《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ᠎ᠶᠢᠨ ᠰᠠᠭᠤᠷᠢ ᠲᠥᠭᠥᠭᠡᠷᠥᠮᠵᠢ᠎ᠶᠢᠨ ᠢᠵᠢ ᠪᠥᠷᠢᠳᠦᠭᠦᠯᠬᠦ ᠵᠠᠷᠤᠳᠠᠯ ᠲᠠᠲᠠᠪᠤᠷᠢᠯᠠᠬᠤ ᠪᠠ ᠬᠡᠷᠡᠭᠯᠡᠬᠦ ᠬᠠᠮᠢᠶᠠᠷᠤᠯᠲᠠ᠎ᠶᠢᠨ ᠠᠷᠭ᠎ᠠ 》᠎ᠶᠢᠨ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
2026-01-27

ᠨᠢᠭᠡ᠂ ᠲᠦᠷᠥ᠎ᠶᠢᠨ ᠪᠣᠳᠣᠯᠭ᠎ᠠ᠎ᠶᠢ ᠨᠡᠢ᠌ᠲᠡᠯᠡᠭᠰᠡᠨ ᠠᠬᠤᠢ ᠪᠠᠢ᠌ᠳᠠᠯ

ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠢ ᠤᠯᠠᠮ ᠨᠢᠭᠡ ᠠᠯᠬᠣᠮ ᠲᠣᠭᠣᠰᠢᠯᠠᠭᠣᠯᠣᠨ ᠨᠠᠢ᠌ᠳᠠᠪᠤᠷᠢᠵᠢᠭᠤᠯᠬᠤ᠎ᠶᠢᠨ ᠳᠤᠰᠠᠳᠠ 《 ᠭᠠᠶ᠋ᠢᠯᠢ᠎ᠶᠢᠨ ᠪᠤᠰᠤ ᠣᠷᠣᠯᠭ᠎ᠠ᠎ᠶᠢᠨ ᠬᠠᠮᠢᠶᠠᠷᠤᠯᠲᠠ᠎ᠶᠢ ᠵᠢᠷᠤᠮᠵᠢᠭᠤᠯᠵᠤ᠂ ᠬᠡᠰᠡᠭ ᠭᠠᠶ᠋ᠢᠯᠢ᠎ᠶᠢᠨ ᠪᠤᠰᠤ ᠣᠷᠣᠯᠭ᠎ᠠ᠎ᠶᠢᠨ ᠬᠠᠮᠢᠶᠠᠷᠤᠯᠲᠠ᠎ᠶᠢᠨ ᠡᠷᠬᠡ ᠮᠡᠳᠡᠯ᠎ᠢ ᠵᠣᠬᠢᠰᠲᠠᠶ᠎ᠪᠠᠷ ᠳᠣᠷᠣᠭᠰᠢ ᠪᠠᠭᠤᠯᠭ᠋ᠠᠵᠤ᠂ ᠣᠷᠣᠨ ᠨᠤᠲᠤᠭ᠎ᠠᠴᠠ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠵᠥᠷᠢᠶᠡᠴᠢᠯᠡᠭᠰᠡᠨ ᠬᠠᠮᠢᠶᠠᠷᠤᠯᠲᠠ 》᠎ᠶᠢᠨ ᠥᠭᠡᠷᠡᠴᠢᠯᠡᠯᠲᠡ᠎ᠶᠢᠨ ᠱᠠᠭ᠋ᠠᠷᠳᠠᠯᠭ᠎ᠠ ᠶᠤᠰᠣᠭ᠋ᠠᠷ᠂ ᠮᠠᠨ᠎ᠤ ᠣᠷᠣᠨ᠎ᠤ ᠬᠤᠲᠠ᠎ᠶᠢᠨ ᠰᠠᠭᠤᠷᠢ ᠲᠥᠭᠥᠭᠡᠷᠦᠮᠵᠢ᠎ᠶᠢᠨ ᠢᠵᠢ ᠪᠦᠷᠢᠳᠦᠭᠦᠯᠬᠦ ᠵᠠᠷᠤᠳᠠᠯ ( ᠳᠣᠷᠣᠭᠰᠢ ᠢᠵᠢ ᠪᠦᠷᠢᠳᠦᠭᠦᠯᠬᠦ ᠵᠠᠷᠤᠳᠠᠯ ᠭᠡᠵᠦ ᠲᠣᠪᠴᠢᠯᠠᠨ᠎ᠠ )᠎ᠤᠨ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ᠎ᠶᠢᠨ ᠲᠥᠷᠥ᠎ᠶᠢᠨ ᠪᠣᠳᠣᠯᠭ᠎ᠠ᠎ᠶᠢ ᠵᠢᠷᠤᠮᠵᠢᠭᠤᠯᠵᠤ᠂ ᠬᠤᠲᠠ᠎ᠶᠢᠨ ᠰᠠᠭᠤᠷᠢ ᠲᠦᠭᠦᠭᠡᠷᠦᠮᠵᠢ᠎ᠶᠢᠨ ᠪᠥᠲᠥᠭᠡᠨ ᠪᠠᠶ᠋ᠢᠭᠤᠯᠤᠯᠲᠠ᠎ᠶᠢᠨ ᠬᠢᠷᠢ ᠬᠡᠮᠵᠢᠶ᠎ᠡ᠎ᠶᠢ ᠳᠡᠭᠡᠭᠰᠢᠯᠡᠭᠦᠯᠬᠦ᠎ᠶᠢᠨ ᠲᠤᠰᠠᠳᠠ᠂ 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ᠎ᠶᠢᠨ ᠰᠠᠭᠤᠷᠢ ᠲᠦᠭᠦᠭᠡᠷᠥᠮᠵᠢ᠎ᠶᠢᠨ ᠢᠵᠢ ᠪᠥᠷᠢᠳᠦᠭᠦᠯᠬᠦ ᠵᠠᠷᠤᠳᠠᠯ ᠲᠠᠲᠠᠪᠤᠷᠢᠯᠠᠬᠤ ᠪᠠ ᠬᠡᠷᠡᠭᠯᠡᠬᠦ ᠬᠠᠮᠢᠶᠠᠷᠤᠯᠲᠠ᠎ᠶᠢᠨ ᠠᠷᠭ᠎ᠠ 》᠎ᠶᠢ ᠰᠤᠳᠤᠯᠤᠨ ᠨᠡᠶ᠋ᠢᠲᠡᠯᠡᠪᠡ᠃

