ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠠᠴᠠ 《ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠷᠭ᠎ᠠ》 ᠵᠢᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
2025-05-28

      ᠣᠶ᠋ᠢᠷ᠎ᠠ᠎ᠳᠤ᠂  ᠳᠣᠲᠣᠭ᠋ᠠᠳᠤ ᠵᠢ ᠬᠠᠮᠠᠭ᠋ᠠᠯᠠᠬᠤ  ᠶᠠᠮᠤᠨ ᠂  ᠤᠯᠤᠰ ᠎ᠤᠨ  ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ᠂ ᠠᠷᠠᠳ᠎ᠤᠨ ᠶᠠᠪᠤᠳᠠᠯ᠎ᠤᠨ        ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠡᠷᠭᠡ ᠵᠢᠷᠭᠤᠭ᠋ᠠᠨ ᠰᠠᠯᠠᠭ᠎ᠠ  ᠮᠥᠴᠢᠷ ᠬᠠᠮᠲᠤᠷᠠᠨ 《  ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ ᠨᠡᠶ᠋ᠢᠲᠡ ᠵᠢᠨ  ᠦᠢ᠍ᠯᠡᠴᠢᠯᠡᠭᠡᠨ᠎ᠤ  ᠬᠠᠮᠢᠶᠠᠷᠤᠯᠲᠠ ᠵᠢᠨ  ᠠᠷᠭ᠎ᠠ 》 (ᠳᠣᠷᠣᠭᠰᠢ 《ᠬᠠᠮᠢᠶᠠᠷᠤᠯᠲᠠ ᠵᠢᠨ ᠠᠷᠭ᠎ᠠ》  ᠭᠡᠵᠦ ᠲᠣᠪᠴᠢᠯᠠᠨ᠎ᠠ) ᠵᠢ ᠨᠡᠶ᠋ᠢᠲᠡᠯᠡᠵᠦ᠂ 2025 ᠣᠨ᠎ᠤ 7 ᠳ᠋ᠤᠭ᠋ᠠᠷ  ᠰᠠᠷ᠎ᠠ ᠵᠢᠨ       15᠎ᠤ  ᠡᠳᠦᠷ᠎ᠠᠴᠠ  ᠡᠬᠢᠯᠡᠵᠦ  ᠬᠡᠷᠡᠭᠵᠢᠭᠦᠯᠦᠨ᠎ᠡ᠃ ᠳᠣᠲᠣᠭ᠋ᠠᠳᠤ ᠵᠢ ᠬᠠᠮᠠᠭ᠋ᠠᠯᠠᠬᠤ  ᠶᠠᠮᠤᠨ᠎ᠤ  ᠬᠤᠯᠪᠣᠭᠳᠠᠯ  ᠪᠦᠬᠦᠢ  ᠰᠠᠯᠠᠭ᠎ᠠ  ᠮᠥᠴᠢᠷ᠎ᠤᠨ  ᠬᠠᠷᠢᠭᠤᠴᠠᠯᠭ᠋ᠠᠲᠠᠨ 《ᠬᠠᠮᠢᠶᠠᠷᠤᠯᠲᠠ  ᠵᠢᠨ  ᠠᠷᠭ᠎ᠠ 》  ᠵᠢᠨ  ᠬᠤᠯᠪᠣᠭᠳᠠᠯ  ᠪᠦᠬᠦᠢ  ᠠᠰᠠᠭᠤᠳᠠᠯ ᠎ᠤᠨ  ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

      ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠭᠰᠡᠨ ᠠᠬᠤᠶ ᠪᠠᠶ᠋ᠢᠳᠠᠯ᠎ᠢ ᠲᠥᠬᠦᠮ ᠲᠠᠨᠢᠯᠴᠠᠭᠤᠯᠤᠭ᠋ᠠᠳ ᠥᠭᠭᠦᠨ᠎ᠡ ᠦᠦ?

      ᠬᠠᠷᠢᠭᠤᠯᠲᠠ᠄ ᠢᠨᠲ᠋ᠧᠷ ᠰᠦᠯᠵᠢᠶᠡᠨ᠎ᠤ ᠲᠦᠭᠡᠮᠡᠯᠵᠢᠯᠲᠡ ᠪᠠ ᠲᠣᠭ᠋ᠠᠴᠢᠯᠠᠭᠰᠠᠨ ᠠᠵᠤ ᠠᠬᠤᠢ ᠵᠢᠨ ᠥᠷᠨᠢᠩᠭᠦᠢ ᠬᠥᠭᠵᠢᠯᠲᠡ ᠵᠢ ᠳᠠᠭ᠋ᠠᠯᠳᠤᠨ᠂ ᠢᠨᠲ᠋ᠧᠷ ᠰᠦᠯᠵᠢᠶ᠎ᠡ᠎ᠨᠢ ᠨᠡᠶ᠋ᠢᠭᠡᠮ᠎ᠤᠨ ᠡᠯ᠎ᠡ ᠲᠠᠯ᠎ᠠ᠎ᠳᠤ ᠪᠦᠬᠦ ᠲᠠᠯ᠎ᠠ᠎ᠪᠠᠷ ᠠᠭᠤᠰᠤᠯᠴᠠᠵᠤ᠂ ᠮᠠᠨ᠎ᠤ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠪᠠ ᠨᠡᠶ᠋ᠢᠭᠡᠮ᠎ᠤᠨ ᠵᠠᠰᠠᠯᠲᠠ ᠵᠢᠨ ᠠᠷᠭ᠎ᠠ ᠮᠠᠶᠢᠭ᠎ᠲᠤ ᠬᠦᠨᠵᠡᠭᠡᠢ  ᠬᠤᠪᠢᠰᠤᠯᠲᠠ ᠭᠠᠷᠭ᠋ᠠᠬᠤ ᠪᠤᠯᠤᠨ᠎ᠠ ᠃ ᠡᠭᠦᠨ᠎ᠤ  ᠵᠡᠷᠭᠡ᠎ᠪᠠᠷ ᠂  ᠰᠦᠯᠵᠢᠶᠡᠨ᠎ᠤ ᠣᠷᠣᠨ ᠵᠠᠶ᠎ᠳᠤ ᠬᠤᠪᠢ ᠬᠥᠮᠦᠨ᠎ᠤ ᠪᠡᠶ᠎ᠡ ᠭᠠᠷᠤᠯ᠎ᠢ ᠪᠦᠲᠦᠮᠵᠢᠲᠡᠶ᠎ᠪᠠᠷ  ᠢᠯᠭ᠋ᠠᠨ ᠲᠠᠨᠢᠬᠤ ᠵᠢᠨ ᠲᠥᠯᠥᠭᠡ᠂ ᠬᠤᠪᠢ ᠬᠥᠮᠦᠨ᠎ᠤ ᠦᠨᠡᠨ ᠪᠣᠳᠠᠲᠠᠶ ᠪᠡᠶ᠎ᠡ ᠬᠡᠮ᠎ᠤᠨ ᠮᠡᠳᠡᠭᠡ ᠵᠠᠩᠭᠢ ᠵᠢᠨ ᠭᠡᠷᠡᠴᠢᠯᠡᠯ᠎ᠤᠨ ᠦᠢ᠍ᠯᠡᠴᠢᠯᠡᠭᠡᠨ᠎ᠤ ᠬᠡᠷᠡᠭᠴᠡᠭᠡ  ᠱᠠᠭ᠋ᠠᠷᠳᠠᠯᠭ᠎ᠠ᠎ᠳᠤ ᠰᠠᠭᠤᠷᠢᠯᠠᠨ ᠳᠡᠯᠪᠡᠷᠡᠯᠲᠡ ᠵᠢᠨ ᠮᠠᠶᠢᠭ ᠵᠶ᠋ᠠᠷ ᠨᠡᠮᠡᠭᠳᠡᠵᠦ ᠂ ᠬᠡᠰᠡᠭ  ᠲᠠᠯ᠎ᠠ᠎ᠪᠠᠷ  ᠰᠦᠯᠵᠢᠶᠡᠨ᠎ᠤ  ᠣᠷᠣᠨ  ᠵᠠᠶ ᠵᠢᠨ  ᠲᠤᠬᠠᠶ᠋ᠢᠯᠠᠭᠰᠠᠨ  ᠠᠵᠢᠯ ᠵᠶ᠋ᠠᠨ  ᠭᠦᠢ᠍ᠴᠡᠳᠬᠡᠬᠦ ᠢᠲᠡᠭᠡᠮᠵᠢ ᠵᠢᠨ ᠰᠠᠭᠤᠷᠢ ᠵᠢ ᠬᠠᠩᠭ᠋ᠠᠭᠰᠠᠨ ᠪᠣᠯᠪᠠᠴᠤ ᠪᠠᠰᠠ ᠰᠢᠨ᠎ᠡ ᠠᠰᠠᠭᠤᠳᠠᠯ᠎ᠢ ᠡᠭᠦᠰᠴᠡᠶ᠂ ᠵᠢᠱ᠌ᠢᠶᠡᠯᠡᠪᠡᠯ ᠢᠨᠲ᠋ᠧᠷ ᠰᠦᠯᠵᠢᠶᠡᠨ᠎ᠤ ᠲᠠᠪᠴᠠᠩ᠎ᠨᠢ ᠡᠷᠬᠡ ᠰᠦᠷ᠎ᠲᠠᠢ᠂ ᠨᠠᠶ᠋ᠢᠳᠠᠪᠤᠷᠢᠲᠠᠶ᠂ ᠳᠥᠭᠦᠮ ᠳᠥᠲᠡ ᠠᠷᠠᠳ ᠢᠷᠭᠡᠳ᠎ᠤᠨ ᠪᠡᠶ᠎ᠡ ᠬᠡᠮ᠎ᠤᠨ ᠭᠡᠷᠡᠴᠢᠯᠡᠯ᠎ᠤᠨ ᠠᠷᠭ᠎ᠠ ᠮᠠᠶᠢᠭ᠎ᠢ ᠡᠷᠢᠵᠦ ᠤᠯᠬᠤ᠎ᠳᠤ ᠪᠡᠷᠬᠡ ᠂  ᠬᠤᠪᠢ ᠬᠥᠮᠦᠨ᠎ᠤ ᠪᠡᠶ᠎ᠡ ᠬᠡᠮ᠎ᠤᠨ ᠮᠡᠳᠡᠭᠡ ᠵᠠᠩᠭᠢ ᠎ᠨᠢ  ᠬᠠᠤᠯᠢ ᠪᠤᠰᠤ᠎ᠪᠠᠷ  ᠴᠣᠭᠯᠠᠭᠣᠯᠣᠭᠳᠠᠭᠰᠠᠨ ᠂  ᠲᠣᠭ᠋ᠠᠴᠢᠯᠠᠭᠰᠠᠨ  ᠠᠵᠤ ᠠᠬᠤᠶ᠎ᠳᠤ ᠢᠲᠡᠭᠡᠮᠵᠢᠲᠤ ᠲᠣᠭ᠋ᠠᠴᠢᠯᠠᠭᠰᠠᠨ ᠪᠡᠶ᠎ᠡ ᠬᠡᠮ ᠵᠶ᠋ᠡᠷ  ᠲᠤᠯᠭ᠋ᠠᠭᠤᠷᠢᠯᠠᠯ  ᠪᠣᠯᠭ᠋ᠠᠬᠤ᠎ᠨᠢ ᠲᠤᠲᠠᠭᠳᠠᠵᠤ ᠪᠠᠢ᠌ᠬᠤ  ᠵᠡᠷᠭᠡ ᠪᠣᠯᠤᠨ᠎ᠠ᠃ ᠡᠳᠡᠭᠡᠷ ᠠᠰᠠᠭᠤᠳᠠᠯ᠎ᠳᠤ ᠴᠢᠭᠯᠡᠭᠦᠯᠦᠨ᠂ ᠣᠯᠠᠨ ᠤᠯᠤᠰ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂  ᠤᠯᠤᠰ᠎ᠤᠨ  ᠰᠦᠯᠵᠢᠶᠡᠨ᠎ᠤ  ᠪᠡᠶ᠎ᠡ  ᠬᠡᠮ᠎ᠤᠨ ᠭᠡᠷᠡᠴᠢᠯᠡᠯ᠎ᠤᠨ ᠲᠣᠭᠲᠠᠯᠴᠠᠭ᠎ᠠ ᠵᠢ  ᠪᠠᠶ᠋ᠢᠭᠤᠯᠬᠤ᠎ᠪᠠᠷ ᠳᠠᠮᠵᠢᠭᠤᠯᠤᠨ  ᠢᠲᠡᠭᠡᠮᠵᠢᠲᠤ  ᠲᠣᠭ᠋ᠠᠴᠢᠯᠠᠭᠰᠠᠨ ᠪᠡᠶ᠎ᠡ  ᠬᠡᠮ᠎ᠤᠨ  ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ  ᠲᠦᠯᠬᠢᠨ  ᠠᠬᠢᠭᠤᠯᠵᠤ᠂ ᠠᠷᠠᠳ ᠢᠷᠭᠡᠳ᠎ᠤᠨ ᠪᠡᠶ᠎ᠡ  ᠬᠡᠮ᠎ᠤᠨ ᠮᠡᠳᠡᠭᠡ ᠵᠠᠩᠭᠢ ᠵᠢᠨ ᠠᠮᠤᠷ ᠲᠦᠪᠰᠢᠨ᠎ᠢ  ᠬᠠᠮᠠᠭ᠋ᠠᠯᠠᠪᠠ ᠃

      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠢᠲᠡᠭᠡᠮᠵᠢᠲᠤ  ᠲᠣᠭ᠋ᠠᠴᠢᠯᠠᠭᠰᠠᠨ  ᠪᠡᠶ᠎ᠡ  ᠬᠡᠮ  ᠪᠣᠯᠤᠨ  ᠠᠷᠠᠳ  ᠢᠷᠭᠡᠳ᠎ᠤᠨ  ᠬᠤᠪᠢ ᠬᠥᠮᠦᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠳᠡᠭᠡᠳᠦ ᠬᠡᠮᠵᠢᠶ᠎ᠡ᠎ᠪᠠᠷ  ᠴᠢᠬᠣᠯᠠᠴᠢᠯᠠᠵᠦ ᠪᠣᠢ ᠃ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠢᠯᠡᠳᠬᠡᠯ᠎ᠳᠤ 《ᠣᠯᠠᠨ ᠨᠡᠶ᠋ᠢᠲᠡ ᠵᠢᠨ ᠠᠮᠤᠷ ᠲᠦᠪᠰᠢᠨ᠎ᠤ ᠵᠠᠰᠠᠯᠲᠠ ᠵᠢᠨ  ᠬᠢᠷᠢ  ᠲᠦᠪᠰᠢᠨ᠎ᠢ ᠳᠡᠭᠡᠭᠰᠢᠯᠡᠭᠦᠯᠵᠦ᠂ ᠬᠤᠪᠢ ᠬᠥᠮᠥᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ  ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃ 《〈ᠠᠷᠪᠠᠨ  ᠳᠥᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ 〉 ᠵᠢᠨ ᠤᠯᠤᠰ᠎ᠤᠨ ᠮᠡᠳᠡᠭᠡ ᠵᠠᠩᠭᠢᠵᠢᠯᠲᠠ ᠵᠢᠨ ᠲᠥᠯᠥᠪᠵᠢᠭᠦᠯᠭᠡ》᠎ᠳᠤ 《ᠨᠡᠶ᠋ᠢᠭᠡᠮ᠎ᠤᠨ ᠣᠯᠠᠨ ᠨᠡᠶ᠋ᠢᠲᠡ ᠵᠢᠨ ᠲᠣᠭ᠋ᠠᠴᠢᠯᠠᠭᠰᠠᠨ ᠪᠡᠶ᠎ᠡ ᠬᠡᠮ᠎ᠤᠨ ᠬᠠᠮᠢᠶᠠᠷᠤᠯᠲᠠ ᠵᠢᠨ  ᠲᠣᠭᠲᠠᠯᠴᠠᠭ᠎ᠠ ᠵᠢᠨ  ᠪᠠᠶ᠋ᠢᠭᠤᠯᠤᠯᠲᠠ ᠵᠢ ᠠᠬᠢᠭᠤᠯᠵᠤ᠂ ᠲᠣᠭ᠋ᠠᠴᠢᠯᠠᠭᠰᠠᠨ ᠪᠡᠶ᠎ᠡ ᠬᠡᠮ᠎ᠤᠨ  ᠬᠠᠮᠢᠶᠠᠷᠤᠯᠲᠠ ᠵᠢᠨ  ᠲᠣᠭᠲᠠᠯᠴᠠᠭ᠎ᠠ ᠵᠢᠨ ᠪᠠᠷᠢᠮᠵᠢᠶᠠᠵᠢᠭᠤᠯᠬᠤ ᠵᠢ  ᠨᠡᠢ᠌ᠳᠬᠡᠵᠦ  ᠵᠣᠯᠭ᠋ᠠᠭᠤᠯᠬᠤ ᠵᠢ ᠴᠢᠩᠭ᠋ᠠᠳᠬᠠᠨ᠎ᠠ 》  ᠭᠡᠵᠦ  ᠲᠣᠳᠣᠷᠬᠠᠢ᠌ᠯᠠᠪᠠ ᠃ 《  ᠲᠣᠭ᠎ᠠ ᠪᠠᠷᠢᠮᠲᠠ ᠵᠢᠨ ᠰᠠᠭᠤᠷᠢ ᠲᠦᠷᠢᠮ᠎ᠢ ᠪᠠᠶ᠋ᠢᠭᠤᠯᠵᠤ  ᠲᠣᠭ᠎ᠠ ᠪᠠᠷᠢᠮᠲᠠ ᠵᠢᠨ ᠡᠯᠧᠮᠧᠨ᠋ᠲ᠎ᠤᠨ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠳᠤ ᠂ 《ᠬᠤᠪᠢ ᠬᠥᠮᠦᠨ᠎ᠤ ᠮᠡᠳᠡᠭᠡ ᠵᠠᠩᠭᠢ ᠵᠢ  ᠨᠡᠷ᠎ᠡ ᠪᠣᠷᠣᠭᠣᠯᠠᠵᠦ  ᠰᠢᠢ᠍ᠳᠪᠦᠷᠢᠯᠡᠬᠦ ᠵᠢ  ᠲᠦᠯᠬᠢᠨ  ᠠᠬᠢᠭᠤᠯᠵᠤ᠂ ᠬᠤᠪᠢ ᠬᠥᠮᠦᠨ᠎ᠤ ᠮᠡᠳᠡᠭᠡ ᠵᠠᠩᠭᠢ ᠵᠢᠨ  ᠲᠣᠭ᠎ᠠ ᠪᠠᠷᠢᠮᠲᠠ ᠵᠢ ᠬᠡᠷᠡᠭᠯᠡᠬᠦ ᠦᠶ᠎ᠡ ᠵᠢᠨ  ᠮᠡᠳᠡᠭᠡ ᠵᠠᠩᠭᠢ ᠵᠢᠨ ᠠᠮᠤᠷ ᠲᠦᠪᠰᠢᠨ ᠪᠠ ᠬᠤᠪᠢ ᠬᠥᠮᠦᠨ᠎ᠤ ᠨᠢᠭᠤᠴᠠ ᠵᠢ ᠪᠠᠲᠤᠯᠠᠬᠤ ᠬᠡᠷᠡᠭᠲᠡᠶ》  ᠭᠡᠵᠦ ᠱᠠᠭ᠋ᠠᠷᠳᠠᠪᠠ ᠃

