂ ᠲᠠᠬᠢᠨ ᠶᠠᠳᠠᠭᠤᠷᠠᠬᠤ ᠵᠢ  ᠰᠡᠷᠭᠡᠶ᠋ᠢᠯᠡᠬᠦ  ᠠᠵᠢᠯ ᠣᠯᠭᠤᠯᠲᠠ ᠵᠢᠨ  ᠰᠢᠪᠲᠤᠯᠤᠯᠲᠠ ᠵᠢᠨ  ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠎ᠤ ᠣᠷᠣᠯᠭ᠎ᠠ ᠵᠢ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠭᠦᠯᠬᠦ᠎ᠳᠤ ᠬᠦᠴᠦᠨ ᠨᠡᠮᠡᠷᠢᠯᠡᠨ᠎ᠡ ᠃ ᠡᠯ᠎ᠡ ᠲᠥᠷᠥᠯ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠶ᠋ᠢᠷᠢ᠂ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠎ᠢ ᠰᠠᠶ᠋ᠢᠲᠤᠷ  ᠠᠰᠢᠭᠯᠠᠵᠤ ᠂ ᠠᠵᠢᠯ ᠣᠯᠭᠤᠬᠤ᠎ᠪᠠᠷ  ᠲᠡᠳᠬᠦᠬᠦ ᠵᠢ ᠣᠷᠣᠯᠠᠭᠤᠯᠬᠤ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠬᠡᠪᠴᠢᠶᠡᠲᠦ ᠴᠢᠨᠠᠷᠲᠠᠢ ᠳᠠᠬᠢᠨ ᠶᠠᠳᠠᠭᠤᠷᠠᠬᠤ ᠵᠢᠨ  ᠬᠤᠷᠢᠭ᠎ᠠ  ᠱᠤᠭᠤᠮ᠎ᠢ ᠡᠷᠡᠰ ᠰᠠᠬᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠬᠥᠳᠡᠭᠡ ᠲᠣᠰᠬᠤᠨ᠎ᠤ ᠣᠷᠣᠯᠭ᠎ᠠ ᠪᠠᠭ᠋ᠠᠲᠠᠢ ᠬᠥᠮᠥᠨ ᠠᠮᠠ  ᠪᠠ  ᠬᠥᠭᠵᠢᠭᠡᠳᠦᠢ ᠭᠠᠵᠠᠷ ᠣᠷᠣᠨ᠎ᠤ  ᠪᠠᠶ᠋ᠢᠩᠭᠤᠰᠢᠭᠤᠯᠤᠨ  ᠬᠠᠪᠰᠤᠷᠤᠨ ᠲᠡᠳᠬᠦᠬᠦ ᠲᠣᠭᠲᠠᠴᠠ ᠵᠢ ᠰᠤᠳᠤᠯᠤᠨ ᠰᠦᠪᠡᠭᠴᠢᠯᠡᠵᠦ ᠂ ᠲᠡᠭᠦᠨ᠎ᠤ ᠳᠣᠲᠣᠭ᠋ᠠᠳᠤ ᠵᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠴᠢᠩᠭ᠋ᠠᠷᠠᠭᠤᠯᠤᠨ᠎ᠠ ᠃
      《ᠲᠠᠷᠢᠶᠠᠴᠢᠳ᠎ᠤᠨ ᠣᠷᠣᠯᠭ᠎ᠠ ᠵᠢ  ᠨᠡᠮᠡᠭᠳᠡᠭᠦᠯᠬᠦ ᠪᠣᠯ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ᠎ᠤ ᠠᠵᠢᠯ᠎ᠤᠨ ᠭᠤᠣᠯ ᠡᠭᠦᠷᠭᠡ ᠮᠥᠨ ᠪᠣᠯᠬᠤᠷ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ  ᠵᠡᠷᠭᠡ᠎ᠪᠠᠷ ᠬᠡᠷᠡᠭᠯᠡᠵᠦ᠂ ᠵᠣᠬᠢᠴᠠᠯᠳᠤᠭᠤᠯᠤᠨ ᠠᠬᠢᠭᠤᠯᠬᠤ ᠬᠡᠷᠡᠭᠲᠡᠢ᠂ ᠠᠵᠤ ᠦᠢ᠍ᠯᠡᠰ ᠵᠶ᠋ᠠᠷ  ᠳᠠᠶ᠋ᠢᠴᠢᠯᠠᠬᠤ᠂ ᠠᠵᠢᠯ ᠣᠯᠭᠤᠯᠲᠠ᠎ᠪᠠᠷ ᠳᠠᠶ᠋ᠢᠴᠢᠯᠠᠬᠤ᠂ ᠥᠭᠡᠷᠡᠴᠢᠯᠡᠯᠲᠡ᠎ᠪᠠᠷ ᠠᠬᠢᠭᠤᠯᠬᠤ᠎ᠪᠠᠷ ᠳᠠᠮᠵᠢᠭᠤᠯᠤᠨ ᠲᠠᠷᠢᠶᠠᠴᠢᠳ᠎ᠤᠨ ᠣᠷᠣᠯᠭ᠎ᠠ ᠵᠢ  ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ᠎ᠢ  ᠲᠠᠰᠤᠷᠠᠯᠲᠠ ᠦᠭᠡᠢ ᠥᠷᠭᠡᠳᠬᠡᠵᠦ᠂ ᠥᠭᠡᠷᠡᠴᠢᠯᠡᠯᠲᠡ ᠬᠥᠭᠵᠢᠯᠲᠡ ᠵᠢᠨ  ᠦᠷ᠎ᠡ ᠪᠦᠲᠦᠭᠡᠯ᠎ᠢ  ᠥᠷᠭᠡᠨ ᠣᠯᠠᠨ ᠲᠠᠷᠢᠶᠠᠴᠢᠳ᠎ᠲᠤ  ᠬᠥᠷᠲᠡᠭᠡᠬᠦ  ᠬᠡᠷᠡᠭᠲᠡᠢ᠃》 ᠭᠡᠵᠦ ᠵᠤᠤ ᠴᠠᠩ ᠪᠦᠦ ᠬᠡᠯᠡᠪᠡ ᠃

 

ᠢᠷᠡᠯᠲᠡ᠄