ᠬᠤᠶᠠᠷ᠂ ᠲᠥᠷᠥ ᠵᠢᠨ ᠪᠣᠳᠣᠯᠭ᠎ᠠ ᠲᠣᠭᠲᠠᠭ᠋ᠠᠬᠤ ᠦᠨᠳᠦᠰᠦᠯᠡᠯ

《 ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠣᠲᠠ ᠬᠥᠳᠡᠭᠡ᠎ᠶᠢᠨ ᠲᠥᠯᠥᠪᠵᠢᠭᠦᠯᠭᠡ᠎ᠶᠢᠨ ᠬᠠᠤᠯᠢ 》᠂ 《 ᠬᠣᠲᠠ᠎ᠶᠢᠨ ᠰᠠᠭᠤᠷᠢ ᠲᠦᠭᠦᠭᠡᠷᠦᠮᠵᠢ᠎ᠶᠢᠨ ᠢᠵᠢ ᠪᠦᠷᠢᠳᠦᠭᠦᠯᠬᠦ ᠵᠠᠷᠤᠳᠠᠯ᠎ᠤᠨ ᠰᠢᠨᠵᠢ ᠴᠢᠨᠠᠷ᠎ᠤᠨ ᠲᠤᠬᠠᠶ ᠡᠳ᠋᠎ᠤᠨ ᠵᠠᠰᠠᠭ᠎ᠤᠨ ᠶᠠᠮᠤᠨ᠎ᠤ ᠴᠣᠬᠣᠯᠠᠪᠤᠷᠢ 》 ( ᠡᠳ᠋ ᠶᠡᠷᠦᠩᠬᠡᠶ᠋ᠢᠯᠡᠭᠰᠡᠨ ᠵᠠᠬᠢᠳᠠᠯ [ 2002 ] 3 ᠳ᠋ᠤᠭ᠋ᠠᠷ ᠲᠣᠭ᠋ᠠᠲᠤ )᠂ 《 〈 ᠵᠠᠰᠠᠭ᠎ᠤᠨ ᠣᠷᠳᠣᠨ᠎ᠤ ᠴᠢᠨᠠᠷᠲᠠᠶ ᠰᠠᠭᠤᠷᠢ ᠮᠥᠩᠭᠥ᠎ᠶᠢᠨ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠠᠷᠭ᠎ᠠ 〉᠎ᠶᠢ ᠳᠠᠷᠤᠮᠠᠯᠯᠠᠨ ᠶᠠᠪᠤᠭᠤᠯᠬᠤ ᠲᠤᠬᠠᠶ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ 》 ( ᠡᠳ᠋ ᠶᠡᠷᠦᠩᠬᠡᠶ᠋ᠢᠯᠡᠭᠰᠡᠨ [ 2010 ]80 ᠳ᠋ᠤᠭ᠋ᠠᠷ ᠲᠣᠭ᠋ᠠᠲᠤ ) ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠃

ᠭᠤᠷᠪᠠ᠂ ᠲᠥᠷᠥ᠎ᠶᠢᠨ ᠪᠣᠳᠣᠯᠭ᠎ᠠ᠎ᠶᠢᠨ ᠭᠤᠤᠯ ᠠᠭᠤᠯᠭ᠎ᠠ 

ᠪᠦ᠍ᠬᠦ ᠠᠭᠤᠯᠭ᠎ᠠ ᠨᠡᠢ᠌ᠲᠡ ᠬᠤᠷᠢᠨ ᠬᠤᠶᠠᠷ ᠵᠤᠷᠪᠤᠰ᠂ ᠭᠣᠣᠯ ᠠᠭᠣᠯᠭ᠎ᠠ ᠨᠢ ᠲᠣᠰ ᠪᠦᠷᠢ᠄

( ᠨᠢᠭᠡ ) ᠨᠢᠭᠡᠳᠦᠭᠡᠷ ᠵᠤᠷᠪᠤᠰ ᠬᠠᠮᠢᠶᠠᠷᠤᠯᠲᠠ᠎ᠶᠢᠨ ᠠᠷᠭ᠎ᠠ᠎ᠶᠢᠨ ᠵᠣᠷᠢᠯᠭ᠎ᠠ ᠪᠠ ᠭᠣᠣᠯ ᠦᠨᠳᠦᠰᠦᠯᠡᠯ ᠪᠣᠯᠬᠣ ᠪᠢᠴᠢᠭ ᠮᠠᠲ᠋ᠧᠷᠢᠶᠠᠯ᠎ᠢ ᠳᠣᠲᠣᠷᠬᠠᠢ᠌ᠯᠠᠨ᠎ᠠ᠃

( ᠬᠤᠶᠠᠷ ) ᠬᠣᠶᠠᠳᠤᠭ᠋ᠠᠷ ᠵᠤᠷᠪᠤᠰ ᠬᠠᠮᠢᠶᠠᠷᠤᠯᠲᠠ᠎ᠶᠢᠨ ᠠᠷᠭ᠎ᠠ᠎ᠶᠢᠨ ᠲᠣᠬᠢᠷᠠᠬᠤ ᠬᠡᠪᠴᠢᠶ᠎ᠡ᠎ᠶᠢ ᠳᠣᠲᠣᠷᠬᠠᠢ᠌ᠯᠠᠨ᠎ᠠ᠃

( ᠭᠤᠷᠪᠠ ) ᠭᠤᠷᠪᠠᠳᠤᠭ᠋ᠠᠷ ᠵᠤᠷᠪᠤᠰ ᠢᠵᠢ ᠪᠦᠷᠢᠳᠦᠭᠦᠯᠬᠦ ᠵᠠᠷᠤᠳᠠᠯ ᠲᠠᠲᠠᠪᠤᠷᠢᠯᠠᠬᠤ ᠨᠢᠭᠡᠴᠢ᠂ ᠲᠠᠲᠠᠪᠤᠷᠢᠯᠠᠬᠤ ᠭᠣᠭᠴᠣᠭ᠎ᠠ᠂ ᠲᠠᠲᠠᠪᠤᠷᠢᠯᠠᠬᠤ ᠠᠵᠢᠯ᠎ᠤᠨ ᠶᠠᠪᠣᠴᠠ᠎ᠶᠢᠨ ᠬᠠᠮᠢᠶᠠᠷᠤᠯᠲᠠ᠎ᠶᠢᠨ ᠡᠷᠬᠡ ᠮᠡᠳᠡᠯ ᠎ᠢ ᠡᠯ᠎ᠡ ᠠᠶ᠋ᠢᠮᠠᠭ ᠬᠣᠲᠠ᠎ᠳᠤ ᠳᠣᠷᠣᠭᠰᠢ ᠪᠠᠭᠣᠯᠭ᠋ᠠᠬᠣ᠎ᠶᠢ ᠳᠣᠲᠣᠷᠬᠠᠢ᠌ᠯᠠᠨ᠎ᠠ᠃

( ᠳᠥᠷᠪᠡ ) ᠳᠥᠷᠪᠡᠳᠦᠭᠡᠷ ᠵᠤᠷᠪᠤᠰ ᠢᠵᠢ ᠪᠦᠷᠢᠳᠦᠭᠦᠯᠬᠦ ᠵᠠᠷᠤᠳᠠᠯ ᠲᠠᠲᠠᠪᠤᠷᠢᠯᠠᠬᠤ ᠡᠲᠡᠭᠡᠳ᠎ᠢ ᠳᠣᠲᠣᠷᠬᠠᠢ᠌ᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤ᠎ᠶᠢ ᠨᠡᠭᠡᠭᠡᠨ ᠬᠥᠭᠵᠢᠭᠦᠯᠬᠦ ᠬᠢᠯᠢ ᠵᠢᠨ ᠳᠣᠲᠣᠷ᠎ᠠ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ( ᠱᠢᠨ᠎ᠡ ᠨᠡᠮᠡᠭ᠌ᠳᠡᠭ᠌ᠰᠡᠨ ᠲᠠᠯᠠᠪᠠᠢ᠎ᠶ᠋ᠢᠨ ᠬᠡᠰᠡᠭ᠎ᠢ ᠵᠢᠭᠠᠵᠤ ᠪᠠᠢᠨ᠎ᠠ ) ᠡᠯ᠎ᠡ ᠲᠥᠷᠥᠯ᠎ᠦᠨ ᠢᠨᠵᠸᠨ᠋ᠸᠷᠢᠭ᠎ᠦᠨ ᠲᠥᠷᠥᠯ ᠵᠦᠢ᠍ᠯ᠎ᠤᠨ ᠪᠠᠷᠢᠯᠭ᠎ᠠ ᠪᠠᠷᠢᠭᠤᠯᠬᠤ ᠨᠢᠭᠡᠴᠢ ᠪᠠ ᠬᠤᠪᠢ ᠬᠥᠮᠦᠨ ᠴᠥᠮ ᠲᠤᠰ ᠠᠷᠭ᠎ᠠ᠎ᠶ᠋ᠢᠨ ᠶᠣᠰᠣᠭᠠᠷ ᠢᠵᠢ ᠪᠦᠷᠢᠳᠦᠭᠦᠯᠬᠦ᠌ ᠰᠦᠢᠳᠭᠡᠯ ᠲᠣᠰᠢᠶᠠᠨ᠎ᠠ᠃