      ᠡᠭᠦᠨ᠎ᠤ ᠲᠤᠯᠠᠳᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ  ᠵᠠᠩᠭᠢ ᠵᠢᠨ  ᠠᠯᠪᠠᠨ  ᠭᠡᠷ  ᠵᠡᠷᠭᠡ  ᠰᠠᠯᠠᠭ᠎ᠠ  ᠮᠥᠴᠢᠷ ᠤᠯᠤᠰ᠎ᠤᠨ ᠰᠦᠯᠵᠢᠶᠡᠨ ᠳᠡᠭᠡᠷᠡᠬᠢ ᠪᠡᠶ᠎ᠡ  ᠬᠡᠮ᠎ᠤᠨ ᠭᠡᠷᠡᠴᠢᠯᠡᠯ᠎ᠤᠨ ᠰᠠᠭᠤᠷᠢ ᠲᠥᠬᠦᠭᠡᠷᠦᠮᠵᠢ ᠵᠢ ᠪᠠᠶ᠋ᠢᠭᠤᠯᠵᠤ᠂ ᠨᠡᠶ᠋ᠢᠭᠡᠮ᠎ᠳᠤ ᠤᠯᠤᠰ᠎ᠤᠨ ᠰᠦᠯᠵᠢᠶᠡᠨ  ᠳᠡᠭᠡᠷᠡᠬᠢ ᠪᠡᠶ᠎ᠡ ᠬᠡᠮ᠎ᠤᠨ ᠭᠡᠷᠡᠴᠢᠯᠡᠯ᠎ᠤᠨ  ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠠᠩᠭ᠋ᠠᠵᠤ᠂ ᠠᠷᠠᠳ ᠤᠯᠠᠨ᠎ᠤ ᠲᠣᠭ᠋ᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠨᠥᠬᠦᠴᠡᠯ ᠳᠣᠣᠷᠠᠬᠢ  ᠬᠤᠪᠢ ᠬᠦᠮᠦᠨ᠎ᠤ ᠪᠡᠶ᠎ᠡ ᠬᠡᠮ᠎ᠤᠨ  ᠠᠮᠤᠷ ᠲᠦᠪᠰᠢᠨ᠂  ᠲᠦᠭᠦᠮ ᠲᠦᠳᠡ ᠭᠡᠷᠡᠴᠢᠯᠡᠬᠦ ᠬᠡᠷᠡᠭᠴᠡᠭᠡ ᠵᠢ ᠬᠠᠩᠭ᠋ᠠᠵᠦ᠂  ᠬᠤᠪᠢ ᠬᠥᠮᠦᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠦᠲᠦᠮᠵᠢᠲᠡᠢ  ᠬᠠᠮᠠᠭ᠋ᠠᠯᠠᠨ ᠂ ᠲᠣᠭ᠋ᠠᠴᠢᠯᠠᠭᠰᠠᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠪᠠ᠃

      ᠣᠳᠣᠬᠠᠨ᠎ᠳᠤ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ  ᠦᠢ᠍ᠯᠡᠴᠢᠯᠡᠭᠡ ᠵᠢ  ᠨᠢᠭᠡᠨᠲᠡ  ᠬᠡᠰᠡᠭ  ᠢᠨᠲ᠋ᠧᠷ  ᠰᠦᠯᠵᠢᠶᠡᠨ᠎ᠤ  ᠲᠠᠪᠴᠠᠩ  ᠪᠠ ᠵᠠᠰᠠᠭ᠎ᠤᠨ ᠶᠠᠪᠤᠳᠠᠯ᠎ᠤᠨ  ᠦᠢ᠍ᠯᠡᠴᠢᠯᠡᠭᠡ ᠂ ᠰᠤᠷᠭ᠋ᠠᠨ ᠬᠥᠮᠦᠵᠢᠯ᠎ᠤᠨ ᠰᠢᠯᠭ᠋ᠠᠯᠲᠠ᠂ ᠰᠣᠶᠣᠯ ᠵᠢᠭᠤᠯᠴᠢᠯᠠᠯ᠂  ᠡᠮ ᠡᠮᠨᠡᠯᠭᠡ  ᠡᠷᠡᠭᠦᠯ ᠬᠠᠮᠠᠭ᠋ᠠᠯᠠᠯ᠂ ᠰᠢᠤᠳᠠᠨ ᠵᠶ᠋ᠠᠷ  ᠢᠯᠡᠭᠡᠬᠦ ᠂ ᠵᠠᠮ ᠬᠠᠷᠢᠯᠴᠠᠭ᠎ᠠ   ᠶᠠᠪᠣᠵᠦ ᠰᠠᠭᠣᠬᠤ  ᠵᠡᠷᠭᠡ ᠠᠵᠢᠯ ᠲᠥᠷᠥᠯ᠎ᠤᠨ  ᠬᠦᠷᠢᠶᠡᠨ᠎ᠳᠤ ᠲᠤᠷᠰᠢᠯᠲᠠ ᠵᠢᠨ ᠴᠡᠭ᠎ᠤᠨ ᠬᠡᠷᠡᠭᠯᠡᠯᠲᠡ ᠵᠢ  ᠥᠷᠨᠢᠭᠦᠯᠪᠡ ᠃ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ ᠨᠡᠶ᠋ᠢᠲᠡ ᠵᠢᠨ  ᠦᠢ᠍ᠯᠡᠴᠢᠯᠡᠭᠡᠨ᠎ᠤ ᠬᠡᠷᠡᠭᠯᠡᠬᠦ ᠬᠡᠪᠴᠢᠶ᠎ᠡ᠂ ᠬᠡᠷᠡᠭᠯᠡᠬᠦ ᠠᠷᠭ᠎ᠠ ᠮᠠᠶᠢᠭ᠂  ᠬᠡᠷᠡᠭᠯᠡᠬᠦ ᠠᠬᠤᠢ ᠪᠠᠢ᠌ᠳᠠᠯ᠂  ᠬᠡᠷᠡᠭᠯᠡᠬᠦ ᠵᠠᠷᠴᠢᠮ᠎ᠢ ᠣᠯᠠᠮ ᠨᠢᠭᠡ ᠠᠯᠬᠤᠮ ᠵᠢᠷᠣᠮᠵᠢᠭᠣᠯᠵᠦ ᠂ ᠬᠠᠮᠢᠶ᠎ᠠ ᠪᠥᠬᠦᠶ ᠲᠠᠯ᠎ᠠ ᠵᠢᠨ ᠡᠷᠬᠡ ᠡᠭᠦᠷᠭᠡ᠂  ᠡᠭᠦᠷᠭᠡ  ᠬᠠᠷᠢᠭᠤᠴᠠᠯᠭ᠎ᠠ ᠂  ᠬᠠᠤᠯᠢ  ᠴᠠᠭ᠋ᠠᠵᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠬᠤ ᠵᠢᠨ  ᠲᠥᠯᠥᠭᠡ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ ᠵᠡᠷᠭᠡ ᠵᠢᠷᠭᠤᠭ᠋ᠠᠨ ᠰᠠᠯᠠᠭ᠎ᠠ ᠮᠥᠴᠢᠷ᠎ᠠᠴᠠ 《ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠪᠠ᠃

      ᠠᠰᠠᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ  ᠨᠡᠶ᠋ᠢᠲᠡ ᠵᠢᠨ ᠦᠢ᠍ᠯᠡᠴᠢᠯᠡᠭᠡ ᠵᠢ ᠬᠡᠷᠡᠭᠵᠢᠭᠦᠯᠬᠦ᠎ᠳᠤ ᠶᠠᠮᠠᠷ ᠶᠠᠮᠠᠷ ᠬᠠᠤᠯᠢ ᠴᠠᠭ᠋ᠠᠵᠠ ᠵᠢᠨ  ᠦᠨᠳᠦᠰᠦᠯᠡᠯ ᠪᠠᠶ᠋ᠢᠬᠤ ᠪᠣᠶ?

      ᠬᠠᠷᠢᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ  ᠣᠯᠠᠨ  ᠨᠡᠶ᠋ᠢᠲᠡ ᠵᠢᠨ ᠦᠢ᠍ᠯᠡᠴᠢᠯᠡᠭᠡ᠎ᠨᠢ ᠭᠦᠢ᠍ᠴᠡᠳ ᠬᠠᠤᠯᠢ ᠴᠠᠭ᠋ᠠᠵᠠ ᠵᠢᠨ ᠦᠨᠳᠦᠰᠦᠯᠡᠯ᠎ᠲᠠᠢ ᠶᠤᠮ᠃ 《  ᠰᠦᠯᠵᠢᠶᠡᠨ᠎ᠤ  ᠠᠮᠤᠷ  ᠲᠦᠪᠰᠢᠨ᠎ᠤ  ᠬᠠᠤᠯᠢ》 ᠵᠢᠨ 24 ᠳ᠋ᠦ᠍ᠭᠡᠷ  ᠵᠣᠷᠪᠣᠰ᠎ᠲᠤ 《ᠤᠯᠤᠰ᠎ᠠᠴᠠ ᠰᠦᠯᠵᠢᠶᠡᠨ᠎ᠤ ᠢᠲᠡᠭᠡᠮᠵᠢᠲᠦ ᠪᠡᠶ᠎ᠡ ᠬᠡᠮ᠎ᠤᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠠᠮᠤᠷ ᠲᠦᠪᠰᠢᠨ᠂ ᠲᠥᠬᠦᠮ  ᠲᠦᠳᠡ ᠡᠯᠸᠺᠲᠷᠣᠨ  ᠪᠡᠶ᠎ᠡ ᠬᠡᠮ᠎ᠤᠨ ᠭᠡᠷᠡᠴᠢᠯᠡᠯ᠎ᠤᠨ ᠮᠡᠷᠭᠡᠵᠢᠯ᠎ᠢ ᠰᠤᠳᠤᠯᠤᠨ ᠨᠡᠭᠡᠭᠡᠬᠦ ᠵᠢ ᠳᠡᠮᠵᠢᠵᠦ ᠂ ᠠᠳᠠᠯᠢ ᠪᠤᠰᠤ ᠡᠯᠸᠺᠲᠷᠣᠨ  ᠪᠡᠶ᠎ᠡ ᠬᠡᠮ᠎ᠤᠨ ᠭᠡᠷᠡᠴᠢᠯᠡᠯ᠎ᠤᠨ ᠬᠤᠭᠤᠷᠣᠨᠳᠣᠬᠢ ᠬᠠᠷᠢᠯᠴᠠᠨ ᠮᠡᠳᠡᠷᠡᠬᠦ ᠵᠢ ᠠᠬᠢᠭᠤᠯᠤᠨ᠎ᠠ》  ᠭᠡᠵᠦ ᠲᠣᠭᠲᠠᠭ᠋ᠠᠪᠠ᠂       《ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ》 ᠵᠢᠨ 62 ᠳ᠋ᠤᠭ᠋ᠠᠷ  ᠵᠣᠷᠪᠣᠰ᠎ᠲᠤ 《ᠠᠮᠤᠷ ᠲᠦᠪᠰᠢᠨ᠂  ᠲᠥᠬᠦᠮ  ᠲᠦᠳᠡ  ᠡᠯᠸᠺᠲᠷᠣᠨ  ᠪᠡᠶ᠎ᠡ ᠬᠡᠮ᠎ᠤᠨ ᠭᠡᠷᠡᠴᠢᠯᠡᠯ᠎ᠤᠨ ᠮᠡᠷᠭᠡᠵᠢᠯ᠎ᠢ  ᠰᠣᠳᠣᠯᠣᠨ ᠨᠡᠭᠡᠭᠡᠬᠦ ᠪᠠ ᠳᠡᠯᠭᠡᠷᠡᠭᠦᠯᠦᠨ  ᠬᠡᠷᠡᠭᠯᠡᠬᠦ ᠵᠢ  ᠳᠡᠮᠵᠢᠵᠦ᠂ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠯᠲᠠ ᠵᠢ ᠠᠬᠢᠭᠤᠯᠤᠨ᠎ᠠ 》 ᠭᠡᠵᠦ ᠲᠣᠭᠲᠠᠭ᠋ᠠᠵᠠᠢ᠂ 《ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ  ᠬᠠᠣᠯᠢ》 ᠵᠢᠨ 33 ᠳ᠋ᠤᠭ᠋ᠠᠷ ᠵᠣᠷᠪᠣᠰ᠎ᠲᠤ 《ᠣᠯᠤᠰ᠎ᠠᠴᠠ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠪᠠᠢ᠌ᠭᠣᠯᠣᠯᠲᠠ ᠵᠢ ᠲᠦᠯᠬᠢᠨ ᠠᠬᠢᠭᠣᠯᠵᠦ᠂ ᠬᠤᠪᠢ ᠬᠥᠮᠦᠨ᠂  ᠠᠵᠤ  ᠠᠬᠤᠶ᠋ᠢᠯᠠᠯ᠎ᠤᠨ  ᠰᠠᠶ᠋ᠢᠨ  ᠳᠤᠷ᠎ᠠ᠎ᠠᠴᠠ᠎ᠪᠠᠨ  ᠬᠡᠷᠡᠭᠯᠡᠬᠦ ᠵᠢ  ᠳᠡᠮᠵᠢᠵᠦ᠂  ᠴᠠᠬᠢᠯᠭ᠋ᠠᠨ ᠬᠤᠯᠪᠣᠭ᠋ᠠᠨ᠎ᠤ  ᠲᠤᠬᠠᠶ᠋ᠢᠯᠠᠭᠰᠠᠨ ᠠᠵᠢᠯ᠎ᠤᠨ ᠡᠵᠡᠩᠨᠡᠭᠴᠢ᠂ ᠪᠠᠩᠬᠢ ᠵᠢᠨ  ᠦᠢ᠍ᠯᠡᠰ᠎ᠤᠨ  ᠮᠥᠩᠭᠦᠨ  ᠭᠦᠢ᠍ᠯᠭᠡᠭᠡᠨ᠎ᠤ  ᠪᠠᠶ᠋ᠢᠭᠤᠯᠤᠮᠵᠢ᠂  ᠪᠠᠩᠬᠢ ᠵᠢᠨ ᠪᠤᠰᠤ ᠲᠣᠭ᠋ᠠᠴᠠᠭ᠎ᠠ ᠬᠢᠬᠦ ᠪᠠᠶ᠋ᠢᠭᠤᠯᠤᠮᠵᠢ᠂ ᠢᠨᠲ᠋ᠧᠷ ᠰᠦᠯᠵᠢᠶᠡᠨ᠎ᠤ  ᠦᠢ᠍ᠯᠡᠴᠢᠯᠡᠭᠡ ᠬᠠᠩᠭ᠋ᠠᠭᠴᠢ᠎ᠠᠴᠠ  ᠬᠠᠭᠣᠷᠣᠨ ᠮᠡᠬᠡᠯᠡᠬᠦ ᠬᠡᠪ᠎ᠤᠨ ᠪᠣᠰᠣ ᠪᠠᠢ᠌ᠳᠠᠯ ᠣᠷᠣᠰᠢᠵᠦ ᠪᠠᠢ᠌ᠭ᠎ᠠ ᠳ᠋ᠢᠶᠠᠩᠬᠤᠸᠠ ᠵᠢᠨ ᠺᠠᠷᠲ᠂ ᠪᠠᠩᠬᠢ ᠵᠢᠨ ᠳᠠᠩᠰᠠᠨ ᠡᠷᠦᠬᠡ᠂ ᠲᠣᠭ᠋ᠠᠴᠠᠭ᠎ᠠ ᠬᠢᠬᠦ ᠳᠠᠩᠰᠠᠨ ᠡᠷᠦᠬᠡ᠂ ᠢᠨᠲ᠋ᠧᠷ ᠰᠦᠯᠵᠢᠶᠡᠨ᠎ᠤ  ᠳᠠᠩᠰᠠᠨ ᠨᠤᠮᠸᠷ᠎ᠲᠤ ᠣᠯᠣᠰ᠎ᠤᠨ ᠰᠦᠯᠵᠢᠶᠡᠨ᠎ᠤ  ᠪᠡᠶ᠎ᠡ  ᠬᠡᠮ᠎ᠤᠨ  ᠭᠡᠷᠡᠴᠢᠯᠡᠯ᠎ᠤᠨ  ᠣᠯᠠᠨ ᠨᠡᠶ᠋ᠢᠲᠡ ᠵᠢᠨ ᠦᠢ᠍ᠯᠡᠴᠢᠯᠡᠭᠡ᠎ᠪᠠᠷ ᠳᠠᠮᠵᠢᠭᠤᠯᠤᠨ ᠬᠡᠷᠡᠭᠯᠡᠭᠴᠢ ᠵᠢᠨ ᠪᠡᠶ᠎ᠡ  ᠬᠡᠮ᠎ᠤᠨ ᠳᠠᠬᠢᠨ  ᠬᠠᠷᠭᠣᠭᠣᠯᠣᠨ  ᠰᠢᠯᠭ᠋ᠠᠵᠤ ᠪᠣᠯᠤᠨ᠎ᠠ》 ᠭᠡᠵᠦ ᠲᠣᠭᠲᠠᠭ᠋ᠠᠵᠠᠶ᠃