( ᠲᠠᠪᠤ ) ᠲᠠᠪᠤᠳᠤᠭ᠋ᠠᠷ ᠵᠤᠷᠪᠤᠰ ᠡᠯ᠎ᠡ ᠠᠶ᠋ᠢᠮᠠᠭ ᠬᠣᠲᠠ᠎ᠨᠤᠭᠤᠳ ᠠᠷᠭ᠎ᠠ᠎ᠳᠤ ᠳᠣᠲᠣᠷᠬᠠᠢ ᠲᠣᠭᠲᠠᠭ᠋ᠠᠭᠰᠠᠨ ᠲᠠᠲᠠᠪᠤᠷᠢᠯᠠᠬᠤ ᠪᠠᠷᠢᠮᠵᠢᠶ᠎ᠠ᠎ᠶᠢᠨ ᠣᠷᠣᠨ ᠵᠠᠶ᠎ᠶᠢᠨ ᠳᠣᠲᠣᠷ᠎ᠠ ᠲᠤᠰ ᠭᠠᠵᠠᠷ ᠣᠷᠣᠨ᠎ᠤ ᠪᠣᠳᠠᠲᠠᠶ ᠲᠠᠲᠠᠪᠤᠷᠢᠯᠠᠬᠤ ᠪᠠᠷᠢᠮᠵᠢᠶ᠎ᠠ᠎ᠪᠠᠨ ᠲᠣᠭᠲᠠᠭ᠋ᠠᠵᠤ᠂ ᠬᠣᠲᠠ ᠪᠠᠯᠭ᠋ᠠᠰᠤ᠎ᠶᠢᠨ ᠣᠷᠣᠨ ᠪᠦᠰᠡ᠂ ᠣᠷᠣᠨ ᠰᠠᠭᠤᠴᠠ ᠪᠠ ᠣᠷᠣᠨ ᠰᠠᠭᠤᠴᠠ᠎ᠶᠢᠨ ᠪᠤᠰᠤ᠂ ᠣᠳᠣᠨ ᠲᠠᠰ᠎ᠤᠨ ᠪᠣᠬᠢᠷᠲᠤᠯ ᠦᠭᠡᠶ ᠪᠠᠷᠢᠯᠭ᠎ᠠ ᠵᠡᠷᠭᠡ ᠠᠳᠠᠯᠢ ᠪᠤᠰᠤ ᠲᠠᠲᠠᠪᠤᠷᠢᠯᠠᠬᠤ ᠲᠥᠷᠥᠯ ᠢᠯᠭ᠋ᠠᠯ᠎ᠢ ᠵᠣᠬᠢᠰᠲᠠᠶ ᠢᠯᠭ᠋ᠠᠵᠤ᠂ ᠵᠠᠷᠴᠢᠮ ᠳᠡᠭᠡᠷ᠎ᠡ᠎ᠪᠠᠨ ᠪᠦᠬᠦᠯᠢ ᠴᠣᠭᠴᠠ᠎ᠪᠠᠷ᠎ᠨᠢ ᠰᠦᠢ᠍ᠳᠬᠡᠯ ᠲᠤᠰᠢᠶᠠᠭᠴᠢ᠎ᠶᠢᠨ ᠳᠠᠷᠤᠭ᠋ᠠᠰᠤ᠎ᠶᠢ ᠨᠡᠮᠡᠭᠳᠡᠭᠦᠯᠬᠦ ᠦᠭᠡᠶ ᠪᠠᠶ᠋ᠢᠬᠤ᠎ᠶᠢ ᠲᠣᠳᠣᠷᠬᠠᠶ᠋ᠢᠯᠠᠨ᠎ᠠ᠃

( ᠵᠢᠷᠭᠣᠭ᠎ᠠ ) ᠵᠢᠷᠭᠣᠳᠣᠭ᠋ᠠᠷ ᠵᠤᠷᠪᠤᠰ ᠲᠠᠲᠠᠪᠤᠷᠢᠯᠠᠬᠤ ᠦᠨᠳᠦᠰᠦᠯᠡᠯ᠎ᠢᠶᠠᠨ ᠳᠣᠲᠣᠷᠬᠠᠢ᠌ᠯᠠᠨ᠎ᠠ᠃ ᠶᠡᠷᠦ᠎ᠳᠤ᠎ᠪᠠᠨ ᠢᠨᠵᠸᠨ᠋ᠸᠷᠢᠭ᠎ᠦᠨ ᠲᠥᠷᠥᠯ ᠵᠦᠢ᠍ᠯ᠎ᠤᠨ ᠪᠠᠷᠢᠯᠭ᠎ᠠ᠎ᠶᠢᠨ ᠲᠠᠯᠠᠪᠠᠶ ( ᠪᠦᠲᠦᠭᠡᠨ ᠪᠠᠶ᠋ᠢᠭᠤᠯᠤᠯᠲᠠ᠎ᠶᠢᠨ ᠢᠨᠵᠸᠨ᠋ᠸᠷᠢᠭ᠎ᠦᠨ ᠲᠥᠯᠥᠪᠵᠢᠭᠦᠯᠭᠡ᠎ᠶᠢᠨ ᠵᠥᠪᠰᠢᠶᠡᠷᠡᠯ᠎ᠤᠨ ᠦᠨᠡᠮᠯᠡᠯ᠎ᠢ ᠦᠨᠳᠦᠰᠦᠯᠡᠨ ᠲᠣᠳᠣᠷᠬᠠᠶ᠋ᠢᠯᠠᠭᠰᠠᠨ ᠪᠠᠷᠢᠯᠭ᠎ᠠ᠎ᠶᠢᠨ ᠲᠥᠷᠥᠯ ᠵᠦᠢ᠍ᠯ᠎ᠤᠨ ᠲᠠᠯᠠᠪᠠᠶ ) ᠶᠣᠰᠣᠭ᠋ᠠᠷ ᠪᠣᠳᠣᠨ᠎ᠡ᠃ ᠪᠠᠷᠢᠯᠭ᠎ᠠ᠎ᠶᠢᠨ ᠲᠠᠯᠠᠪᠠᠶ᠎ᠪᠠᠷ ᠪᠣᠳᠣᠬᠤ᠎ᠶᠢᠨ ᠠᠷᠭ᠎ᠠ ᠦᠭᠡᠶ ᠪᠦᠲᠦᠭᠡᠨ ᠪᠠᠶ᠋ᠢᠭᠤᠯᠤᠯᠲᠠ᠎ᠶᠢᠨ ᠲᠥᠷᠥᠯ ᠵᠦᠢ᠍ᠯ ( ᠪᠠᠷᠢᠯᠭ᠎ᠠ᠎ᠶᠢᠨ ᠲᠠᠯᠠᠪᠠᠶ᠎ᠶᠢ ᠪᠣᠳᠣᠬᠤ᠎ᠶᠢᠨ ᠠᠷᠭ᠎ᠠ ᠦᠭᠡᠶ ᠪᠠᠷᠢᠯᠭ᠎ᠠ ᠪᠠᠭᠲᠠᠨ᠎ᠠ )᠎ᠢ ᠢᠨᠵᠸᠨ᠋ᠸᠷᠢᠭ᠎ᠦᠨ ᠪᠡᠯᠡ ᠣᠷᠣᠭᠤᠯᠤᠯᠲᠠ ( ᠲᠥᠬᠥᠭᠡᠷᠦᠮᠵᠢ ᠬᠤᠳᠠᠯᠳᠤᠨ ᠠᠪᠬᠤ᠎ᠶᠢ ᠪᠠᠭᠲᠠᠭ᠋ᠠᠬᠤ ᠦᠭᠡᠶ )ᠵᠣᠬᠢᠬᠤ ᠬᠠᠷᠢᠴᠠᠯ ᠵᠶ᠋ᠠᠷ ᠲᠠᠲᠠᠪᠤᠷᠢᠯᠠᠨ᠎ᠠ᠃

( ᠳᠤᠯᠤᠭ᠎ᠠ ) ᠳᠣᠯᠣᠳᠤᠭ᠋ᠠᠷ ᠵᠤᠷᠪᠤᠰ ᠲᠠᠲᠠᠪᠤᠷᠢᠯᠠᠬᠤ ᠬᠤᠭᠤᠴᠠᠭ᠎ᠠ᠂ ᠰᠦᠢ᠍ᠳᠬᠡᠯ ᠲᠤᠰᠢᠶᠠᠬᠤ ᠨᠢᠭᠡᠴᠢ ᠪᠤᠶᠤ ᠬᠤᠪᠢ ᠬᠥᠮᠦᠨ ᠲᠤᠰᠢᠶᠠᠬᠤ ᠮᠡᠳᠡᠭᠳᠡᠯ ᠬᠣᠷᠢᠶᠠᠨ ᠠᠪᠣᠭᠰᠠᠨ10 ᠠᠵᠢᠯᠯᠠᠬᠤ ᠡᠳᠦᠷ᠎ᠤᠨ ᠳᠣᠲᠣᠷ᠎ᠠ ᠢᠵᠢ ᠪᠦᠷᠢᠳᠦᠭᠦᠯᠬᠦ ᠰᠦᠢ᠍ᠳᠬᠡᠯ᠎ᠢ ᠨᠢᠭᠡ ᠯᠡ ᠤᠳᠠᠭ᠎ᠠ᠎ᠳᠤ ᠲᠤᠰᠢᠶᠠᠬᠤ ᠬᠡᠷᠡᠭᠲᠡᠶ ᠭᠡᠳᠡᠭ᠎ᠢ ᠳᠣᠲᠣᠷᠬᠠᠢ᠌ᠯᠠᠨ᠎ᠠ᠃

( ᠨᠠᠢ᠍ᠮᠠ ) ᠨᠠᠢ᠍ᠮᠠᠳᠤᠭ᠋ᠠᠷ ᠵᠤᠷᠪᠤᠰ ᠰᠦᠢ᠍ᠳᠬᠡᠯ ᠲᠤᠰᠢᠶᠠᠬᠤ᠎ᠳᠤ ᠢᠯᠡᠭᠦᠦ᠎ᠶᠢ ᠨᠢ ᠪᠤᠴᠠᠭ᠋ᠠᠵᠤ ᠳᠤᠲᠠᠭᠤ᠎ᠶᠢ ᠨᠢ ᠨᠥᠬᠥᠪᠥᠷᠢᠯᠡᠬᠦ ᠪᠠᠶ᠋ᠢᠳᠠᠯ᠎ᠢ ᠳᠣᠲᠣᠷᠬᠠᠢ᠌ᠯᠠᠨ᠎ᠠ ᠃

( ᠶᠢᠰᠦ ) ᠶᠢᠰᠦᠳᠦᠭᠡᠷ ᠵᠤᠷᠪᠤᠰ ᠢᠵᠢ ᠪᠦᠷᠢᠳᠦᠭᠦᠯᠬᠦ ᠵᠠᠷᠤᠳᠠᠯ᠎ᠤᠨ ᠰᠢᠨᠵᠢ ᠴᠢᠨᠠᠷ᠂ ᠰᠦᠢ᠍ᠳᠬᠡᠯ ᠬᠤᠷᠢᠶᠠᠬᠤ ᠫᠢᠶᠣᠤ ᠪᠠᠷᠢᠮᠲᠠ᠂ ᠲᠥᠰᠦᠪ ᠦ᠋᠊ᠨ ᠬᠠᠮᠢᠶᠠᠷᠤᠯᠲᠠ᠎ᠶᠢᠨ ᠠᠷᠭ᠎ᠠ ᠮᠠᠶᠢᠭ᠎ᠢ ᠳᠣᠲᠣᠷᠬᠠᠢ᠌ᠯᠠᠨ᠎ᠠ᠃ 

( ᠠᠷᠪᠠ ) ᠠᠷᠪᠠᠳᠤᠭ᠋ᠠᠷ ᠵᠤᠷᠪᠤᠰ ᠬᠥᠮᠥᠷᠭᠡ᠎ᠳᠤ ᠲᠤᠰᠢᠶᠠᠬᠤ ᠲᠥᠷᠥᠯ ᠵᠦᠢ᠍ᠯ᠎ᠢᠶᠠᠨ ᠲᠣᠳᠣᠷᠬᠠᠶ᠋ᠢᠯᠠᠨ᠎ᠠ᠃

( ᠠᠷᠪᠠᠨ ᠨᠢᠭᠡ ) ᠠᠷᠪᠠᠨ ᠨᠢᠭᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠬᠠᠰᠤᠵᠤ ᠬᠡᠯᠲᠦᠷᠢᠭᠦᠯᠬᠦ ᠬᠡᠪᠴᠢᠶ᠎ᠡ᠂ ᠤᠯᠤᠰ᠎ᠤᠨ ᠲᠣᠭᠲᠠᠭ᠋ᠠᠭᠰᠠᠨ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠬᠡᠷᠡᠭᠵᠢᠭᠦᠯᠬᠦ᠎ᠶᠢ ᠳᠣᠲᠣᠷᠬᠠᠢ᠌ᠯᠠᠨ᠎ᠠ᠃

( ᠠᠷᠪᠠᠨ ᠬᠣᠶᠠᠷ ) ᠠᠷᠪᠠᠨ ᠬᠣᠶᠠᠳᠤᠭ᠋ᠠᠷ ᠵᠤᠷᠪᠤᠰ ᠬᠠᠰᠤᠵᠤ ᠬᠡᠯᠳᠦᠷᠢᠭᠦᠯᠬᠦ ᠡᠷᠬᠡ ᠮᠡᠳᠡᠯ᠎ᠢᠶᠠᠨ ᠲᠣᠳᠣᠷᠬᠠᠶ᠋ᠢᠯᠠᠨ᠎ᠠ᠃

( ᠠᠷᠪᠠᠨ ᠭᠤᠷᠪᠠ ) ᠠᠷᠪᠠᠨ ᠭᠤᠷᠪᠠᠳᠤᠭ᠋ᠠᠷ ᠵᠤᠷᠪᠤᠰ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠢᠵᠢ ᠪᠦᠷᠢᠳᠦᠭᠦᠯᠬᠦ ᠵᠠᠷᠤᠳᠠᠯ᠎ᠢ ᠬᠠᠰᠤᠵᠤ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ ᠲᠣᠭᠲᠠᠭ᠋ᠠᠯ ᠶᠣᠰᠣᠭ᠋ᠠᠷ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ ᠭᠡᠳᠡᠭ᠎ᠢ ᠲᠣᠳᠣᠷᠬᠠᠶ᠋ᠢᠯᠠᠨ᠎ᠠ᠃