      ᠳᠡᠭᠡᠷ᠎ᠡ ᠳᠤᠷᠠᠳᠤᠭᠰᠠᠨ ᠬᠠᠤᠯᠢ ᠴᠠᠭ᠋ᠠᠵᠠ ᠵᠢ ᠦᠨᠳᠦᠰᠦᠯᠡᠪᠡᠯ᠂ ᠤᠯᠤᠰ᠎ᠤᠨ  ᠰᠦᠯᠵᠢᠶᠡᠨ᠎ᠤ  ᠪᠡᠶ᠎ᠡ  ᠬᠡᠮ᠎ᠤᠨ  ᠭᠡᠷᠡᠴᠢᠯᠡᠯ᠎ᠤᠨ  ᠣᠯᠠᠨ  ᠨᠡᠶ᠋ᠢᠲᠡ ᠵᠢᠨ  ᠦᠢ᠍ᠯᠡᠴᠢᠯᠡᠭᠡᠨ᠎ᠤ ᠲᠠᠪᠴᠠᠩ᠎ᠤᠨ  ᠠᠵᠢᠯᠯᠠᠭ᠋ᠠᠨ᠎ᠤ ᠬᠠᠮᠢᠶᠠᠷᠤᠯᠲᠠ ᠵᠢ ᠵᠢᠷᠤᠮᠵᠢᠭᠤᠯᠵᠤ᠂  ᠬᠡᠷᠡᠭᠯᠡᠭᠴᠢ ᠵᠢᠨ ᠬᠤᠪᠢ ᠬᠥᠮᠥᠨ᠎ᠤ ᠮᠡᠳᠡᠭᠡ  ᠵᠠᠩᠭᠢ ᠵᠢᠨ ᠡᠷᠬᠡ  ᠠᠰᠢᠭ᠎ᠢ ᠬᠠᠮᠠᠭ᠋ᠠᠯᠠᠬᠤ ᠵᠢᠨ ᠲᠥᠯᠥᠭᠡ ᠂  ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ ᠵᠡᠷᠭᠡ ᠵᠢᠷᠭᠤᠭ᠋ᠠᠨ  ᠰᠠᠯᠠᠭ᠎ᠠ ᠮᠥᠴᠢᠷ᠎ᠠᠴᠠ 《ᠬᠠᠮᠢᠶᠠᠷᠤᠯᠲᠠ ᠵᠢᠨ ᠠᠷᠭ᠎ᠠ》 ᠵᠢ ᠰᠤᠳᠤᠯᠤᠨ ᠲᠣᠭᠲᠠᠭ᠋ᠠᠪᠠ᠃

      ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢᠨ ᠭᠤᠤᠯ ᠠᠭᠤᠯᠭ᠎ᠠ᠎ᠨᠢ ᠶᠠᠭᠤ  ᠶᠠᠭᠤ ᠪᠣᠶ?

      ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠨᠢ ᠨᠡᠶ᠋ᠢᠲᠡ 16  ᠵᠣᠷᠪᠣᠰ ᠪᠠᠢ᠌ᠵᠦ ᠂  ᠡᠭᠦᠨ᠎ᠳᠤ ᠭᠤᠤᠯᠳᠠᠭᠤ ᠳᠥᠷᠪᠡᠨ ᠲᠠᠯ᠎ᠠ ᠵᠢᠨ ᠠᠭᠤᠯᠭ᠎ᠠ ᠵᠢ  ᠪᠠᠭᠲᠠᠨ᠎ᠠ᠄ ᠨᠢᠭᠡ᠎ᠳᠤ  ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ ᠨᠡᠶ᠋ᠢᠲᠡ ᠵᠢᠨ ᠦᠢ᠍ᠯᠡᠴᠢᠯᠡᠭᠡ  ᠵᠢᠴᠢ ᠰᠦᠯᠵᠢᠶᠡᠨ᠎ᠤ  ᠳ᠋ᠤᠭ᠋ᠠᠷ ᠂ ᠰᠦᠯᠵᠢᠶᠡᠨ᠎ᠤ ᠦᠨᠡᠮᠯᠡᠯ᠎ᠤᠨ ᠤᠬᠠᠭᠳᠠᠬᠤᠨ᠂ ᠭᠤᠶᠤᠴᠢᠯᠠᠨ  ᠠᠪᠬᠤ ᠠᠷᠭ᠎ᠠ ᠮᠠᠶᠢᠭ᠎ᠢ ᠲᠣᠳᠣᠷᠬᠠᠶ᠋ᠢᠯᠠᠪᠠ ᠂  ᠬᠤᠶᠠᠷ᠎ᠲᠤ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ  ᠨᠡᠶ᠋ᠢᠲᠡ ᠵᠢᠨ  ᠦᠢ᠍ᠯᠡᠴᠢᠯᠡᠭᠡ ᠵᠢ  ᠬᠡᠷᠡᠭᠯᠡᠬᠦ ᠬᠦᠴᠦᠨ᠂ ᠬᠡᠷᠡᠭᠯᠡᠭᠡᠨ᠎ᠤ  ᠠᠬᠤᠶ ᠪᠠᠶ᠋ᠢᠳᠠᠯ᠎ᠢ ᠲᠣᠳᠣᠷᠬᠠᠶ᠋ᠢᠯᠠᠪᠠ ᠂  ᠭᠤᠷᠪᠠ᠎ᠳᠤ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ  ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠂ ᠢᠨᠲ᠋ᠧᠷ ᠰᠦᠯᠵᠢᠶᠡᠨ᠎ᠤ  ᠲᠠᠪᠴᠠᠩ ᠵᠡᠷᠭᠡ ᠵᠢᠨ  ᠲᠤᠭ᠎ᠠ ᠪᠠᠷᠢᠮᠲᠠ ᠵᠢᠨ ᠠᠮᠤᠷ ᠲᠦᠪᠰᠢᠨ᠂  ᠬᠤᠪᠢ ᠬᠥᠮᠦᠨ᠎ᠤ ᠮᠡᠳᠡᠭᠡ  ᠵᠠᠩᠭᠢ ᠵᠢ ᠬᠠᠮᠠᠭ᠋ᠠᠯᠠᠬᠤ ᠬᠠᠷᠢᠭᠤᠴᠠᠯᠭ᠎ᠠ ᠵᠢ ᠴᠢᠬᠤᠯᠠᠴᠢᠯᠠᠪᠠ ᠂  ᠳᠥᠷᠪᠡ᠎ᠳᠤ ᠨᠠᠰᠤᠨ᠎ᠳᠤ ᠥᠯᠥ  ᠭᠦᠷᠦᠭᠰᠡᠳ  ᠤᠯᠤᠰ᠎ᠤᠨ  ᠰᠦᠯᠵᠢᠶᠡᠨ᠎ᠤ  ᠪᠡᠶ᠎ᠡ  ᠬᠡᠮ᠎ᠤᠨ  ᠭᠡᠷᠡᠴᠢᠯᠡᠯ᠎ᠤᠨ  ᠣᠯᠠᠨ ᠨᠡᠶ᠋ᠢᠲᠡ ᠵᠢᠨ  ᠦᠢ᠍ᠯᠡᠴᠢᠯᠡᠭᠡ ᠵᠢ  ᠭᠣᠶᠣᠴᠢᠯᠠᠨ ᠠᠪᠬᠤ᠂  ᠬᠡᠷᠡᠭᠯᠡᠬᠦ ᠲᠤᠬᠠᠶ ᠣᠨᠴᠠᠭ᠋ᠠᠶ ᠲᠣᠭᠲᠠᠭ᠋ᠠᠯ ᠭᠠᠷᠭ᠋ᠠᠪᠠ᠃

      ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠎ᠨᠢ  ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠵᠡᠷᠭᠡ᠎ᠳᠤ ᠬᠤᠪᠢ  ᠬᠥᠮᠦᠨ᠎ᠤ ᠮᠡᠳᠡᠭᠡ ᠵᠠᠩᠭᠢ ᠵᠢ  ᠬᠠᠮᠠᠭ᠋ᠠᠯᠠᠬᠤ ᠪᠠ  ᠰᠢᠢ᠍ᠳᠪᠦᠷᠢᠯᠡᠬᠦ ᠲᠤᠬᠠᠶ ᠬᠡᠷᠬᠢᠨ ᠲᠣᠭᠲᠠᠭ᠋ᠠᠭᠰᠠᠨ  ᠪᠣᠶ?

      ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》 ᠎ᠨᠢ 《ᠬᠤᠪᠢ ᠬᠥᠮᠦᠨ᠎ᠤ ᠮᠡᠳᠡᠭᠡ  ᠵᠠᠩᠭᠢ ᠵᠢ ᠬᠠᠮᠠᠭ᠋ᠠᠯᠠᠬᠤ ᠬᠠᠤᠯᠢ》 ᠵᠡᠷᠭᠡ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠴᠢᠩᠭ᠎ᠠ  ᠵᠢᠷᠤᠮᠯᠠᠨ᠂ ᠠᠷᠠᠳ ᠢᠷᠭᠡᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠢᠨ ᠡᠷᠬᠡ ᠠᠰᠢᠭ᠎ᠢ  ᠭᠦᠢ᠍ᠴᠡᠳ ᠪᠠᠲᠤᠯᠠᠨ᠎ᠠ᠃

      ᠨᠢᠭᠡ᠎ᠳᠤ ᠮᠡᠳᠡᠭᠡ ᠵᠠᠩᠭᠢ ᠴᠤᠭᠯᠠᠭᠤᠯᠬᠤ ᠲᠠᠯ᠎ᠠ᠎ᠪᠠᠷ᠂ 《ᠬᠠᠮᠢᠶᠠᠷᠤᠯᠲᠠ ᠵᠢᠨ ᠠᠷᠭ᠎ᠠ 》᠎ᠳᠤ᠂ ᠬᠡᠷᠡᠭᠯᠡᠭᠴᠢ ᠵᠢᠨ ᠰᠦᠯᠵᠢᠶᠡᠨ᠎ᠤ  ᠳ᠋ᠤᠭ᠋ᠠᠷ ᠂  ᠰᠦᠯᠵᠢᠶᠡᠨ᠎ᠤ ᠦᠨᠡᠮᠯᠡᠯ᠎ᠤᠨ ᠲ᠋ᠠᠩᠰᠠᠯᠠᠯᠲᠠ ᠵᠢ ᠰᠣᠩᠭᠤᠨ ᠬᠡᠷᠡᠭᠯᠡᠵᠦ ᠂ ᠦᠨᠡᠨ ᠪᠣᠳᠠᠲᠠᠶ ᠪᠡᠶ᠎ᠡ  ᠬᠡᠮ᠎ᠢ  ᠬᠠᠷᠭᠤᠭᠤᠯᠤᠨ  ᠪᠠᠢ᠌ᠴᠠᠭ᠋ᠠᠬᠤ᠎ᠳᠤ ᠂ ᠵᠠᠰᠠᠭ ᠵᠠᠬᠢᠷᠭ᠋ᠠᠨ᠎ᠤ ᠬᠠᠣᠯᠢ ᠲᠤᠭᠲᠠᠭ᠋ᠠᠯ᠂  ᠬᠠᠤᠯᠢ ᠴᠠᠭ᠋ᠠᠵᠠ ᠵᠢᠨ ᠲᠠᠯ᠎ᠠ᠎ᠪᠠᠷ  ᠠᠰᠲᠠᠭ᠋ᠠᠨ ᠲᠣᠭᠲᠠᠭ᠋ᠠᠯ᠎ᠲᠠᠢ  ᠪᠤᠶᠤ ᠬᠡᠷᠡᠭᠯᠡᠭᠴᠢᠳ᠎ᠤᠨ ᠵᠦᠪᠰᠢᠶᠡᠷᠡᠯ᠎ᠢ ᠣᠯᠣᠭᠰᠠᠨ᠎ᠢ ᠭᠠᠷᠭ᠋ᠠᠪᠠᠯ ᠂ ᠢᠨᠲ᠋ᠧᠷ ᠰᠦᠯᠵᠢᠶᠡᠨ᠎ᠤ  ᠲᠠᠪᠴᠠᠩ᠎ᠨᠢ ᠬᠡᠷᠡᠭᠯᠡᠭᠴᠢᠳ᠎ᠢ  ᠠᠰᠲᠠᠭ᠋ᠠᠨ  ᠢᠯᠡ  ᠪᠡᠶ᠎ᠡ ᠵᠢᠨ ᠭᠠᠷᠣᠯ᠎ᠤᠨ  ᠮᠡᠳᠡᠭᠡ ᠵᠠᠩᠭᠢ  ᠬᠠᠩᠭ᠋ᠠᠯᠭ᠋ᠠᠬᠤ᠎ᠪᠠᠷ  ᠱᠠᠭ᠋ᠠᠷᠳᠠᠵᠤ  ᠪᠣᠯᠬᠤ  ᠥᠬᠡᠶ᠂ ᠡᠭᠦᠨ᠎ᠤ ᠤᠯᠠᠮ᠎ᠠᠴᠠ ᠢᠨᠲ᠋ᠧᠷ ᠰᠦᠯᠵᠢᠶᠡᠨ᠎ᠤ  ᠲᠠᠪᠴᠠᠩ᠎ᠤᠨ  ᠬᠤᠪᠢ  ᠬᠥᠮᠦᠨ᠎ᠤ  ᠪᠡᠶ᠎ᠡ  ᠬᠡᠮ᠎ᠤᠨ  ᠮᠡᠳᠡᠭᠡ ᠵᠠᠩᠭᠢ ᠵᠢ ᠴᠤᠭᠯᠠᠭᠤᠯᠬᠤ᠎ᠠᠴᠠ  ᠪᠣᠯᠤᠭᠰᠠᠨ ᠠᠮᠤᠷ ᠲᠦᠪᠰᠢᠨ᠎ᠤ ᠲᠦᠭᠰᠢᠭᠦᠷᠢ ᠵᠢ ᠪᠠᠭ᠋ᠠᠰᠬᠠᠬᠤ ᠬᠡᠷᠡᠭᠲᠡᠶ ᠭᠡᠵᠦ ᠲᠣᠭᠲᠠᠭ᠋ᠠᠪᠠ᠃  ᠡᠭᠦᠨ᠎ᠤ ᠬᠠᠮᠲᠤ᠂ 《ᠬᠠᠮᠢᠶᠠᠷᠤᠯᠲᠠ ᠵᠢᠨ ᠠᠷᠭ᠎ᠠ》᠎ᠳᠤ  ᠪᠠᠰᠠ ᠂ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ  ᠨᠡᠶ᠋ᠢᠲᠡ ᠵᠢᠨ  ᠦᠢ᠍ᠯᠡᠴᠢᠯᠡᠭᠡᠨ᠎ᠤ  ᠲᠠᠪᠴᠠᠩ᠎ᠨᠢ 《ᠬᠠᠮᠤᠭ᠎ᠤᠨ ᠪᠠᠭ᠎ᠠ ᠴᠢᠬᠤᠯᠠ  ᠪᠦᠬᠦᠢ 》 ᠵᠠᠷᠴᠢᠮ ᠶᠣᠰᠣᠭ᠋ᠠᠷ ᠮᠡᠳᠡᠭᠡ ᠵᠠᠩᠭᠢ  ᠴᠣᠭᠯᠠᠭᠣᠯᠬᠤ ᠬᠡᠷᠡᠭᠲᠡᠢ ᠂ ᠴᠤᠭᠯᠠᠭᠤᠯᠤᠭᠰᠠᠨ ᠮᠡᠳᠡᠭᠡ ᠵᠠᠩᠭᠢ᠎ᠨᠢ ᠵᠥᠪᠬᠡᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠴᠢᠬᠤᠯᠠ ᠪᠦᠬᠦᠢ  ᠮᠡᠳᠡᠭᠡ ᠵᠠᠩᠭᠢ᠎ᠪᠠᠷ  ᠬᠢᠵᠠᠭ᠋ᠠᠷᠯᠠᠭᠳᠠᠨ᠎ᠠ ᠂ ᠪᠤᠰᠤᠳ ᠮᠡᠳᠡᠭᠡ ᠵᠠᠩᠭᠢ ᠴᠤᠭᠯᠠᠭᠤᠯᠵᠤ ᠪᠣᠯᠬᠤ ᠦᠭᠡᠢ ᠭᠡᠵᠦ ᠲᠣᠳᠣᠷᠬᠠᠶ ᠲᠣᠭᠲᠠᠭ᠋ᠠᠵᠠᠶ᠃