( ᠠᠷᠪᠠᠨ ᠳᠥᠷᠪᠡ ) ᠠᠷᠪᠠᠨ ᠳᠥᠷᠪᠡᠳᠦᠭᠡᠷ ᠵᠤᠷᠪᠤᠰ ᠤᠤᠯ᠎ᠤᠨ ᠬᠠᠰᠤᠵᠤ ᠬᠡᠯᠲᠦᠷᠢᠭᠦᠯᠬᠦ᠎ᠶᠢ ᠬᠦᠷᠲᠡᠭᠰᠨ ᠲᠥᠷᠥᠯ ᠵᠦᠢ᠍ᠯ᠎ᠤᠨ ᠵᠥᠪᠰᠢᠶᠡᠷᠡᠭᠰᠡᠨ ᠬᠡᠷᠡᠭᠴᠡᠭᠡ᠎ᠶᠢ ᠬᠤᠪᠢᠷᠠᠭᠣᠯᠵᠣ᠂ ᠣᠳᠣ᠎ᠶᠢᠨ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ ᠶᠣᠰᠣᠭ᠋ᠠᠷ ᠢᠵᠢ ᠪᠦᠷᠢᠳᠦᠭᠦᠯᠬᠦ ᠵᠠᠷᠤᠳᠠᠯ ᠎ᠢ ᠨᠥᠬᠥᠵᠦ ᠲᠤᠰᠢᠶᠠᠬᠤ ᠬᠡᠷᠡᠭᠲᠡᠶ ᠭᠡᠳᠡᠭ᠎ᠢ ᠳᠤᠲᠤᠷᠬᠠᠢ᠌ᠯᠠᠨ᠎ᠠ᠃

( ᠠᠷᠪᠠᠨ ᠲᠠᠪᠤ ) ᠠᠷᠪᠠᠨ ᠲᠠᠪᠤᠳᠤᠭ᠋ᠠᠷ ᠵᠤᠷᠪᠤᠰ ᠢᠵᠢ ᠪᠦᠷᠢᠳᠦᠭᠦᠯᠬᠦ ᠵᠠᠷᠤᠳᠠᠯ ᠬᠡᠷᠡᠭᠯᠡᠬᠦ ᠴᠢᠭᠯᠡᠯ᠎ᠢ ᠳᠣᠲᠣᠷᠬᠠᠢ᠌ᠯᠠᠨ᠎ᠠ᠃

( ᠠᠷᠪᠠᠨ ᠵᠢᠷᠭᠣᠭ᠎ᠠ ) ᠠᠷᠪᠠᠨ ᠵᠢᠷᠭᠤᠳᠤᠭ᠋ᠠᠷ ᠵᠤᠷᠪᠤᠰ ᠵᠠᠷᠤᠯᠭ᠎ᠠ᠎ᠶᠢᠨ ᠲᠥᠷᠥᠯ ᠵᠦᠢ᠍ᠯ᠎ᠢ ᠳᠣᠲᠣᠷᠬᠠᠢ᠌ᠯᠠᠨ᠎ᠠ᠃

( ᠠᠷᠪᠠᠨ ᠳᠣᠯᠣᠭ᠎ᠠ ) ᠠᠷᠪᠠᠨ ᠳᠣᠯᠣᠳᠤᠭ᠋ᠠᠷ ᠵᠤᠷᠪᠤᠰ ᠪᠣᠳᠠᠲᠠᠶ ᠬᠡᠷᠡᠭᠯᠡᠬᠦ ᠠᠷᠭ᠎ᠠ ᠮᠠᠶᠢᠭ᠎ᠢ ᠵᠠᠰᠠᠭ᠎ᠤᠨ ᠣᠷᠳᠣᠨ᠎ᠤ ᠴᠢᠨᠠᠷᠲᠠᠶ ᠰᠠᠭᠤᠷᠢ ᠮᠥᠩᠭᠦ᠎ᠶᠢᠨ ᠲᠥᠰᠦᠪ᠎ᠤᠨ ᠬᠠᠮᠢᠶᠠᠷᠤᠯᠲᠠ᠎ᠶᠢᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠢ ᠭᠡᠳᠡᠭ᠎ᠢ ᠳᠤᠲᠣᠷᠬᠠᠢ᠌ᠯᠠᠨ᠎ᠠ᠃

( ᠠᠷᠪᠠᠨ ᠨᠠᠢ᠍ᠮᠠ ) ᠠᠷᠪᠠᠨ ᠨᠠᠢ᠍ᠮᠠᠳᠤᠭ᠋ᠠᠷ ᠵᠤᠷᠪᠤᠰ ᠬᠣᠲᠠ᠎ᠶᠢᠨ ᠰᠠᠭᠤᠷᠢ ᠲᠦᠭᠦᠭᠡᠷᠦᠮᠵᠢ᠎ᠶᠢᠨ ᠢᠵᠢ ᠪᠦᠷᠢᠳᠦᠭᠦᠯᠬᠦ ᠰᠦᠢ᠍ᠳᠬᠡᠯ᠎ᠢ ᠳᠠᠪᠬᠤᠷᠳᠠᠭᠤᠯᠤᠨ ᠬᠤᠷᠢᠶᠠᠭᠰᠠᠨ ᠤᠰᠤ᠂ ᠴᠠᠬᠢᠯᠭ᠋ᠠᠨ᠂ ᠬᠡᠢ᠂ ᠢᠯᠴᠢ᠂ ᠵᠠᠮ ᠵᠢᠴᠢ ᠪᠤᠰᠤᠳ ᠡᠯ᠎ᠡ ᠵᠦᠢ᠍ᠯ᠎ᠤᠨ ᠨᠡᠷ᠎ᠡ ᠲᠥᠷᠥᠯ᠎ᠤᠨ ᠲᠤᠰᠬᠠᠶ ᠲᠥᠷᠥᠯ᠎ᠤᠨ ᠢᠵᠢ ᠪᠦᠷᠢᠳᠦᠭᠦᠯᠬᠦ ᠰᠦᠢ᠍ᠳᠬᠡᠯ᠎ᠢ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠳᠠᠬᠢᠵᠤ ᠡᠢ᠌ᠮᠦᠷᠭᠦᠦ ᠨᠡᠷ᠎ᠡ ᠲᠥᠷᠥᠯ᠎ᠤᠨ ᠰᠦᠢ᠍ᠳᠬᠡᠯ ᠬᠤᠷᠢᠶᠠᠵᠤ ᠪᠣᠯᠬᠤ ᠦᠭᠡᠶ ᠭᠡᠳᠡᠭ᠎ᠢ ᠳᠤᠲᠤᠷᠬᠠᠢ᠌ᠯᠠᠨ᠎ᠠ᠃