      ᠬᠤᠶᠠᠷ᠎ᠲᠤ ᠮᠡᠳᠡᠭᠡ ᠵᠠᠩᠭᠢ ᠬᠠᠩᠭ᠋ᠠᠬᠤ ᠲᠠᠯ᠎ᠠ᠎ᠪᠠᠷ᠂ 《ᠬᠠᠮᠢᠶᠠᠷᠤᠯᠲᠠ ᠵᠢᠨ ᠠᠷᠭ᠎ᠠ》᠎ᠳᠤ᠂ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ 《  ᠬᠠᠮᠤᠭ᠎ᠤᠨ  ᠵᠢᠵᠢᠭᠯᠡᠨ ᠬᠠᠩᠭ᠋ᠠᠬᠤ 》 ᠵᠠᠷᠴᠢᠮ᠎ᠢ ᠪᠠᠷᠢᠮᠲᠠᠯᠠᠵᠤ᠂  ᠬᠠᠣᠯᠢ ᠶᠣᠰᠣᠭ᠋ᠠᠷ  ᠬᠡᠷᠡᠭᠯᠡᠭᠴᠢ ᠵᠢᠨ ᠦᠨᠡᠨ ᠪᠣᠳᠠᠲᠠᠶ ᠪᠡᠶ᠎ᠡ  ᠬᠡᠮ᠎ᠢ ᠬᠠᠷᠭᠣᠭᠣᠯᠣᠨ ᠪᠠᠢ᠌ᠴᠠᠭ᠋ᠠᠬᠤ ᠴᠢᠬᠣᠯᠠᠲᠠᠢ ᠪᠣᠯᠪᠠᠴᠤ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠵᠢ ᠦᠯᠡᠳᠡᠭᠡᠨ ᠬᠠᠳᠠᠭ᠋ᠠᠯᠠᠬᠤ ᠴᠢᠬᠤᠯᠠ  ᠦᠭᠡᠢ ᠪᠠᠶ᠋ᠢᠪᠠᠯ᠂ ᠵᠥᠪᠬᠡᠨ ᠢᠨᠲ᠋ᠧᠷ ᠰᠦᠯᠵᠢᠶᠡᠨ᠎ᠤ ᠲᠠᠪᠴᠠᠩ᠎ᠳᠤ  ᠬᠠᠷᠭᠣᠭᠣᠯᠣᠨ ᠪᠠᠢ᠌ᠴᠠᠭ᠋ᠠᠭᠰᠠᠨ  ᠦᠷ᠎ᠡ ᠳ᠋ᠦᠩ᠎ᠢ  ᠬᠠᠩᠭ᠋ᠠᠬᠤ᠎ᠠᠴᠠ ᠪᠢᠰᠢ ᠂ ᠪᠤᠰᠤᠳ ᠮᠡᠳᠡᠭᠡ ᠵᠠᠩᠭᠢ ᠵᠢ  ᠬᠠᠩᠭ᠋ᠠᠬᠤ  ᠦᠭᠡᠢ ᠂  ᠬᠡᠷᠡᠭᠯᠡᠭᠴᠢ ᠵᠢᠨ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ ᠦᠨᠡᠮᠯᠡᠯ᠎ᠤᠨ ᠮᠡᠳᠡᠭᠡ  ᠵᠠᠩᠭᠢ ᠵᠢ  ᠬᠠᠤᠯᠢ  ᠶᠣᠰᠣᠭ᠋ᠠᠷ  ᠣᠯᠵᠤ᠂  ᠦᠯᠡᠳᠡᠭᠡᠨ ᠬᠠᠳᠠᠭ᠋ᠠᠯᠠᠬᠤ ᠴᠢᠬᠤᠯᠠᠲᠠᠶ ᠪᠠᠶ᠋ᠢᠪᠠᠯ᠂ ᠬᠡᠷᠡᠭᠯᠡᠭᠴᠢᠳ᠎ᠤᠨ  ᠲᠤᠰᠠᠭ᠋ᠠᠷ  ᠵᠦᠪᠰᠢᠶᠡᠷᠡᠯ ᠵᠶ᠋ᠡᠷ ᠳᠠᠮᠵᠢᠨ ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠢᠨᠲ᠋ᠧᠷ ᠰᠦᠯᠵᠢᠶᠡᠨ᠎ᠤ ᠲᠠᠪᠴᠠᠩ᠎ᠳᠤ ᠴᠢᠬᠤᠯᠠ ᠪᠦᠬᠦᠢ ᠢᠯᠡ ᠪᠢᠴᠢᠭ᠎ᠤᠨ  ᠪᠡᠶ᠎ᠡ ᠬᠡᠮ᠎ᠤᠨ  ᠮᠡᠳᠡᠭᠡ ᠵᠠᠩᠭᠢ ᠵᠢ ᠬᠠᠩᠭ᠋ᠠᠵᠤ ᠪᠣᠯᠤᠨ᠎ᠠ ᠭᠡᠵᠦ ᠲᠣᠭᠲᠠᠭ᠋ᠠᠵᠠᠶ᠃ ᠡᠭᠦᠨ᠎ᠠᠴᠠ       ᠭᠠᠳᠠᠨ᠎ᠠ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠬᠠᠮᠵᠢᠯᠴᠠᠬᠤ ᠡᠭᠦᠷᠭᠡ᠎ᠪᠠᠨ ᠭᠦᠢ᠍ᠴᠡᠳᠬᠡᠬᠦ  ᠬᠡᠷᠡᠭᠲᠡᠶ  ᠭᠡᠵᠦ  ᠲᠣᠭᠲᠠᠭ᠋ᠠᠭᠰᠠᠨ ᠪᠠᠶ᠋ᠢᠪᠠᠯ᠂ ᠣᠯᠠᠨ ᠨᠡᠶ᠋ᠢᠲᠡ ᠵᠢᠨ  ᠦᠢ᠍ᠯᠡᠴᠢᠯᠡᠭᠡᠨ᠎ᠤ ᠲᠠᠪᠴᠠᠩ᠎ᠨᠢ ᠬᠠᠤᠯᠢ ᠶᠣᠰᠣᠭ᠋ᠠᠷ ᠬᠠᠮᠢᠶ᠎ᠠ ᠪᠥᠬᠦᠶ ᠮᠡᠳᠡᠭᠡ ᠵᠠᠩᠭᠢ ᠵᠢ ᠬᠠᠩᠭ᠋ᠠᠬᠤ ᠬᠡᠷᠡᠭᠲᠡᠶ ᠂ ᠭᠡᠪᠡᠴᠦ ᠬᠠᠩᠭ᠋ᠠᠭᠰᠠᠨ ᠮᠡᠳᠡᠭᠡ ᠵᠠᠩᠭᠢ᠎ᠨᠢ ᠵᠥᠪᠬᠡᠨ ᠰᠦᠯᠵᠢᠶᠡᠨ᠎ᠤ  ᠳ᠋ᠤᠭ᠋ᠠᠷ ᠂ ᠰᠦᠯᠵᠢᠶᠡᠨ᠎ᠤ ᠦᠨᠡᠮᠯᠡᠯ᠎ᠲᠠᠢ ᠬᠠᠷᠠᠭ᠋ᠠᠯᠵᠠᠭᠰᠠᠨ ᠦᠨᠡᠨ ᠪᠣᠳᠠᠲᠠᠶ ᠪᠡᠶ᠎ᠡ  ᠬᠡᠮ᠎ᠤᠨ  ᠮᠡᠳᠡᠭᠡ  ᠵᠠᠩᠭᠢ ᠪᠠ ᠭᠡᠷᠡᠴᠢᠯᠡᠯ᠎ᠤᠨ ᠡᠳᠦᠷ᠎ᠤᠨ ᠲᠡᠮᠳᠡᠭᠯᠡᠯ᠎ᠤᠨ ᠮᠡᠳᠡᠭᠡ  ᠵᠠᠩᠭᠢ᠎ᠪᠠᠷ ᠬᠢᠵᠠᠭ᠋ᠠᠷᠯᠠᠭᠳᠠᠨ᠎ᠠ ᠃

      ᠭᠤᠷᠪᠠ᠎ᠳᠤ  ᠪᠤᠰᠤᠳ  ᠮᠡᠳᠡᠭᠡ  ᠵᠠᠩᠭᠢ ᠵᠢ  ᠰᠢᠢ᠍ᠳᠪᠦᠷᠢᠯᠡᠬᠦ  ᠲᠠᠯ᠎ᠠ᠎ᠪᠠᠷ ᠂ 《ᠬᠠᠮᠢᠶᠠᠷᠤᠯᠲᠠ ᠵᠢᠨ ᠠᠷᠭ᠎ᠠ》᠎ᠳᠤ ᠂  ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠬᠤᠪᠢ ᠬᠥᠮᠦᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ ᠪᠤᠶᠤ ᠪᠠᠶ᠋ᠢᠭ᠋ᠠᠯᠢ ᠬᠥᠮᠦᠨ᠎ᠳᠤ  ᠣᠯᠠᠨ ᠨᠡᠶ᠋ᠢᠲᠡ ᠵᠢᠨ ᠦᠢ᠍ᠯᠡᠴᠢᠯᠡᠭᠡ  ᠬᠠᠩᠭ᠋ᠠᠬᠤ᠎ᠳᠤ᠎ᠪᠠᠨ ᠂ ᠮᠡᠳᠡᠭᠳᠡᠬᠦ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ ᠵᠢᠨ ᠬᠠᠮᠲᠤ   ᠲᠡᠲᠡᠨ᠎ᠤ ᠵᠥᠪᠰᠢᠶᠡᠷᠡᠯ᠎ᠢ ᠤᠯᠬᠤ ᠬᠡᠷᠡᠭᠲᠡᠶ ᠭᠡᠵᠦ ᠲᠣᠭᠲᠠᠭ᠋ᠠᠵᠠᠶ᠃  ᠨᠢᠭᠣᠴᠠ ᠴᠢᠬᠤᠯᠠ ᠰᠢᠨᠵᠢᠲᠤ  ᠬᠤᠪᠢ ᠬᠦᠮᠦᠨ᠎ᠤ ᠮᠡᠳᠡᠭᠡ ᠵᠠᠩᠬᠢ ᠵᠢ ᠰᠢᠢ᠍ᠳᠪᠦᠷᠢᠯᠡᠬᠦ᠎ᠳᠤ ᠪᠠᠰᠠ ᠬᠤᠪᠢ ᠬᠦᠮᠦᠨ᠎ᠤ ᠲᠤᠰᠠᠭ᠋ᠠᠷ ᠵᠦᠪᠰᠢᠶᠡᠷᠡᠯ᠎ᠢ ᠣᠯᠬᠤ ᠬᠡᠷᠡᠭᠳᠡᠢ᠃

      ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠎ᠨᠢ  ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ  ᠭᠡᠷᠡᠴᠢᠯᠡᠯ᠎ᠤᠨ  ᠣᠯᠠᠨ  ᠨᠡᠶ᠋ᠢᠲᠡ ᠵᠢᠨ  ᠦᠢ᠍ᠯᠡᠴᠢᠯᠡᠭᠡᠨ᠎ᠤ  ᠲᠠᠪᠴᠠᠩ᠎ᠤᠨ  ᠲᠤᠭ᠎ᠠ  ᠪᠠᠷᠢᠮᠲᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠲᠤᠬᠠᠶ ᠬᠡᠷᠬᠢᠨ ᠲᠣᠭᠲᠠᠭ᠋ᠠᠭᠰᠠᠨ ᠪᠣᠶ?

      ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠨᠢ 《ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠤᠯᠢ》 ᠵᠡᠷᠭᠡ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠨ᠂ ᠤᠯᠤᠰ᠎ᠤᠨ  ᠰᠦᠯᠵᠢᠶᠡᠨ᠎ᠤ  ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ  ᠬᠦᠴᠦᠲᠡᠶ  ᠠᠷᠭ᠎ᠠ ᠬᠡᠮᠵᠢᠶ᠎ᠡ  ᠠᠪᠴᠤ᠂ ᠲᠤᠭ᠎ᠠ ᠪᠠᠷᠢᠮᠲᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠬᠡᠷᠡᠭᠲᠡᠶ ᠭᠡᠵᠦ ᠱᠠᠭ᠋ᠠᠷᠳᠠᠪᠠ᠃

      ᠨᠢᠭᠡ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠠᠮᠤᠷ ᠲᠦᠪᠰᠢᠨ᠎ᠤ ᠬᠠᠮᠢᠶᠠᠷᠤᠯᠲᠠ ᠵᠢᠨ  ᠲᠦᠷᠢᠮ  ᠬᠢᠭᠡᠳ  ᠮᠡᠷᠭᠡᠵᠢᠯ᠎ᠤᠨ ᠰᠡᠷᠭᠡᠶ᠋ᠢᠯᠡᠨ  ᠬᠠᠮᠠᠭ᠋ᠠᠯᠠᠬᠤ ᠠᠷᠭ᠎ᠠ ᠬᠡᠮᠵᠢᠶ᠎ᠡ ᠵᠢ ᠪᠠᠶ᠋ᠢᠭᠤᠯᠬᠤ ᠵᠢᠨ  ᠬᠠᠮᠲᠤ  ᠨᠠᠶ᠋ᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠲᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠦᠯᠵᠢᠶᠡᠨ᠎ᠤ  ᠠᠵᠢᠯᠯᠠᠭ᠋ᠠᠨ᠎ᠤ ᠠᠮᠤᠷ ᠲᠦᠪᠰᠢᠨ᠂ ᠲᠤᠭ᠎ᠠ ᠪᠠᠷᠢᠮᠲᠠ ᠵᠢᠨ ᠠᠮᠤᠷ ᠲᠦᠪᠰᠢᠨ ᠪᠠ ᠬᠤᠪᠢ ᠬᠥᠮᠦᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠬᠤ ᠬᠡᠷᠡᠭᠲᠡᠶ᠃

      ᠬᠤᠶᠠᠷ᠎ᠲᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠵᠶ᠋ᠠᠷ  ᠰᠢᠢ᠍ᠳᠪᠦᠷᠢᠯᠡᠭᠰᠡᠨ ᠴᠢᠬᠤᠯᠠ ᠲᠤᠭ᠎ᠠ ᠪᠠᠷᠢᠮᠲᠠ ᠪᠠ ᠬᠤᠪᠢ ᠬᠥᠮᠦᠨ᠎ᠤ ᠮᠡᠳᠡᠭᠡ ᠵᠠᠩᠭᠢ ᠵᠢ ᠬᠢᠯᠢ ᠵᠢᠨ ᠳᠣᠲᠣᠷ᠎ᠠ ᠬᠠᠳᠠᠭ᠋ᠠᠯᠠᠬᠤ  ᠬᠡᠷᠡᠭᠲᠡᠶ ᠂  ᠲᠤᠬᠠᠶ᠋ᠢᠯᠠᠭᠰᠠᠨ  ᠠᠵᠢᠯ᠎ᠤᠨ  ᠬᠡᠷᠡᠭᠴᠡᠭᠡ᠎ᠠᠴᠠ ᠪᠣᠯᠵᠤ ᠬᠢᠯᠢ ᠵᠢᠨ ᠭᠠᠳᠠᠨ᠎ᠠ ᠦᠨᠡᠨ ᠬᠦ᠌ ᠬᠠᠩᠭ᠋ᠠᠬᠤ ᠴᠢᠬᠤᠯᠠᠲᠠᠶ ᠪᠠᠶ᠋ᠢᠪᠠᠯ᠂ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ  ᠠᠶᠣᠯᠭᠦᠢ ᠵᠢᠨ ᠦᠨᠡᠯᠡᠨ ᠵᠢᠱ᠌ᠢᠯᠲᠡ  ᠬᠢᠬᠦ ᠬᠡᠷᠡᠭᠲᠡᠶ᠃

      ᠭᠤᠷᠪᠠ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ ᠰᠦᠯᠵᠢᠶᠡᠨ᠎ᠤ ᠠᠵᠢᠯᠯᠠᠭ᠋ᠠᠨ᠎ᠤ ᠠᠮᠤᠷ ᠲᠦᠪᠰᠢᠨ᠂ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠡᠷᠡᠭ ᠭᠠᠷᠤᠭᠰᠠᠨ ᠪᠠᠶ᠋ᠢᠪᠠᠯ᠂ ᠤᠯᠤᠰ᠎ᠤᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ  ᠳᠠᠷᠤᠢ ᠲᠦᠷᠭᠡᠨ  ᠡᠬᠢᠯᠡᠭᠦᠯᠵᠦ᠂ ᠴᠢᠬᠤᠯᠠ ᠪᠥᠬᠦᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠵᠤ᠂ ᠬᠡᠷᠡᠭᠯᠡᠭᠴᠢᠳ᠎ᠲᠤ ᠴᠠᠭ ᠲᠤᠬᠠᠶ᠎ᠳᠤ᠎ᠨᠢ  ᠮᠡᠳᠡᠭᠳᠡᠬᠦ ᠵᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃

      ᠳᠥᠷᠪᠡ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠪᠠ ᠦᠢ᠍ᠯᠡᠴᠢᠯᠡᠭᠡ᠎ᠨᠢ ᠨᠢᠭᠤᠴᠠ  ᠲᠡᠮᠳᠡᠭ᠎ᠲᠠᠢ ᠬᠣᠯᠪᠣᠭᠳᠠᠪᠠᠯ᠂ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ  ᠨᠡᠢ᠌ᠴᠡᠭᠰᠡᠨ ᠪᠠᠢ᠌ᠬᠤ  ᠬᠡᠷᠡᠭᠲᠡᠶ᠃

      ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》᠎ᠳᠤ ᠰᠠᠨᠠᠯ ᠬᠤᠷᠢᠶᠠᠭᠰᠠᠨ ᠪᠠ ᠭᠥᠯᠢᠶᠡᠨ  ᠠᠪᠴᠤ ᠰᠢᠩᠭᠡᠭᠡᠭᠰᠡᠨ  ᠪᠠᠶ᠋ᠢᠳᠠᠯ  ᠶᠠᠮᠠᠷ ᠰᠢᠦ ᠪᠠᠢ᠌ᠨ᠎ᠠ ?

      ᠬᠠᠷᠢᠭᠤᠯᠲᠠ᠄ 2024 ᠣᠨ᠎ᠤ 7  ᠳ᠋ᠤᠭ᠋ᠠᠷ  ᠰᠠᠷ᠎ᠠ ᠵᠢᠨ 26᠎ᠤ ᠡᠳᠦᠷ᠎ᠠᠴᠠ 8  ᠳ᠋ᠤᠭ᠋ᠠᠷ  ᠰᠠᠷ᠎ᠠ ᠵᠢᠨ 25᠎ᠤ ᠡᠳᠦᠷ ᠪᠣᠯᠲᠠᠯ᠎ᠠ᠂  ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ  ᠮᠡᠳᠡᠭᠡ  ᠵᠠᠩᠭᠢ ᠵᠢᠨ  ᠠᠯᠪᠠᠨ ᠬᠡᠷ ᠎ᠨᠢ 《ᠬᠠᠮᠢᠶᠠᠷᠤᠯᠲᠠ ᠵᠢᠨ ᠠᠷᠭ᠎ᠠ》 ᠵᠢᠨ ᠲᠤᠬᠠᠶ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠪᠠ᠃ ᠡᠨᠡ  ᠬᠤᠭᠤᠴᠠᠭ᠋ᠠᠨ᠎ᠳᠤ᠂ ᠨᠡᠶ᠋ᠢᠭᠡᠮ᠎ᠤᠨ  ᠲᠣᠰᠬᠠᠯ ᠴᠢᠩᠭ᠎ᠠ ᠪᠠᠢ᠌ᠵᠦ᠂ ᠡᠯ᠎ᠡ ᠠᠷᠭ᠎ᠠ ᠵᠠᠮ ᠵᠶ᠋ᠠᠷ ᠬᠣᠷᠢᠶᠠᠭᠰᠠᠨ ᠰᠠᠨᠠᠯ  ᠰᠠᠨᠠᠭᠤᠯᠭ᠎ᠠ 1.7 ᠲᠦᠮᠡ ᠭᠠᠷᠤᠶ ᠵᠤᠷᠪᠤᠰ  ᠪᠠᠢ᠌ᠵᠦ ᠂ ᠵᠠᠭᠤᠴᠢᠯᠠᠭᠤᠷ  ᠪᠣᠯᠤᠨ ᠰᠦᠯᠵᠢᠶᠡᠨ᠎ᠤ ᠠᠷᠠᠳ᠎ᠤᠨ ᠦᠵᠡᠬᠦ᠎ᠪᠠᠷ ᠲᠣᠰ ᠠᠵᠢᠯᠯᠠᠭ᠎ᠠ᠎ᠨᠢ ᠬᠤᠪᠢ ᠬᠥᠮᠦᠨ᠎ᠤ  ᠮᠡᠳᠡᠭᠡ ᠵᠠᠩᠭᠢ ᠵᠢ ᠬᠠᠮᠠᠭ᠋ᠠᠯᠠᠬᠤ᠂ ᠰᠦᠯᠵᠢᠶᠡᠨ᠎ᠤ ᠣᠷᠴᠢᠨ ᠲᠣᠭᠤᠷᠢᠨ᠎ᠢ ᠴᠡᠪᠡᠷᠰᠢᠭᠦᠯᠬᠦ᠎ᠳᠤ  ᠠᠰᠢᠭᠲᠠᠶ ᠭᠡᠪᠡ᠃ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠤᠯᠠᠨ  ᠨᠡᠶ᠋ᠢᠲᠡ ᠵᠢᠨ ᠦᠢ᠍ᠯᠡᠴᠢᠯᠡᠭᠡᠨ᠎ᠤ ᠭᠤᠣᠯ ᠭᠦᠢ᠍ᠴᠡᠳᠬᠡᠯ ᠲᠤᠭ᠎ᠠ᠎ᠠᠴᠠ ᠠᠪᠴᠤ ᠦᠵᠡᠪᠡᠯ᠂ ᠰᠠᠨᠠᠯ  ᠬᠤᠷᠢᠶᠠᠬᠤ ᠬᠤᠭᠤᠴᠠᠭ᠋ᠠᠨ᠎ᠳᠤ᠂ 《ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ》᠎ᠤᠨ APP ᠵᠢᠨ  ᠪᠠᠭᠣᠯᠭ᠋ᠠᠭᠰᠠᠨ  ᠬᠡᠮᠵᠢᠶ᠎ᠡ ᠎ᠨᠢ  ᠠᠳᠠᠯᠢ ᠬᠤᠭᠤᠴᠠᠭ᠋ᠠᠨ᠎ᠤ᠎ᠬᠢ᠎ᠠᠴᠠ 90.9%᠎ᠪᠠᠷ  ᠨᠡᠮᠡᠭᠳᠡᠵᠦ᠂ ᠰᠦᠯᠵᠢᠶᠡᠨ᠎ᠤ ᠳ᠋ᠤᠭ᠋ᠠᠷ  ᠪᠠ  ᠰᠦᠯᠵᠢᠶᠡᠨ᠎ᠤ ᠦᠨᠡᠮᠯᠡᠯ ᠭᠤᠶᠤᠴᠢᠯᠠᠨ  ᠠᠪᠣᠭᠰᠠᠨ  ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 129.9%᠎ᠪᠠᠷ ᠨᠡᠮᠡᠭᠳᠡᠵᠦ᠂  ᠬᠡᠷᠡᠭᠯᠡᠭᠴᠢᠳ᠎ᠤᠨ ᠦᠢ᠍ᠯᠡᠴᠢᠯᠡᠭᠡᠨ᠎ᠤ  ᠵᠥᠪᠯᠡᠯᠭᠡ  ᠠᠪᠬᠤ  ᠬᠡᠮᠵᠢᠶ᠎ᠡ  ᠠᠳᠠᠯᠢ ᠬᠤᠭᠤᠴᠠᠭ᠋ᠠᠨ᠎ᠤ᠎ᠬᠢ᠎ᠠᠴᠠ 295%᠎ᠪᠠᠷ  ᠨᠡᠮᠡᠭᠳᠡᠵᠡᠢ ᠂  ᠡᠨᠡ᠎ᠨᠢ  ᠥᠷᠭᠡᠨ  ᠤᠯᠠᠨ  ᠰᠦᠯᠵᠢᠶᠡᠨ᠎ᠤ ᠬᠡᠷᠡᠭᠯᠡᠭᠴᠢᠳ᠎ᠤᠨ ᠤᠯᠤᠰ᠎ᠤᠨ  ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠤᠯᠠᠨ ᠨᠡᠶ᠋ᠢᠲᠡ ᠵᠢᠨ ᠦᠢ᠍ᠯᠡᠴᠢᠯᠡᠭᠡ ᠵᠢ  ᠳᠡᠮᠵᠢᠵᠦ  ᠮᠡᠳᠡᠷᠡᠨ  ᠵᠦᠪᠰᠢᠶᠡᠷᠡᠵᠦ ᠪᠠᠢ᠌ᠬᠤ ᠵᠢ ᠭᠦᠢ᠍ᠴᠡᠳ  ᠬᠠᠷᠠᠭᠣᠯᠣᠭᠰᠠᠨ ᠪᠠᠢ᠌ᠨ᠎ᠠ ᠃ ᠡᠭᠦᠨ᠎ᠠᠴᠠ  ᠭᠠᠳᠠᠨ᠎ᠠ ᠂ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ ᠨᠡᠶ᠋ᠢᠲᠡ ᠵᠢᠨ  ᠦᠢ᠍ᠯᠡᠴᠢᠯᠡᠭᠡ ᠪᠠ ᠰᠦᠯᠵᠢᠶᠡᠨ᠎ᠤ  ᠳ᠋ᠤᠭ᠋ᠠᠷ  ᠰᠦᠯᠵᠢᠶᠡᠨ᠎ᠤ ᠦᠨᠡᠮᠯᠡᠯ ᠪᠣᠯ ᠤᠶᠤᠨᠴᠢᠯᠠᠭᠰᠠᠨ᠂  ᠰᠦᠯᠵᠢᠶᠡᠵᠢᠭᠰᠡᠨ᠂ ᠲᠣᠭ᠋ᠠᠴᠢᠯᠠᠭᠰᠠᠨ ᠴᠠᠭ ᠦᠶ᠎ᠡ᠎ᠳᠤ ᠬᠠᠨᠳᠤᠭᠤᠯᠤᠭᠰᠠᠨ ᠬᠤᠪᠢ ᠬᠥᠮᠦᠨ᠎ᠤ  ᠮᠡᠳᠡᠭᠡ ᠵᠠᠩᠭᠢ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠲᠣᠭ᠋ᠠᠴᠢᠯᠠᠭᠰᠠᠨ ᠠᠵᠤ ᠠᠬᠤᠶ ᠵᠢᠨ  ᠬᠥᠭᠵᠢᠯᠲᠡ ᠵᠢ ᠠᠬᠢᠭᠤᠯᠬᠤ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠮᠥᠨ᠂ ᠡᠨᠡ᠎ᠨᠢ ᠰᠢᠨ᠎ᠡ  ᠬᠡᠷᠡᠭ ᠪᠣᠳᠠᠰ᠎ᠲᠤ  ᠬᠠᠷᠢᠶᠠᠯᠠᠭᠳᠠᠨ᠎ᠠ ᠂ ᠨᠡᠶ᠋ᠢᠭᠡᠮ ᠳᠡᠭᠡᠷ᠎ᠡ ᠪᠠᠰᠠ ᠵᠠᠷᠢᠮ ᠠᠳᠠᠯᠢ ᠪᠤᠰᠤ  ᠬᠡᠯᠡᠯᠴᠡᠭᠡ ᠭᠠᠷᠣᠭᠰᠠᠨ ᠴᠤ᠌ ᠂  ᠡᠨᠡ᠎ᠨᠢ  ᠬᠡᠪ᠎ᠤᠨ ᠦᠵᠡᠭᠳᠡᠯ᠎ᠳᠤ ᠲᠣᠭ᠋ᠠᠴᠠᠭᠳᠠᠨ᠎ᠠ᠃