( ᠠᠷᠪᠠ ᠶᠢᠰᠦ ) ᠠᠷᠪᠠ ᠶᠢᠰᠦᠳᠦᠭᠡᠷ ᠵᠤᠷᠪᠤᠰ ᠥᠷᠢᠲᠦᠯ᠎ᠤᠨ ᠬᠠᠮᠢᠶᠠᠷᠤᠯᠲᠠ᠎ᠶᠢ ᠲᠣᠳᠣᠷᠬᠠᠶ᠋ᠢᠯᠠᠨ᠎ᠠ᠃

( ᠬᠣᠷᠢ ) ᠬᠣᠷᠢᠳᠤᠭ᠋ᠠᠷ ᠵᠤᠷᠪᠤᠰ ᠬᠠᠤᠯᠢ᠎ᠶᠢᠨ ᠬᠠᠷᠢᠭᠤᠴᠠᠯᠭ᠎ᠠ᠎ᠶᠢ ᠳᠤᠲᠤᠷᠬᠠᠢ᠌ᠯᠠᠨ᠎ᠠ᠃

( ᠬᠣᠷᠢᠨ ᠨᠢᠭᠡ ) ᠬᠤᠷᠢᠨ ᠨᠢᠭᠡᠳᠦᠭᠡᠷ ᠵᠤᠷᠪᠤᠰ ᠡᠯ᠎ᠡ ᠠᠶ᠋ᠢᠮᠠᠭ ᠬᠤᠲᠠ᠎ᠨᠢ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠲᠣᠭᠲᠠᠭ᠋ᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ᠎ᠶᠢ ᠴᠠᠭ ᠲᠤᠬᠠᠶ᠎ᠳᠤ ᠨᠢ ᠰᠠᠶ᠋ᠢᠲᠤᠷ ᠬᠢᠬᠦ ᠬᠡᠷᠡᠭᠲᠡᠶ ᠭᠡᠳᠡᠭ᠎ᠢ ᠲᠣᠳᠣᠷᠬᠠᠶ᠋ᠢᠯᠠᠨ᠎ᠠ᠃

( ᠬᠣᠷᠢᠨ ᠬᠣᠶᠠᠷ ) ᠬᠤᠷᠢᠨ ᠬᠤᠶᠠᠳᠤᠭ᠋ᠠᠷ ᠵᠤᠷᠪᠤᠰ ᠬᠠᠮᠢᠶᠠᠷᠤᠯᠲᠠ᠎ᠶᠢᠨ ᠠᠷᠭ᠎ᠠ᠎ᠶᠢ ᠬᠡᠷᠡᠭᠵᠢᠭᠦᠯᠬᠦ ᠴᠠᠭ᠎ᠢ ᠲᠣᠳᠣᠷᠬᠠᠶ᠋ᠢᠯᠠᠬᠤ᠎ᠶᠢᠨ ᠬᠠᠮᠲᠤ ᠤᠤᠯ᠎ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠨ᠎ᠠ ᠭᠡᠳᠡᠭ᠎ᠢ ᠳᠤᠲᠤᠷᠬᠠᠢ᠌ᠯᠠᠨ᠎ᠠ᠃

ᠳᠥᠷᠪᠡ᠂ ᠬᠠᠰᠤᠵᠤ ᠬᠡᠯᠲᠦᠷᠢᠭᠦᠯᠦᠭᠰᠡᠨ ᠪᠠᠶ᠋ᠢᠳᠠᠯ ᠵᠢᠴᠢ ᠲᠥᠷᠥ᠎ᠶᠢᠨ ᠪᠣᠳᠣᠯᠭ᠎ᠠ᠎ᠶᠢᠨ ᠦᠨᠳᠦᠰᠦᠯᠡᠯ

( ᠨᠢᠭᠡ ) ᠣᠯᠠᠨ ᠨᠡᠶ᠋ᠢᠲᠡ᠎ᠶᠢᠨ ᠲᠦᠷᠢᠶᠡᠰᠦᠨ ᠣᠷᠣᠨ ᠰᠠᠭᠤᠴᠠ ( ᠬᠢᠮᠳᠠ ᠲᠦᠷᠢᠶᠡᠰᠦᠨ ᠣᠷᠣᠨ ᠰᠠᠭᠤᠴᠠ ᠪᠠᠭᠲᠠᠨ᠎ᠠ ) ᠪᠠᠲᠤᠯᠠᠭ᠎ᠠ᠎ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠂ ᠬᠢᠮᠳᠠ ᠪᠥᠭᠡᠳ ᠳᠣᠭᠢᠷᠬᠠᠰᠠᠨ ᠣᠷᠣᠨ ᠰᠠᠭᠤᠴᠠ᠂ ᠳᠥᠭᠥᠮ ᠪᠦᠳᠦᠭᠦᠯᠢᠭ ᠣᠷᠣᠨ ᠰᠠᠭᠤᠴᠠᠲᠤ ᠲᠣᠭᠣᠷᠢᠭ᠎ᠢ ᠥᠭᠡᠷᠡᠴᠢᠯᠡᠨ ᠰᠢᠨᠡᠳᠬᠡᠵᠦ ᠲᠥᠪᠬᠢᠨᠡᠭᠦᠯᠬᠦ ᠣᠷᠣᠨ ᠰᠠᠭᠤᠴᠠ᠂ ᠬᠠᠭᠤᠴᠢᠨ ᠣᠷᠣᠨ ᠰᠠᠭᠤᠴᠠ᠎ᠶᠢᠨ ᠲᠣᠭᠣᠷᠢᠭ᠎ᠢ ᠴᠡᠭᠴᠡᠯᠡᠨ ᠵᠠᠰᠠᠵᠤ᠂ ᠨᠥᠬᠥᠴᠡᠯ᠎ᠳᠤ ᠨᠡᠶ᠋ᠢᠴᠡᠬᠦ ᠬᠣᠲᠠ᠎ᠳᠠᠬᠢ ᠲᠣᠰᠬᠣᠨ᠎ᠢ ᠥᠭᠡᠷᠡᠴᠢᠯᠡᠬᠦ᠂ ᠪᠠᠲᠤᠯᠠᠭ᠎ᠠ᠎ᠶᠢᠨ ᠴᠢᠨᠠᠷᠲᠠᠶ ᠣᠷᠣᠨ ᠰᠠᠭᠤᠴᠠ᠎ᠶᠢᠨ ᠲᠥᠷᠥᠯ ᠵᠦᠢ᠍ᠯ ᠵᠡᠷᠭᠡ᠎ᠳᠤ ᠢᠵᠢ ᠪᠦᠷᠢᠳᠦᠭᠦᠯᠬᠦ ᠵᠠᠷᠤᠳᠠᠯ᠎ᠢ ᠬᠡᠯᠲᠦᠷᠢᠭᠦᠯᠬᠦ ᠬᠡᠷᠡᠭᠲᠡᠶ᠃

ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢᠨ ᠪᠢᠴᠢᠭ ᠮᠠᠲ᠋ᠧᠷᠢᠶᠠᠯ᠄ 《 ᠬᠤᠲᠠ᠎ᠶᠢᠨ ᠣᠷᠣᠯᠭ᠎ᠠ ᠪᠠᠭ᠋ᠠᠲᠠᠢ ᠭᠡᠷ ᠪᠦᠯᠢ᠎ᠶᠢᠨ ᠣᠷᠣᠨ ᠰᠠᠭᠤᠴᠠ᠎ᠶᠢᠨ ᠬᠦᠴᠢᠷᠳᠡᠯ᠎ᠢ ᠰᠢᠢ᠍ᠳᠪᠦᠷᠢᠯᠡᠬᠦ ᠲᠤᠬᠠᠢ ᠲᠥᠷᠥ᠎ᠶᠢᠨ ᠶᠠᠪᠤᠳᠠᠯ᠎ᠤᠨ ᠬᠤᠷᠢᠶ᠎ᠠ᠎ᠶᠢᠨ ᠰᠠᠨᠠᠯ᠎ᠤᠳ 》 ( ᠲᠥᠷᠥ ᠲᠠᠷᠬᠠᠭ᠋ᠠᠭᠰᠠᠨ [ 2007 ] 24 ᠳ᠋ᠤᠭᠡᠷ ᠲᠣᠭ᠋ᠠᠲᠤ )᠂ 《 ᠪᠠᠲᠤᠯᠠᠭ᠎ᠠ᠎ᠶᠢᠨ ᠴᠢᠨᠠᠷᠲᠠᠶ ᠣᠷᠣᠨ ᠰᠠᠭᠤᠴᠠ᠎ᠶᠢ ᠲᠥᠯᠥᠪᠵᠢᠭᠦᠯᠦᠨ ᠪᠥᠲᠥᠭᠡᠨ ᠪᠠᠶ᠋ᠢᠭᠤᠯᠬᠤ ᠲᠤᠬᠠᠶ ᠲᠥᠷᠥ᠎ᠶᠢᠨ ᠶᠠᠪᠤᠳᠠᠯ᠎ᠤᠨ ᠬᠤᠷᠢᠶᠠᠨ᠎ᠤ ᠵᠢᠯᠣᠭᠤᠳᠬᠤ ᠰᠠᠨᠠᠯ 》 ( ᠲᠥᠷᠥ ᠲᠠᠷᠬᠠᠭ᠋ᠠᠭᠰᠠᠨ [ 2023 ]14 ᠳ᠋ᠤᠭᠡᠷ ᠲᠣᠭ᠋ᠠᠲᠤ ) 《 ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠎ᠶᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ᠎ᠶᠢᠨ ᠲᠤᠬᠠᠢ ᠲᠥᠷᠥ᠎ᠶᠢᠨ ᠶᠠᠪᠤᠳᠠᠯ᠎ᠤᠨ ᠬᠤᠷᠢᠶ᠎ᠠ᠎ᠶᠢᠨ ᠠᠯᠪᠠᠨ ᠲᠢᠩᠬᠢᠮ᠎ᠤᠨ ᠵᠢᠯᠤᠭᠤᠳᠬᠤ ᠰᠠᠨᠠᠯ 》 ( ᠲᠥᠷᠥ ᠠᠯᠪᠠᠨ ᠲᠠᠷᠬᠠᠭ᠋ᠠᠭᠰᠠᠨ [ 2011 ] 45 ᠳ᠋ᠤᠭ᠋ᠠᠷ ᠲᠣᠭ᠋ᠠᠲᠤ )᠂ 《 ᠪᠠᠲᠤᠯᠠᠭ᠎ᠠ᠎ᠶᠢᠨ ᠴᠢᠨᠠᠷᠲᠠᠢ ᠬᠢᠮᠳᠠ ᠣᠷᠣᠨ ᠰᠠᠭᠤᠴᠠ᠎ᠶᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ᠎ᠶᠢ ᠲᠦᠷᠭᠡᠳᠭᠡᠬᠦ ᠲᠤᠬᠠᠢ ᠲᠥᠷᠥ᠎ᠶᠢᠨ ᠶᠠᠪᠤᠳᠠᠯ᠎ᠤᠨ ᠬᠤᠷᠢᠶ᠎ᠠ᠎ᠶᠢᠨ ᠠᠯᠪᠠᠨ ᠲᠢᠩᠬᠢᠮ᠎ᠤᠨ ᠰᠠᠨᠠᠯ 》 ( ᠲᠥᠷᠥ ᠠᠯᠪᠠᠨ ᠲᠠᠷᠬᠠᠭ᠋ᠠᠭᠰᠠᠨ [ 2021 ] 22 ᠳ᠋ᠤᠭ᠋ᠠᠷ ᠲᠣᠭ᠋ᠠᠲᠤ )᠂ 《 ᠬᠡᠳᠦ ᠣᠨᠴᠠ ᠶᠡᠭᠡ ᠬᠤᠲᠠ᠎ᠳᠤ ᠬᠤᠲᠠ᠎ᠶᠢᠨ ᠳᠤᠮᠳᠠᠬᠢ ᠲᠣᠰᠬᠤᠨ᠎ᠤ ᠥᠭᠡᠷᠡᠴᠢᠯᠡᠯᠲᠡ᠎ᠶᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠬᠤ ᠲᠤᠬᠠᠢ ᠲᠥᠷᠥ᠎ᠶᠢᠨ ᠶᠠᠪᠤᠳᠠᠯ᠎ᠤᠨ ᠬᠤᠷᠢᠶ᠎ᠠ᠎ᠶᠢᠨ ᠠᠯᠪᠠᠨ ᠲᠢᠩᠬᠢᠮ᠎ᠤᠨ ᠵᠢᠯᠤᠭᠤᠳᠬᠤ ᠰᠠᠨᠠᠯ 》( ᠲᠥᠷᠥ ᠠᠯᠪᠠᠨ ᠲᠠᠷᠬᠠᠭ᠋ᠠᠭᠰᠠᠨ [ 2023 ]25 ᠳ᠋ᠤᠭ᠋ᠠᠷ ᠲᠣᠭ᠋ᠠᠲᠤ )᠂ 《 ᠬᠣᠲᠠ᠎ᠶᠢᠨ ᠣᠷᠣᠯᠭ᠎ᠠ ᠪᠠᠭ᠋ᠠᠲᠠᠶ ᠭᠡᠷ ᠪᠦᠯᠢ᠎ᠶᠢᠨ ᠣᠷᠣᠨ ᠰᠠᠭᠤᠴᠠ᠎ᠶᠢᠨ ᠬᠦᠴᠢᠷᠳᠡᠯ᠎ᠢ ᠰᠢᠢ᠍ᠳᠪᠦᠷᠢᠯᠡᠬᠦ ᠲᠤᠬᠠᠶ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠠᠨᠠᠯ᠎ᠤᠳ᠎ᠢ ᠲᠣᠭᠣᠰᠢᠯᠠᠭᠣᠯᠣᠨ ᠨᠠᠶ᠋ᠢᠳᠠᠪᠤᠷᠢᠵᠢᠭᠤᠯᠬᠤ ᠲᠤᠬᠠᠶ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ 》 ( ᠡᠳ᠋ ᠶᠡᠷᠦᠩᠬᠡᠢ᠌ᠯᠡᠭᠰᠡᠨ [ 2007 ] 53 ᠳ᠋ᠤᠭ᠋ᠠᠷ ᠲᠣᠭ᠋ᠠᠲᠤ )

( ᠬᠤᠶᠠᠷ ) ᠡᠮᠴᠢᠯᠡᠭᠡ᠂ ᠨᠠᠰᠣᠵᠢᠯ᠂ ᠪᠡᠶ᠎ᠡ᠎ᠶᠢᠨ ᠲᠠᠮᠢᠷ᠎ᠤᠨ ᠪᠡᠶ᠎ᠡ ᠴᠢᠬᠢᠷᠬᠠᠵᠢᠭᠤᠯᠬᠤ ᠲᠦᠭᠦᠭᠡᠷᠦᠮᠵᠢ᠎ᠶᠢᠨ ᠪᠦᠳᠦᠭᠡᠨ ᠪᠠᠶ᠋ᠢᠭᠤᠯᠥᠯᠳᠡ᠎ᠶᠢᠨ ᠳᠥᠷᠦᠯ ᠵᠦᠢ᠍ᠯ᠎ᠳᠤ ᠢᠵᠢ ᠪᠦᠷᠢᠳᠦᠬᠦᠯᠬᠦ ᠵᠠᠷᠣᠳᠡᠯ᠎ᠢ ᠭᠡᠯᠳᠦᠷᠢᠬᠦᠯᠬᠦ ᠦᠭᠡᠢ᠃

ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢᠨ ᠪᠢᠴᠢᠭ ᠮᠠᠲ᠋ᠧᠷᠢᠶᠠᠯ᠄ 《 ᠡᠷᠡᠭᠦᠯ ᠮᠡᠨᠳᠦ ᠬᠢᠭᠡᠳ ᠨᠠᠰᠤᠵᠢᠯ᠎ᠤᠨ ᠦᠢ᠍ᠯᠡᠴᠢᠯᠡᠭᠡᠨ᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠎ᠶᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ 》 ( ᠬᠥᠭᠵᠢᠭᠦᠯᠦᠯᠲᠡ ᠥᠭᠡᠷᠡᠴᠢᠯᠡᠯᠲᠡ ᠪᠡᠯᠡ ᠣᠷᠣᠭᠤᠯᠤᠯᠲᠠ [ 2014 ] 2091ᠳ᠋ᠤᠭᠡᠷ ᠲᠣᠭ᠋ᠠᠲᠤ )