      ᠬᠤᠷᠢᠶᠠᠨ ᠣᠯᠤᠭᠰᠠᠨ ᠰᠠᠨᠠᠯ᠎ᠳᠤ᠂ 《ᠬᠠᠮᠢᠶᠠᠷᠤᠯᠲᠠ ᠵᠢᠨ ᠠᠷᠭ᠎ᠠ》 ᠵᠢᠨ  ᠵᠤᠷᠪᠤᠰ  ᠪᠠᠳᠠᠭ᠎ᠤᠨ ᠪᠦᠲᠦᠭᠡᠯᠴᠢ  ᠴᠢᠨᠠᠷᠲᠠᠶ  ᠰᠠᠨᠠᠯ  ᠰᠠᠨᠠᠭᠤᠯᠭ᠎ᠠ᠎ᠳᠤ ᠴᠢᠭᠯᠡᠭᠦᠯᠦᠨ ᠭᠤᠤᠯᠳᠠᠭᠤ ᠰᠦᠯᠵᠢᠶᠡᠨ᠎ᠤ  ᠳ᠋ᠤᠭ᠋ᠠᠷ  ᠰᠦᠯᠵᠢᠶᠡᠨ᠎ᠤ ᠦᠨᠡᠮᠯᠡᠯ᠎ᠤᠨ ᠬᠡᠷᠡᠭᠯᠡᠯᠲᠡ ᠵᠢᠨ ᠰᠠᠶ᠋ᠢᠨ ᠳᠤᠷ᠎ᠠ ᠵᠢᠨ ᠴᠢᠨᠠᠷ᠎ᠢ ᠦᠨᠡᠨ  ᠬᠦ᠌ ᠪᠠᠲᠤᠯᠠᠬᠤ᠂ ᠰᠦᠯᠵᠢᠶᠡᠨ᠎ᠤ  ᠳ᠋ᠤᠭ᠋ᠠᠷ  ᠰᠦᠯᠵᠢᠶᠡᠨ᠎ᠤ ᠦᠨᠡᠮᠯᠡᠯ᠎ᠤᠨ ᠬᠡᠷᠡᠭᠯᠡᠯᠲᠡ ᠵᠢᠨ ᠰᠠᠢ᠌ᠨ ᠳᠣᠷ᠎ᠠ ᠵᠢᠨ ᠴᠢᠨᠠᠷ᠎ᠢ ᠦᠨᠡᠨ ᠬᠦ᠌  ᠪᠠᠲᠤᠯᠠᠬᠤ᠂  ᠰᠦᠯᠵᠢᠶᠡᠨ᠎ᠤ  ᠳ᠋ᠤᠭ᠋ᠠᠷ  ᠰᠦᠯᠵᠢᠶᠡᠨ᠎ᠤ ᠦᠨᠡᠮᠯᠡᠯ  ᠬᠡᠷᠡᠭᠯᠡᠭᠰᠡᠨ ᠦᠭᠡᠢ ᠬᠡᠷᠡᠭᠯᠡᠭᠴᠢ ᠵᠢᠨ ᠠᠳᠠᠯᠢ ᠲᠡᠭᠰᠢ ᠰᠦᠯᠵᠢᠶᠡᠨ᠎ᠤ ᠦᠢ᠍ᠯᠡᠴᠢᠯᠡᠭᠡ ᠬᠦᠷᠲᠡᠬᠦ ᠡᠷᠬᠡ ᠵᠢ  ᠪᠠᠲᠣᠯᠠᠬᠤ᠂  ᠣᠯᠠᠨ  ᠨᠡᠶ᠋ᠢᠲᠡ ᠵᠢᠨ  ᠦᠢ᠍ᠯᠡᠴᠢᠯᠡᠭᠡᠨ᠎ᠤ ᠲᠠᠪᠴᠠᠩ᠎ᠤᠨ ᠲᠣᠰ ᠪᠡᠶ᠎ᠡ ᠵᠢᠨ ᠬᠢᠨᠠᠯᠲᠠ  ᠬᠠᠮᠢᠶᠠᠷᠤᠯᠲᠠ ᠵᠢ ᠴᠢᠩᠭ᠋ᠠᠳᠬᠠᠬᠤ ᠂  ᠲᠤᠭ᠎ᠠ  ᠪᠠᠷᠢᠮᠲᠠ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ  ᠴᠢᠩᠭ᠋ᠠᠳᠬᠠᠬᠤ᠂ ᠨᠠᠰᠤᠨ᠎ᠳᠤ ᠥᠯᠥ ᠭᠦᠷᠦᠭᠰᠡᠳ᠎ᠤᠨ ᠰᠦᠯᠵᠢᠶᠡᠨ᠎ᠤ ᠡᠷᠬᠡ ᠠᠰᠢᠭ᠎ᠢ  ᠬᠠᠮᠠᠭ᠋ᠠᠯᠠᠬᠤ ᠵᠡᠷᠭᠡ ᠵᠢ ᠴᠢᠩᠭ᠋ᠠᠳᠬᠠᠨ᠎ᠠ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ  ᠢᠨᠲ᠋ᠧᠷ ᠰᠦᠯᠵᠢᠶᠡᠨ᠎ᠤ  ᠮᠡᠳᠡᠭᠡ ᠵᠠᠩᠭᠢ ᠵᠢᠨ ᠠᠯᠪᠠᠨ ᠭᠡᠷ ᠵᠡᠷᠭᠡ ᠰᠠᠯᠠᠭ᠎ᠠ ᠮᠥᠴᠢᠷ᠎ᠤᠳ  ᠳᠡᠭᠡᠷ᠎ᠡ  ᠳᠤᠷᠠᠳᠤᠭᠰᠠᠨ  ᠰᠠᠨᠠᠯ᠎ᠢ ᠪᠦᠬᠦ  ᠲᠠᠯ᠎ᠠ᠎ᠪᠠᠷ  ᠡᠮᠬᠢᠯᠡᠨ ᠲᠢᠭᠯᠡᠭᠰᠡᠨ ᠪᠦᠭᠡᠳ  ᠤᠷᠢᠳ  ᠬᠤᠵᠢᠳ 3 ᠲᠠᠯᠠᠪᠤᠷ ᠲᠤᠰᠬᠠᠶ ᠮᠡᠷᠭᠡᠵᠢᠯᠲᠡᠨ᠎ᠤ ᠰᠤᠳᠤᠯᠤᠨ ᠶᠠᠷᠢᠯᠴᠠᠬᠤ ᠬᠤᠷᠠᠯ᠎ᠢ ᠵᠣᠬᠢᠶᠠᠨ  ᠪᠠᠶ᠋ᠢᠭᠤᠯᠵᠤ ᠂ ᠰᠦᠯᠵᠢᠶᠡᠨ᠎ᠤ ᠮᠡᠷᠭᠡᠵᠢᠯ᠂ ᠬᠠᠤᠯᠢ ᠴᠠᠭ᠋ᠠᠵᠠ ᠵᠢᠨ ᠬᠦᠷᠢᠶᠡᠨ ᠎ᠳᠠᠬᠢ  ᠲᠤᠰᠬᠠᠶ ᠮᠡᠷᠭᠡᠵᠢᠯᠲᠡᠨ  ᠡᠷᠳᠡᠮᠲᠡᠨ ᠵᠢᠴᠢ ᠢᠨᠲ᠋ᠧᠷ ᠰᠦᠯᠵᠢᠶᠡᠨ᠎ᠤ ᠠᠵᠤ ᠠᠬᠤᠶ᠋ᠢᠯᠠᠯ᠂ ᠠᠵᠢᠯ ᠲᠥᠷᠥᠯ᠎ᠤᠨ ᠬᠦᠷᠢᠶᠡᠨ ᠎ᠳᠠᠬᠢ  ᠲᠥᠯᠥᠭᠡᠯᠡᠭᠴᠢ ᠵᠡᠷᠭᠡ ᠵᠢᠨ ᠰᠠᠨᠠᠯ ᠰᠠᠨᠠᠭᠤᠯᠭ᠎ᠠ ᠵᠢ ᠭᠦᠢ᠍ᠴᠡᠳ ᠰᠣᠨᠣᠰᠴᠤ᠂  ᠨᠡᠶ᠋ᠢᠭᠡᠮ᠎ᠤᠨ  ᠬᠠᠷᠢᠭᠤ  ᠲᠤᠰᠬᠠᠭᠰᠠᠨ ᠰᠠᠨᠠᠯ᠎ᠢ ᠭᠦᠢ᠍ᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂ ᠠᠯᠢ  ᠴᠢᠳᠠᠬᠤ᠎ᠪᠠᠷ ᠰᠢᠩᠭᠡᠭᠡᠨ ᠠᠪᠬᠤ ᠵᠠᠷᠴᠢᠮ ᠶᠣᠰᠣᠭ᠋ᠠᠷ᠂ 《ᠬᠠᠮᠢᠶᠠᠷᠤᠯᠲᠠ ᠵᠢᠨ ᠠᠷᠭ᠎ᠠ》  ᠎ᠳᠤ  ᠣᠯᠠᠨ ᠤᠳᠠᠭ᠎ᠠ  ᠡᠭᠡᠯᠵᠢᠯᠡᠨ  ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠦᠯᠵᠢᠶᠡᠨ᠎ᠤ  ᠳ᠋ᠤᠭ᠋ᠠᠷ  ᠰᠦᠯᠵᠢᠶᠡᠨ᠎ᠤ ᠦᠨᠡᠮᠯᠡᠯ᠎ᠤᠨ ᠬᠡᠷᠡᠭᠯᠡᠯᠲᠡ ᠵᠢᠨ ᠰᠠᠶ᠋ᠢᠨ ᠳᠤᠷ᠎ᠠ ᠵᠢᠨ ᠴᠢᠨᠠᠷ᠎ᠢ ᠦᠨᠡᠨ ᠬᠦ᠌  ᠪᠠᠲᠤᠯᠠᠬᠤ᠂  ᠰᠦᠯᠵᠢᠶᠡᠨ᠎ᠤ  ᠳ᠋ᠤᠭ᠋ᠠᠷ  ᠰᠦᠯᠵᠢᠶᠡᠨ᠎ᠤ ᠦᠨᠡᠮᠯᠡᠯ᠎ᠢ ᠬᠡᠷᠡᠭᠯᠡᠭᠰᠡᠨ ᠦᠭᠡᠢ  ᠬᠡᠷᠡᠭᠯᠡᠭᠴᠢᠳ᠎ᠲᠤ ᠠᠳᠠᠯᠢ ᠲᠡᠭᠰᠢ ᠦᠢ᠍ᠯᠡᠴᠢᠯᠡᠭᠡ ᠬᠠᠩᠭ᠋ᠠᠬᠤ ᠵᠢ ᠦᠨᠡᠨ ᠬᠦ᠌ ᠪᠠᠲᠣᠯᠠᠬᠤ᠂ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠣᠯᠲᠠ ᠵᠢ ᠴᠢᠩᠭ᠋ᠠᠳᠬᠠᠬᠤ᠂ ᠨᠠᠰᠣᠨ᠎ᠳᠤ ᠦᠯᠦ ᠬᠦᠷᠦᠭᠰᠡᠳ᠎ᠤᠨ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠵᠡᠷᠭᠡ ᠠᠭᠣᠯᠭ᠎ᠠ ᠵᠢ ᠭᠣᠣᠯᠳᠠᠯᠭ᠎ᠠ᠎ᠲᠠᠢ ᠨᠡᠮᠡᠪᠡ᠃  ᠡᠭᠦᠨ᠎ᠠᠴᠠ  ᠭᠠᠳᠠᠨ᠎ᠠ᠂  ᠬᠤᠯᠪᠣᠭᠳᠠᠯ ᠪᠥᠬᠦᠶ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ᠂ ᠮᠡᠷᠭᠡᠵᠢᠯ᠎ᠤᠨ  ᠲᠤᠰᠬᠠᠶ  ᠮᠡᠷᠭᠡᠵᠢᠯᠲᠡᠨ᠎ᠤ  ᠰᠠᠨᠠᠭᠤᠯᠭ᠎ᠠ ᠵᠢ ᠦᠨᠳᠦᠰᠦᠯᠡᠬᠦ ᠵᠢᠨ ᠬᠠᠮᠲᠤ ᠳᠡᠯᠡᠬᠡᠶ ᠵᠢᠨ ᠭᠤᠤᠯ  ᠪᠣᠯᠬᠤ  ᠤᠯᠤᠰ᠎ᠤᠨ  ᠲᠣᠭ᠋ᠠᠴᠢᠯᠠᠭᠰᠠᠨ  ᠪᠡᠶ᠎ᠡ  ᠬᠡᠮ᠎ᠤᠨ  ᠲᠣᠭᠲᠠᠯᠴᠠᠭ᠎ᠠ ᠵᠢᠨ  ᠪᠠᠶ᠋ᠢᠭᠤᠯᠤᠯᠲᠠ ᠵᠢᠨ  ᠨᠡᠶ᠋ᠢᠳᠡᠮ  ᠬᠡᠷᠡᠭᠯᠡᠵᠦ ᠪᠠᠢ᠌ᠭ᠎ᠠ  ᠠᠷᠭ᠎ᠠ ᠬᠢᠳᠡᠯ ᠵᠶ᠋ᠠᠷ ᠲᠣᠯᠢ ᠪᠣᠯᠭ᠋ᠠᠵᠤ᠂ ᠲᠤᠷᠰᠢᠨ ᠬᠡᠷᠡᠭᠯᠡᠬᠦ  ᠦᠶ᠎ᠡ ᠵᠢᠨ  ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ  ᠭᠡᠷᠡᠴᠢᠯᠡᠯ᠎ᠤᠨ APP ᠵᠢᠨ ᠵᠢᠷᠤᠭ  ᠲᠡᠮᠳᠡᠭ᠎ᠲᠠᠬᠢ 《ᠪᠡᠶ᠎ᠡ  ᠬᠡᠮ᠎ᠤᠨ  ᠭᠡᠷᠡᠴᠢᠯᠡᠯ》᠎ᠢ 《  ᠲᠣᠭ᠋ᠠᠴᠢᠯᠠᠭᠰᠠᠨ  ᠪᠡᠶ᠎ᠡ  ᠬᠡᠮ 》 ᠭᠡᠵᠦ  ᠵᠠᠰᠠᠪᠠ᠃

      ᠠᠰᠠᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ  ᠨᠡᠶ᠋ᠢᠲᠡ ᠵᠢᠨ ᠦᠢ᠍ᠯᠡᠴᠢᠯᠡᠭᠡ ᠵᠢ ᠣᠲᠣ ᠵᠢᠨ ᠪᠠᠶ᠋ᠢᠭ᠎ᠠ  ᠭᠡᠷᠡᠴᠢᠯᠡᠯ᠎ᠤᠨ  ᠠᠷᠭ᠎ᠠ ᠮᠠᠶᠢᠭ᠎ᠲᠠᠢ  ᠬᠠᠷᠢᠴᠠᠭᠤᠯᠪᠠᠯ᠂ ᠶᠠᠮᠠᠷ ᠳᠠᠪᠠᠭᠤᠯᠢᠭ  ᠲᠠᠯ᠎ᠠ᠎ᠲᠠᠢ ᠪᠣᠶ?

      ᠬᠠᠷᠢᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ  ᠨᠡᠶ᠋ᠢᠲᠡ ᠵᠢᠨ ᠦᠢ᠍ᠯᠡᠴᠢᠯᠡᠭᠡ᠎ᠨᠢ ᠬᠤᠪᠢ ᠬᠥᠮᠥᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ  ᠬᠠᠮᠠᠭ᠋ᠠᠯᠠᠬᠤ᠎ᠪᠠᠷ  ᠲᠡᠷᠢᠭᠦᠨ  ᠴᠢᠬᠤᠯᠠ ᠬᠠᠷᠠᠯᠲᠠ ᠪᠣᠯᠭ᠋ᠠᠵᠤ ᠂ ᠨᠡᠷ᠎ᠡ ᠪᠤᠷᠤᠭᠤᠯᠠᠬᠤ  ᠠᠷᠭ᠎ᠠ ᠮᠠᠶᠢᠭ ᠵᠶ᠋ᠠᠷ  ᠪᠡᠶ᠎ᠡ  ᠬᠡᠮ᠎ᠤᠨ ᠭᠡᠷᠡᠴᠢᠯᠡᠯ ᠂ ᠪᠡᠶ᠎ᠡ  ᠬᠡᠮ᠎ᠤᠨ ᠳᠠᠩᠰᠠᠯᠠᠯᠲᠠ  ᠬᠢᠵᠦ᠂ ᠪᠤᠰᠤᠳ ᠪᠡᠶ᠎ᠡ  ᠬᠡᠮ᠎ᠤᠨ ᠭᠡᠷᠡᠴᠢᠯᠡᠯ᠎ᠤᠨ  ᠦᠢ᠍ᠯᠡᠴᠢᠯᠡᠭᠡ᠎ᠲᠠᠢ ᠬᠠᠷᠢᠴᠠᠭᠤᠯᠪᠠᠯ ᠳᠣᠣᠷᠠᠬᠢ ᠮᠡᠲᠦ ᠣᠨᠴᠠᠯᠢᠭ᠎ᠲᠠᠢ  ᠪᠠᠢ᠌ᠳᠠᠭ ᠄

      ᠨᠢᠭᠡ᠎ᠳᠤ ᠡᠷᠬᠡ ᠰᠦ᠍ᠷᠲᠦ  ᠴᠢᠨᠠᠷ ᠃ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ ᠨᠡᠶ᠋ᠢᠲᠡ ᠵᠢᠨ  ᠦᠢ᠍ᠯᠡᠴᠢᠯᠡᠭᠡ᠎ᠨᠢ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ  ᠦᠨᠡᠮᠯᠡᠯ᠎ᠤᠨ ᠮᠡᠳᠡᠭᠡ ᠵᠠᠩᠭᠢ ᠪᠠ ᠤᠯᠤᠰ᠎ᠤᠨ ᠬᠥᠮᠦᠨ ᠠᠮᠠ ᠵᠢᠨ ᠦᠨᠳᠦᠰᠦᠨ ᠮᠡᠳᠡᠭᠡ  ᠵᠠᠩᠭᠢ᠎ᠳᠤ ᠰᠠᠭᠤᠷᠢᠯᠠᠨ᠂ ᠪᠠᠶ᠋ᠢᠭ᠋ᠠᠯᠢ ᠬᠥᠮᠦᠨ᠎ᠳᠤ ᠰᠦᠯᠵᠢᠶᠡᠨ᠎ᠤ ᠳ᠋ᠤᠭ᠋ᠠᠷ ᠵᠶ᠋ᠠᠷ ᠰᠦᠯᠵᠢᠶᠡᠨ᠎ᠤ  ᠦᠨᠡᠮᠯᠡᠯ ᠭᠤᠶᠤᠴᠢᠯᠠᠨ ᠠᠪᠬᠤ᠂  ᠭᠡᠷᠡᠴᠢᠯᠡᠯ᠎ᠤᠨ ᠦᠢ᠍ᠯᠡᠴᠢᠯᠡᠭᠡ  ᠬᠠᠩᠭ᠋ᠠᠬᠤ ᠵᠢᠨ ᠬᠠᠮᠲᠤ ᠠᠮᠢᠳᠤ  ᠪᠣᠳᠠᠰ ᠎ᠤᠨ  ᠣᠨᠴᠠᠯᠢᠭ  ᠵᠡᠷᠭᠡ  ᠣᠯᠠᠨ  ᠹᠠᠺᠲ᠋ᠤᠷ᠎ᠤᠨ  ᠭᠡᠷᠡᠴᠢᠯᠡᠯ᠎ᠲᠠᠢ ᠤᠶᠠᠯᠳᠤᠭᠤᠯᠵᠤ᠂  ᠭᠡᠷᠡᠴᠢᠯᠡᠯ᠎ᠤᠨ  ᠦᠷ᠎ᠡ ᠳ᠋ᠦᠩ᠎ᠤᠨ ᠡᠷᠬᠡ ᠰᠦᠷ᠎ᠢ ᠦᠨᠡᠨ ᠬᠦ᠌  ᠪᠠᠲᠣᠯᠠᠨ᠎ᠠ ᠃

      ᠬᠤᠶᠠᠷ᠎ᠲᠤ  ᠠᠶᠤᠯᠭᠦᠶ  ᠴᠢᠨᠠᠷ ᠃  ᠤᠯᠤᠰ᠎ᠤᠨ  ᠰᠦᠯᠵᠢᠶᠡᠨ᠎ᠤ ᠪᠡᠶ᠎ᠡ  ᠬᠡᠮ᠎ᠤᠨ  ᠭᠡᠷᠡᠴᠢᠯᠡᠯ᠎ᠤᠨ  ᠣᠯᠠᠨ ᠨᠡᠶ᠋ᠢᠲᠡ ᠵᠢᠨ ᠦᠢ᠍ᠯᠡᠴᠢᠯᠡᠭᠡ᠎ᠨᠢ ᠨᠡᠷ᠎ᠡ ᠪᠤᠷᠤᠭᠤᠯᠠᠬᠤ  ᠠᠷᠭ᠎ᠠ ᠮᠠᠶᠢᠭ ᠵᠶ᠋ᠠᠷ  ᠪᠡᠶ᠎ᠡ  ᠬᠡᠮ ᠵᠶ᠋ᠡᠨ  ᠭᠡᠷᠡᠴᠢᠯᠡᠵᠦ᠂ ᠠᠷᠠᠳ ᠢᠷᠭᠡᠳ᠎ᠤᠨ ᠪᠡᠶ᠎ᠡ ᠵᠢᠨ ᠦᠨᠡᠮᠯᠡᠯ᠎ᠤᠨ ᠨᠣᠮᠧᠷ᠂ ᠣᠪᠣᠭ ᠨᠡᠷ᠎ᠡ ᠵᠡᠷᠭᠡ ᠲᠣᠳᠣᠷᠬᠠᠶ ᠪᠡᠶ᠎ᠡ  ᠬᠡᠮ᠎ᠤᠨ ᠮᠡᠳᠡᠭᠡ ᠵᠠᠩᠭᠢ ᠵᠢ ᠰᠢᠭᠤᠳ ᠬᠡᠷᠡᠭᠯᠡᠬᠦ ᠵᠢ ᠪᠠᠭ᠋ᠠᠰᠬᠠᠵᠤ᠂ ᠬᠤᠯᠪᠣᠭᠳᠠᠯ ᠪᠦᠬᠦᠢ ᠲᠠᠯ᠎ᠠ ᠵᠢᠨ ᠎ᠬᠢᠨ᠎ᠤ  ᠬᠤᠪᠢ ᠬᠥᠮᠦᠨ᠎ᠤ ᠪᠡᠶ᠎ᠡ  ᠬᠡᠮ᠎ᠤᠨ  ᠮᠡᠳᠡᠭᠡ  ᠵᠠᠩᠭᠢ ᠵᠢ  ᠬᠡᠲᠦᠷᠡᠲᠡᠯ᠎ᠡ  ᠴᠤᠭᠯᠠᠭᠤᠯᠬᠤ ᠂  ᠦᠯᠡᠳᠡᠭᠡᠨ ᠬᠠᠳᠠᠭ᠋ᠠᠯᠠᠬᠤ᠎ᠠᠴᠠ ᠪᠦᠲᠦᠮᠵᠢᠲᠡᠶ᠎ᠪᠠᠷ ᠵᠠᠶ᠋ᠢᠯᠠᠰᠬᠢᠵᠦ᠂ ᠬᠤᠪᠢ ᠬᠥᠮᠦᠨ᠎ᠤ ᠮᠡᠳᠡᠭᠡ ᠵᠠᠩᠭᠢ ᠪᠠ ᠬᠤᠪᠢ ᠵᠢᠨ ᠨᠢᠭᠤᠴᠠ ᠵᠢᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠵᠤ  ᠴᠢᠳᠠᠨ᠎ᠠ ᠃

      ᠭᠤᠷᠪᠠ᠎ᠳᠤ ᠢᠲᠡᠭᠡᠮᠵᠢᠲᠡᠢ ᠴᠢᠨᠠᠷ᠃ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ  ᠭᠡᠷᠡᠴᠢᠯᠡᠯ᠎ᠤᠨ  ᠣᠯᠠᠨ  ᠨᠡᠶ᠋ᠢᠲᠡ ᠵᠢᠨ  ᠦᠢ᠍ᠯᠡᠴᠢᠯᠡᠭᠡ᠎ᠨᠢ  ᠪᠠᠶ᠋ᠢᠭ᠋ᠠᠯᠢ  ᠬᠥᠮᠦᠨ᠎ᠤ  ᠦᠢ᠍ᠯᠡ ᠠᠵᠢᠯᠯᠠᠭ᠋ᠠᠨ᠎ᠤ  ᠰᠢᠨᠵᠢ ᠴᠢᠨᠠᠷ᠎ᠢ ᠨᠡᠮᠡᠵᠦ᠂ ᠤᠳᠠᠭ᠎ᠠ ᠪᠦᠷᠢ ᠵᠢᠨ ᠭᠡᠷᠡᠴᠢᠯᠡᠯ᠎ᠳᠤ ᠬᠤᠪᠢ ᠬᠥᠮᠦᠨ  ᠣᠷᠣᠯᠴᠠᠵᠦ ᠬᠤᠪᠢ ᠬᠦᠮᠦᠨ᠎ᠤ ᠡᠷᠬᠡ  ᠣᠯᠭᠤᠯᠲᠠ ᠵᠢ ᠭᠥᠷᠳᠡᠬᠦ ᠴᠢᠬᠤᠯᠠᠲᠠᠶ᠂ ᠪᠠᠶ᠋ᠢᠭ᠋ᠠᠯᠢ ᠬᠥᠮᠦᠨ ᠤᠯᠤᠰ᠎ᠤᠨ  ᠰᠦᠯᠵᠢᠶᠡᠨ᠎ᠤ ᠪᠡᠶ᠎ᠡ  ᠬᠡᠮ᠎ᠤᠨ  ᠭᠡᠷᠡᠴᠢᠯᠡᠯ᠎ᠤᠨ APP ᠵᠢᠨ ᠲᠡᠤᠬᠡ ᠵᠢᠨ ᠭᠡᠷᠡᠴᠢᠯᠡᠯ᠎ᠤᠨ  ᠲᠡᠮᠳᠡᠭᠯᠡᠯ᠎ᠠᠴᠠ  ᠣᠶ᠋ᠢᠷ᠎ᠠ ᠵᠢᠨ ᠬᠤᠭᠤᠴᠠᠭ᠋ᠠᠨ᠎ᠳᠤ ᠡᠯ᠎ᠡ ᠢᠨᠲ᠋ᠧᠷ ᠰᠦᠯᠵᠢᠶᠡᠨ᠎ᠤ ᠲᠠᠪᠴᠠᠩ ᠎ᠳᠠᠬᠢ  ᠭᠡᠷᠡᠴᠢᠯᠡᠯ᠎ᠤᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ  ᠪᠣᠯᠬᠤ ᠤᠴᠢᠷ᠎ᠠᠴᠠ  ᠨᠡᠬᠡᠮᠵᠢᠯᠡᠵᠦ  ᠪᠣᠯᠬᠤ  ᠴᠢᠨᠠᠷ ᠪᠠ  ᠪᠣᠯᠢᠬᠠᠢ᠌ᠯᠠᠬᠤ ᠵᠢ  ᠡᠰᠡᠷᠭᠦᠴᠡᠬᠦ ᠴᠢᠨᠠᠷ ᠵᠡᠷᠭᠡ ᠣᠨᠴᠠᠯᠢᠭ᠎ᠲᠠᠢ   ᠪᠠᠢ᠌ᠳᠠᠭ ᠃

      ᠳᠦᠷᠪᠡ᠎ᠳᠤ ᠳᠥᠭᠥᠮ  ᠲᠦᠳᠡ ᠴᠢᠨᠠᠷ ᠃ ᠬᠡᠷᠡᠭᠯᠡᠭᠴᠢᠳ ᠣᠶᠤᠨᠯᠢᠭ ᠭᠠᠷ ᠤᠲᠠᠰᠤ᠎ᠪᠠᠷ  ᠤᠯᠤᠰ᠎ᠤᠨ  ᠰᠦᠯᠵᠢᠶᠡᠨ᠎ᠤ  ᠪᠡᠶ᠎ᠡ  ᠬᠡᠮ᠎ᠤᠨ  ᠭᠡᠷᠡᠴᠢᠯᠡᠯ᠎ᠤᠨ  ᠣᠯᠠᠨ  ᠨᠡᠶ᠋ᠢᠲᠡ  ᠵᠢᠨ  ᠦᠢ᠍ᠯᠡᠴᠢᠯᠡᠭᠡᠨ᠎ᠤ ᠪᠡᠶ᠎ᠡ ᠬᠡᠮ᠎ᠤᠨ ᠰᠢᠯᠭ᠋ᠠᠨ ᠪᠠᠢ᠌ᠴᠠᠭ᠋ᠠᠯᠲᠠ ᠵᠢ ᠰᠢᠯᠵᠢᠭᠦᠯᠦᠨ ᠬᠡᠷᠡᠭᠯᠡᠵᠦ  ᠪᠣᠯᠣᠨ᠎ᠠ᠂ ᠢᠩᠬᠢᠪᠡᠯ  ᠲᠠᠩᠰᠠᠨ  ᠳ᠋ᠤᠭ᠋ᠠᠷ᠎ᠤᠨ  ᠨᠢᠭᠤᠴᠠ  ᠨᠣᠮᠧᠷ ᠵᠶ᠋ᠠᠨ  ᠭᠡᠭᠡᠬᠦ ᠂  ᠮᠠᠷᠲᠠᠬᠤ  ᠵᠡᠷᠭᠡ  ᠠᠰᠠᠭᠤᠳᠠᠯ᠎ᠢ ᠶᠡᠭᠡ᠎ᠪᠠᠷ ᠪᠠᠭ᠋ᠠᠰᠬᠠᠵᠤ ᠂ ᠠᠷᠠᠳ ᠣᠯᠠᠨ᠎ᠤ ᠲᠣᠭ᠋ᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠨᠥᠬᠦᠴᠡᠯ  ᠳᠣᠤᠷ᠎ᠠ᠂ ᠨᠢᠭᠡ  ᠯᠠ  ᠳᠠᠷᠤᠪᠴᠢ᠎ᠪᠠᠷ ᠡᠷᠬᠡ ᠣᠯᠭᠤᠵᠤ  ᠬᠡᠷᠡᠭ ᠶᠠᠪᠣᠳᠠᠯ᠎ᠢ ᠭᠦᠢ᠍ᠴᠡᠳᠬᠡᠬᠦ᠎ᠳᠤ ᠲᠥᠬᠦᠮ ᠦᠵᠡᠭᠦᠯᠵᠦ ᠪᠣᠯᠤᠨ᠎ᠠ᠃

      ᠲᠠᠪᠤ᠎ᠳᠤ ᠨᠡᠶ᠋ᠢᠲᠡ ᠵᠢᠨ ᠠᠰᠠᠷᠠᠮᠵᠢ ᠵᠢᠨ  ᠴᠢᠨᠠᠷ ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ᠎ᠨᠢ ᠬᠤᠳᠠᠯᠳᠤᠭ᠋ᠠᠴᠢᠯᠠᠭᠰᠠᠨ᠂ ᠵᠠᠬ᠎ᠠ ᠳᠡᠯᠭᠡᠭᠦᠷᠴᠢᠯᠡᠭᠰᠡᠨ ᠦᠢ᠍ᠯᠡᠴᠢᠯᠡᠭᠡ᠎ᠠᠴᠠ ᠢᠯᠭ᠋ᠠᠭ᠎ᠠ᠎ᠲᠠᠢ  ᠪᠠᠢ᠌ᠵᠦ ᠂ ᠬᠠᠤᠯᠢ ᠴᠠᠭ᠋ᠠᠵᠠ ᠵᠢᠨ ᠱᠠᠭ᠋ᠠᠷᠳᠠᠯᠭ᠎ᠠ᠎ᠪᠠᠷ ᠦᠨᠡᠨ ᠨᠡᠷ᠎ᠡ ᠵᠢᠨ ᠭᠡᠷᠡᠴᠢᠯᠡᠯ᠎ᠤᠨ ᠪᠠᠶ᠋ᠢᠳᠠᠯ᠎ᠢ ᠲᠣᠭᠲᠠᠭ᠋ᠠᠯ ᠶᠣᠰᠣᠭ᠋ᠠᠷ  ᠠᠵᠤ ᠠᠬᠤᠶ᠋ᠢᠯᠠᠯ᠎ᠳᠤ  ᠦᠨ᠎ᠡ ᠲᠦᠯᠦᠪᠦᠷᠢ  ᠦᠭᠡᠢ᠎ᠪᠠᠷ ᠬᠠᠩᠭ᠋ᠠᠵᠤ᠂ ᠪᠡᠶ᠎ᠡ ᠬᠡᠮ᠎ᠤᠨ  ᠭᠡᠷᠡᠴᠢᠯᠡᠯ᠎ᠤᠨ  ᠥᠪᠡᠷ᠎ᠤᠨ  ᠥᠷᠲᠡᠭ᠎ᠢ ᠶᠡᠭᠡ᠎ᠪᠠᠷ ᠪᠠᠭᠤᠷᠠᠭᠤᠯᠤᠨ᠎ᠠ᠃ ᠡᠭᠦᠨ᠎ᠠᠴᠠ ᠭᠠᠳᠠᠨ᠎ᠠ᠂ ᠠᠵᠤ ᠠᠬᠤᠶ᠋ᠢᠯᠠᠯ᠎ᠤᠨ  ᠲᠣᠭ᠋ᠠᠴᠢᠯᠠᠭᠰᠠᠨ  ᠠᠵᠤ  ᠠᠬᠤᠶ ᠵᠢᠨ  ᠬᠥᠭᠵᠢᠯᠲᠡ᠎ᠳᠤ ᠵᠣᠬᠢᠴᠠᠬᠤ᠂ ᠲᠣᠭ᠋ᠠᠴᠢᠯᠠᠭᠰᠠᠨ ᠣᠷᠣᠨ ᠵᠠᠶ ᠵᠢᠨ ᠲᠤᠬᠠᠶ᠋ᠢᠯᠠᠭᠰᠠᠨ ᠠᠵᠢᠯ᠎ᠤᠨ ᠭᠦᠨᠴᠡ ᠵᠢ ᠥᠷᠭᠡᠳᠬᠡᠬᠦ᠂ ᠬᠡᠷᠡᠭᠯᠡᠭᠴᠢ ᠵᠢᠨ  ᠣᠶ᠋ᠢᠯᠠᠭ᠋ᠠᠯᠲᠠ ᠪᠠ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠲᠤᠯᠭ᠋ᠠᠭᠤᠷᠢᠯᠠᠯ  ᠬᠠᠩᠭ᠋ᠠᠵᠤ ᠪᠣᠯᠤᠨ᠎ᠠ᠃

      ᠠᠰᠠᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ ᠨᠡᠶ᠋ᠢᠲᠡ ᠵᠢᠨ ᠦᠢ᠍ᠯᠡᠴᠢᠯᠡᠭᠡ᠎ᠳᠤ  ᠣᠳᠣᠬᠠᠨ᠎ᠳᠤ ᠶᠠᠮᠠᠷ ᠠᠷᠭ᠎ᠠ ᠬᠡᠮᠵᠢᠶ᠎ᠡ ᠠᠪᠴᠤ ᠲᠤᠭ᠎ᠠ ᠪᠠᠷᠢᠮᠲᠠ ᠵᠢᠨ ᠠᠮᠤᠷ ᠲᠦᠪᠰᠢᠨ᠎ᠢ  ᠦᠨᠡᠨ ᠬᠦ᠌ ᠪᠠᠲᠣᠯᠠᠵᠦ ᠪᠠᠢ᠌ᠬᠤ  ᠪᠣᠶ?

      ᠬᠠᠷᠢᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ  ᠬᠡᠮ᠎ᠤᠨ ᠭᠡᠷᠡᠴᠢᠯᠡᠯ᠎ᠤᠨ  ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ  ᠲᠠᠪᠴᠠᠩ᠎ᠲᠤ  ᠨᠡᠯᠢᠶᠡᠳ  ᠪᠦᠷᠢᠨ ᠲᠡᠭᠦᠯᠳᠡᠷ ᠠᠮᠤᠷ ᠲᠦᠪᠰᠢᠨ᠎ᠤ ᠰᠡᠷᠭᠡᠶ᠋ᠢᠯᠡᠨ  ᠬᠠᠮᠠᠭ᠋ᠠᠯᠠᠬᠤ  ᠲᠣᠭᠲᠠᠯᠴᠠᠭ᠎ᠠ ᠵᠢ  ᠪᠠᠶ᠋ᠢᠭᠤᠯᠵᠤ᠂ ᠲᠤᠭ᠎ᠠ ᠪᠠᠷᠢᠮᠲᠠ ᠵᠢ ᠲᠠᠰ  ᠬᠤᠪᠢᠶᠠᠨ  ᠲᠥᠷᠥᠯ ᠬᠤᠪᠢᠶᠠᠵᠤ᠂ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠠᠮᠤᠷ ᠲᠦᠪᠰᠢᠨ᠎ᠤ ᠬᠠᠮᠠᠭ᠋ᠠᠯᠠᠯᠲᠠ  ᠪᠠ ᠬᠢᠨᠠᠨ  ᠬᠡᠮᠵᠢᠯᠲᠡ  ᠬᠢᠨᠠᠨ  ᠪᠣᠳᠣᠯᠲᠠ ᠵᠢ  ᠥᠷᠨᠢᠭᠦᠯᠵᠦ᠂ ᠠᠮᠤᠷ ᠲᠦᠪᠰᠢᠨ᠎ᠤ ᠲᠦᠭᠰᠢᠭᠦᠷᠢ ᠪᠠ ᠳᠤᠲᠠᠭᠳᠠᠯ᠎ᠢ ᠴᠠᠭ ᠲᠤᠬᠠᠶ᠎ᠳᠤ᠎ᠨᠢ  ᠵᠠᠰᠠᠨ ᠰᠡᠷᠭᠦᠭᠡᠵᠦ᠂ ᠲᠤᠭ᠎ᠠ ᠪᠠᠷᠢᠮᠲᠠ ᠵᠢᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠵᠤ  ᠴᠢᠳᠠᠨ᠎ᠠ ᠃

      ᠨᠢᠭᠡ᠎ᠳᠤ ᠨᠡᠷ᠎ᠡ ᠪᠤᠷᠤᠭᠤᠯᠠᠭᠰᠠᠨ ᠮᠡᠷᠭᠡᠵᠢᠯ ᠵᠶ᠋ᠠᠷ  ᠳᠠᠮᠵᠢᠭᠣᠯᠣᠨ  ᠠᠷᠠᠳ ᠢᠷᠭᠡᠳ᠎ᠤᠨ  ᠪᠡᠶ᠎ᠡ  ᠬᠡᠮ᠎ᠤᠨ  ᠮᠡᠳᠡᠭᠡ ᠵᠠᠩᠭᠢ ᠂ ᠲᠤᠭ᠎ᠠ ᠪᠠᠷᠢᠮᠲᠠ ᠵᠢ ᠬᠠᠮᠠᠭ᠋ᠠᠯᠠᠵᠤ᠂       《ᠲᠤᠭ᠎ᠠ ᠪᠠᠷᠢᠮᠲᠠ ᠵᠢ  ᠬᠡᠷᠡᠭᠯᠡᠵᠦ ᠪᠣᠯᠬᠤ ᠦᠵᠡᠵᠦ ᠳᠡᠢ᠌ᠯᠬᠦ  ᠥᠬᠡᠶ》 ᠪᠠᠶ᠋ᠢᠬᠤ ᠵᠢ ᠪᠡᠶᠡᠯᠡᠭᠦᠯᠦᠨ᠎ᠡ᠃ ᠲᠠᠪᠴᠠᠩ᠎ᠤᠨ  ᠪᠡᠶ᠎ᠡ ᠬᠡᠮ᠎ᠤᠨ ᠲᠤᠭ᠎ᠠ ᠪᠠᠷᠢᠮᠲᠠ ᠵᠢ ᠤᠯᠤᠰ᠎ᠤᠨ ᠪᠠᠷᠢᠮᠵᠢᠶ᠎ᠠ ᠵᠢᠨ ᠨᠢᠭᠤᠴᠠ ᠨᠣᠮᠧᠷ᠎ᠤᠨ  ᠪᠤᠳᠤᠬᠤ ᠠᠷᠭ᠎ᠠ  ᠪᠠ  ᠪᠤᠳᠤᠯᠢᠶᠠᠨᠲᠠᠶ ᠪᠣᠳᠣᠯᠭ᠎ᠠ ᠵᠢᠨ ᠶᠠᠪᠤᠴᠠ᠎ᠳᠤ ᠰᠠᠭᠤᠷᠢᠯᠠᠨ ᠨᠡᠷ᠎ᠡ ᠪᠤᠷᠤᠭᠤᠯᠠᠨ  ᠬᠤᠪᠢᠷᠠᠭᠣᠯᠬᠤ ᠵᠢ ᠪᠡᠶᠡᠯᠡᠭᠦᠯᠵᠦ ᠂ ᠮᠡᠷᠭᠡᠵᠢᠯ᠎ᠤᠨ ᠲᠥᠰᠦᠯ᠎ᠨᠢ ᠬᠤᠯᠪᠣᠭᠳᠠᠯ ᠪᠥᠬᠦᠶ ᠡᠷᠭᠢᠯᠡᠨ  ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ  ᠲᠣᠭᠲᠠᠭ᠋ᠠᠬᠤ ᠵᠦᠪᠰᠢᠶᠡᠷᠡᠯ᠎ᠢ   ᠣᠯᠣᠭᠰᠠᠨ ᠪᠠᠢ᠌ᠨ᠎ᠠ ᠃      ᠬᠤᠶᠠᠷ᠎ᠲᠤ  ᠲᠣᠭᠲᠠᠯᠴᠠᠭ᠋ᠠᠵᠢᠭᠰᠠᠨ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ  ᠲᠥᠰᠦᠯ ᠵᠶ᠋ᠠᠷ ᠳᠠᠮᠵᠢᠭᠤᠯᠤᠨ  ᠲᠤᠭ᠎ᠠ ᠪᠠᠷᠢᠮᠲᠠ ᠵᠢᠨ ᠪᠦᠬᠦ ᠠᠮᠢ ᠨᠠᠰᠤᠨ᠎ᠤ ᠦᠶᠡᠯᠡᠯ᠎ᠤᠨ  ᠬᠤᠭᠤᠴᠠᠭ᠋ᠠᠨ᠎ᠤ ᠠᠮᠤᠷ ᠲᠦᠪᠰᠢᠨ᠎ᠤ ᠬᠠᠮᠠᠭ᠋ᠠᠯᠠᠯᠲᠠ ᠵᠢ ᠪᠡᠶᠡᠯᠡᠭᠦᠯᠦᠨ᠎ᠡ᠃ ᠲᠤᠬᠠᠶ᠋ᠢᠯᠠᠭᠰᠠᠨ  ᠠᠵᠢᠯ᠎ᠤᠨ ᠰᠢᠨᠵᠢ ᠴᠢᠨᠠᠷ᠂ ᠬᠡᠷᠡᠭᠯᠡᠬᠦ ᠬᠡᠪᠴᠢᠶ᠎ᠡ᠂ ᠬᠤᠯᠪᠣᠭᠳᠠᠬᠤ ᠨᠥᠯᠥᠭᠡ᠂ ᠲᠣᠭᠲᠠᠭ᠋ᠠᠯ᠎ᠳᠤ  ᠨᠡᠶ᠋ᠢᠴᠡᠬᠦ ᠱᠠᠭ᠋ᠠᠷᠳᠠᠯᠭ᠎ᠠ ᠵᠡᠷᠭᠡ  ᠬᠡᠮᠵᠢᠶ᠎ᠡ᠎ᠠᠴᠠ ᠲᠤᠭ᠎ᠠ ᠪᠠᠷᠢᠮᠲᠠ ᠵᠢ ᠲᠡᠰ  ᠬᠤᠪᠢᠶᠠᠨ  ᠲᠥᠷᠥᠯ  ᠬᠤᠪᠢᠶᠠᠵᠤ᠂ ᠪᠦᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠠᠮᠤᠷ ᠲᠦᠪᠰᠢᠨ᠎ᠤ  ᠰᠡᠷᠭᠡᠢ᠌ᠯᠡᠨ  ᠬᠠᠮᠠᠭ᠋ᠠᠯᠠᠯᠲᠠ ᠵᠢᠨ  ᠲᠣᠭᠲᠠᠯᠴᠠᠭ᠎ᠠ ᠵᠢ  ᠪᠠᠶ᠋ᠢᠭᠤᠯᠤᠨ᠎ᠠ᠃

      ᠭᠤᠷᠪᠠ᠎ᠳᠤ  ᠪᠦᠷᠢᠨ ᠲᠡᠭᠦᠯᠳᠡᠷ ᠲᠤᠭ᠎ᠠ ᠪᠠᠷᠢᠮᠲᠠ ᠵᠢ  ᠠᠵᠢᠯᠯᠠᠭᠤᠯᠵᠤ ᠪᠠᠲᠤᠯᠠᠬᠤ  ᠠᠮᠤᠷ ᠲᠦᠪᠰᠢᠨ᠎ᠤ  ᠴᠤᠪᠤᠷᠠᠯ᠎ᠢ ᠪᠠᠶ᠋ᠢᠭᠤᠯᠵᠤ᠂ ᠲᠤᠭ᠎ᠠ ᠪᠠᠷᠢᠮᠲᠠ ᠵᠢ  ᠰᠣᠷᠪᠣᠯᠵᠢᠯᠠᠨ  ᠡᠵᠡᠮᠳᠡᠬᠦ ᠪᠠ  ᠬᠢᠨᠠᠨ  ᠵᠦᠪᠰᠢᠶᠡᠷᠡᠬᠦ ᠬᠠᠮᠢᠶᠠᠷᠣᠯᠲᠠ ᠵᠢ ᠴᠢᠩᠳᠠᠯᠠᠨ᠎ᠠ᠃ ᠲᠤᠭ᠎ᠠ ᠪᠠᠷᠢᠮᠲᠠ ᠵᠢ ᠬᠡᠷᠡᠭᠯᠡᠬᠦ ᠪᠥᠬᠦ  ᠶᠠᠪᠤᠴᠠ᠎ᠳᠤ ᠬᠢᠨᠠᠨ ᠪᠤᠳᠤᠯᠲᠠ ᠬᠢᠵᠦ ᠂  ᠬᠠᠤᠯᠢ ᠲᠣᠭᠲᠠᠭ᠋ᠠᠯ  ᠳᠦᠷᠢᠮ ᠲᠣᠭᠲᠠᠭ᠋ᠠᠯ᠎ᠳᠤ ᠨᠡᠶ᠋ᠢᠴᠡᠬᠦ ᠵᠢ  ᠦᠨᠡᠨ ᠬᠦ᠌ ᠪᠠᠲᠤᠯᠠᠨ᠎ᠠ᠃  ᠲᠣᠭ᠎ᠠ ᠪᠠᠷᠢᠮᠲᠠ ᠵᠢ ᠠᠵᠢᠯᠯᠠᠭᠣᠯᠵᠦ ᠪᠠᠲᠣᠯᠠᠬᠤ ᠠᠵᠢᠯᠲᠠᠨ᠎ᠤ  ᠬᠠᠮᠢᠶᠠᠷᠤᠨ  ᠡᠵᠡᠮᠳᠡᠬᠦ ᠵᠢ ᠴᠢᠩᠳᠠᠯᠠᠵᠤ᠂  ᠰᠤᠷᠪᠤᠯᠵᠢᠯᠠᠬᠤ  ᠣᠷᠣᠴᠠ ᠵᠢ ᠨᠢᠭᠡᠳᠦᠯᠲᠡᠶ ᠪᠣᠯᠭ᠋ᠠᠨ ᠂  ᠳᠦᠷᠢᠯᠡᠭᠴᠢ ᠵᠢᠨ  ᠲᠠᠰ ᠵᠢᠴᠢ  ᠡᠷᠬᠡ ᠵᠢᠨ ᠬᠢᠵᠠᠭ᠋ᠠᠷ᠎ᠢ ᠦᠨᠳᠦᠰᠦᠯᠡᠨ ᠪᠡᠶ᠎ᠡ ᠬᠡᠮ᠎ᠤᠨ ᠢᠯᠭ᠋ᠠᠨ ᠲᠠᠨᠢᠬᠤ ᠠᠷᠭ᠎ᠠ ᠬᠡᠮᠵᠢᠶ᠎ᠡ ᠵᠢ ᠳᠣᠭᠢᠷᠠᠭᠤᠯᠵᠤ᠂  ᠲᠣᠭ᠎ᠠ ᠪᠠᠷᠢᠮᠲᠠ᠎ᠲᠠᠢ   ᠣᠢ᠌ᠷᠠᠲᠣᠭᠣᠯᠬᠤ ᠵᠢ ᠬᠠᠮᠢᠶᠠᠷᠤᠨ ᠡᠵᠡᠮᠳᠡᠵᠦ  ᠪᠣᠯᠬᠤ ᠵᠢ ᠪᠡᠶᠡᠯᠡᠭᠦᠯᠦᠨ᠂  ᠲᠣᠭ᠎ᠠ ᠪᠠᠷᠢᠮᠲᠠ ᠵᠢ  ᠰᠤᠷᠪᠤᠯᠵᠢᠯᠠᠬᠤ ᠠᠵᠢᠯᠯᠠᠭ᠎ᠠ ᠵᠢᠨ ᠪᠥᠬᠦ ᠶᠠᠪᠤᠴᠠ ᠵᠢ ᠮᠥᠷᠳᠡᠵᠦ ᠪᠣᠯᠬᠤ ᠵᠢ ᠦᠨᠡᠨ ᠬᠦ᠌ ᠪᠠᠲᠤᠯᠠᠨ᠎ᠠ᠃

      ᠲᠦᠷᠪᠡ᠎ᠳᠤ  ᠵᠢᠩᠬᠢᠨᠢ  ᠪᠠᠶ᠋ᠢᠯᠳᠤᠭ᠋ᠠᠨᠴᠢᠯᠠᠬᠰᠠᠨ  ᠲᠠᠭ᠋ᠠᠷᠢᠯᠲᠠ  ᠬᠤᠷᠢᠭᠯᠠᠯᠲᠠ  ᠵᠢᠨ  ᠰᠣᠷᠢᠯᠲᠠ ᠵᠢ ᠪᠠᠷᠢᠮᠲᠠᠯᠠᠵᠤ᠂  ᠰᠠᠨᠠᠭ᠋ᠠᠴᠢᠯᠠᠭ᠋ᠠᠲᠤ ᠬᠤᠷᠢᠭᠯᠠᠯᠲᠠ ᠵᠢᠨ ᠦᠷᠭᠦᠯᠵᠢᠯᠡᠭᠰᠡᠨ  ᠲᠤᠭ᠎ᠠ ᠪᠠᠷᠢᠮᠲᠠ ᠵᠢᠨ  ᠠᠮᠤᠷ ᠲᠦᠪᠰᠢᠨ᠎ᠤ  ᠬᠠᠮᠠᠭ᠋ᠠᠯᠠᠯᠲᠠ ᠵᠢ  ᠪᠡᠶᠡᠯᠡᠭᠦᠯᠦᠨ᠎ᠡ ᠃  ᠦᠶᠡᠯᠡᠯᠳᠦ ᠴᠢᠨᠠᠷᠲᠠᠶ᠎ᠪᠠᠷ ᠪᠣᠳᠠᠲᠤ ᠲᠣᠤᠷ᠎ᠤᠨ ᠳᠠᠭ᠋ᠠᠷᠢᠯᠲᠠ ᠰᠡᠷᠭᠡᠢ᠌ᠯᠡᠯᠲᠡ ᠵᠢᠨ  ᠰᠣᠷᠢᠯᠲᠠ᠂ ᠠᠮᠤᠷ ᠲᠦᠪᠰᠢᠨ᠎ᠤ  ᠠᠶᠤᠯ  ᠲᠦᠭᠰᠢᠭᠦᠷᠢ ᠵᠢ ᠦᠨᠡᠯᠡᠨ ᠵᠢᠱ᠌ᠢᠬᠦ᠂ ᠵᠡᠷᠭᠡ ᠳᠡᠰ᠎ᠤᠨ ᠬᠠᠮᠠᠭ᠋ᠠᠯᠠᠯᠲᠠ ᠵᠢ  ᠰᠢᠯᠭ᠋ᠠᠨ ᠦᠨᠡᠯᠡᠬᠦ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠦᠨᠡᠯᠡᠨ ᠵᠢᠱ᠌ᠢᠬᠦ ᠵᠡᠷᠭᠡ ᠠᠵᠢᠯ᠎ᠢ ᠥᠷᠨᠢᠭᠦᠯᠵᠦ᠂ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠬᠥᠳᠡᠯᠦᠯᠴᠡᠬᠦ ᠠᠮᠤᠷ ᠲᠦᠪᠰᠢᠨ᠎ᠤ ᠲᠣᠭᠲᠠᠴᠠ ᠵᠢ ᠪᠠᠲᠤᠯᠠᠨ᠂ ᠰᠦᠯᠵᠢᠶᠡᠨ᠎ᠤ ᠠᠮᠤᠷ ᠲᠦᠪᠰᠢᠨ᠎ᠤ ᠤᠬᠠᠮᠰᠠᠷ ᠪᠠ ᠮᠡᠳᠡᠯᠭᠡ ᠵᠢᠨ ᠬᠢᠷᠢ ᠲᠦᠪᠰᠢᠨ᠎ᠢ ᠲᠠᠰᠤᠷᠠᠯᠲᠠ  ᠥᠬᠡᠶ ᠳᠡᠭᠡᠭᠰᠢᠯᠡᠭᠦᠯᠵᠦ᠂ ᠠᠮᠤᠷ ᠲᠦᠪᠰᠢᠨ᠎ᠤ ᠳᠤᠲᠠᠭᠳᠠᠯ᠎ᠢ ᠴᠠᠭ ᠲᠤᠬᠠᠶ᠎ᠳᠤ᠎ᠨᠢ  ᠢᠯᠡᠷᠡᠭᠦᠯᠬᠦ ᠪᠠ  ᠨᠦᠬᠦᠪᠦᠷᠢᠯᠡᠵᠦ ᠂ ᠰᠢᠰᠲ᠋ᠧᠮ᠎ᠤᠨ ᠪᠦᠬᠦᠯᠢ ᠴᠣᠭᠴᠠ ᠵᠢᠨ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃

 

ᠢᠷᠡᠯᠲᠡ᠄ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠣᠯᠠᠨ ᠨᠡᠢ᠌ᠲᠡ ᠵᠢᠨ ᠸᠢᠴᠠᠲ ᠲᠠᠪᠴᠠᠩ