( ᠭᠤᠷᠪᠠ ) ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ᠂ ᠬᠡᠦᠬᠡᠳ ᠰᠠᠭ᠋ᠠᠲᠠᠭᠤᠯᠬᠤ᠂ ᠭᠡᠷ᠎ᠦᠨ ᠶᠠᠪᠤᠳᠠᠯ᠎ᠤᠨ ᠦᠢ᠍ᠯᠡᠴᠢᠯᠡᠭᠡᠨ᠎ᠤ ᠪᠦᠲᠦᠭᠡᠨ ᠪᠠᠶ᠋ᠢᠭᠤᠯᠤᠯᠲᠠ᠎ᠶᠢᠨ ᠲᠥᠷᠥᠯ ᠵᠦᠢ᠍ᠯ᠎ᠳᠤ ᠢᠵᠢ ᠪᠦᠷᠢᠳᠦᠭᠦᠯᠬᠦ ᠰᠦᠢ᠍ᠳᠬᠡᠯ ᠬᠤᠷᠢᠶᠠᠬᠤ ᠦᠭᠡᠶ᠃

ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢᠨ ᠪᠢᠴᠢᠭ ᠮᠠᠲ᠋ᠧᠷᠢᠶᠠᠯ᠄ 《 ᠨᠠᠰᠤᠲᠠᠨ᠎ᠢ ᠠᠰᠠᠷᠠᠬᠤ᠂ ᠬᠡᠦᠬᠡᠳ ᠰᠠᠭ᠋ᠠᠲᠠᠭᠤᠯᠬᠤ᠂ ᠬᠡᠷ᠎ᠤᠨ ᠶᠠᠪᠤᠳᠠᠯ ᠵᠡᠷᠭᠡ ᠨᠡᠶ᠋ᠢᠭᠡᠮ ᠲᠣᠭᠤᠷᠢᠭ᠎ᠤᠨ ᠬᠡᠷ ᠪᠦᠯᠢ᠎ᠶᠢᠨ ᠦᠢ᠍ᠯᠡᠴᠢᠯᠡᠭᠡᠨ᠎ᠤ ᠭᠠᠶ᠋ᠢᠯᠢ ᠰᠦᠢ᠍ᠳᠬᠡᠯ᠎ᠤᠨ ᠬᠠᠷᠠᠭ᠋ᠠᠯᠵᠠᠯ᠎ᠤᠨ ᠲᠥᠷᠥ᠎ᠶᠢᠨ ᠪᠣᠳᠣᠯᠭ᠎ᠠ᠎ᠶᠢᠨ ᠲᠤᠬᠠᠶ ᠠᠯᠪᠠᠨ ᠵᠠᠷ 》 ( ᠡᠳ᠋᠎ᠤᠨ ᠵᠠᠰᠠᠭ᠎ᠤᠨ ᠶᠠᠮᠤᠨ  ᠭᠠᠶ᠋ᠢᠯᠢ᠎ᠶᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠬᠥᠭᠵᠢᠭᠦᠯᠦᠯᠲᠡ ᠥᠭᠡᠷᠡᠴᠢᠯᠡᠯᠲᠡ᠎ᠶᠢᠨ ᠵᠥᠪᠯᠡᠯ  ᠠᠷᠠᠳ᠎ᠤᠨ ᠶᠠᠪᠤᠳᠠᠯ᠎ᠤᠨ ᠶᠠᠮᠤᠨ  ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ  ᠡᠷᠡᠭᠦᠯ ᠬᠠᠮᠠᠭ᠋ᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠠᠯᠪᠠᠨ ᠵᠠᠷ 2019 ᠣᠨ᠎ᠤ 76 ᠳ᠋ᠤᠭ᠋ᠠᠷ ᠲᠣᠭ᠋ᠠᠲᠤ )

( ᠲᠦᠷᠪᠡ ) ᠣᠨᠳᠣᠣ ᠭᠠᠵᠠᠷ ᠨᠡᠭᠦᠯᠭᠡᠵᠦ ᠶᠠᠳᠠᠭᠤ᠎ᠶᠢ ᠲᠡᠳᠭᠦᠬᠦ ᠲᠥᠷᠥᠯ ᠵᠦᠢ᠍ᠯ᠎ᠳᠤ ᠢᠵᠢ ᠪᠦᠷᠢᠳᠦᠭᠦᠯᠬᠦ ᠰᠦᠢ᠍ᠳᠭᠡᠯ᠎ᠢ᠎ᠨᠢ ᠬᠡᠯᠲᠦᠷᠢᠭᠦᠯᠦᠨ᠎ᠡ᠃

ᠬᠠᠮᠢᠶ᠎ᠠ ᠪᠥᠬᠦᠶ ᠲᠥᠷᠥ᠎ᠶᠢᠨ ᠪᠣᠳᠣᠯᠭ᠎ᠠ᠎ᠶᠢᠨ ᠪᠢᠴᠢᠭ ᠮᠠᠲ᠋ᠧᠷᠢᠶᠠᠯ᠄ 《 ᠣᠨᠳᠣᠤ ᠭᠠᠵᠠᠷ᠎ᠲᠤ ᠨᠡᠭᠦᠯᠭᠡᠨ ᠶᠠᠳᠠᠭᠤ᠎ᠶᠢ ᠲᠡᠳᠬᠦᠬᠦ ᠬᠤᠯᠪᠣᠭᠳᠠᠯ ᠪᠥᠬᠦᠶ ᠵᠠᠰᠠᠭ᠎ᠤᠨ ᠣᠷᠳᠣᠨ᠎ᠤ ᠴᠢᠨᠠᠷᠲᠠᠶ ᠰᠠᠭᠤᠷᠢ ᠮᠥᠩᠭᠦ ᠪᠠ ᠵᠠᠰᠠᠭ ᠵᠠᠬᠢᠷᠭ᠋ᠠᠨ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ᠎ᠶᠢ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢᠨ ᠲᠤᠬᠠᠶ ᠡᠳ᠋᠎ᠤᠨ ᠵᠠᠰᠠᠭ᠎ᠤᠨ ᠶᠠᠮᠤᠨ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ᠎ᠶᠢᠨ ᠵᠥᠪᠯᠡᠯ᠎ᠤᠨ ᠮᠡᠳᠡᠭᠳᠡᠯ 》 ( ᠡᠳ᠋᠎ᠤᠨ ᠵᠠᠰᠠᠭ ᠭᠠᠶ᠋ᠢᠯᠢ [ 2019 ]53 ᠳ᠋ᠤᠭ᠋ᠠᠷ ᠲᠣᠭ᠋ᠠᠲᠤ)

( ᠲᠠᠪᠤ ) ᠴᠡᠷᠢᠭ ᠠᠩᠭᠢ᠎ᠶᠢᠨ ᠠᠷᠤ ᠲᠠᠯ᠎ᠠ᠎ᠶᠢᠨ ᠪᠠᠲᠤᠯᠠᠭ᠎ᠠ᠎ᠶᠢᠨ ᠨᠡᠢ᠍ᠭᠡᠮᠯᠢᠭ᠎ᠲᠤ ᠢᠵᠢ ᠪᠦᠷᠢᠳᠦᠭᠦᠯᠬᠦ ᠥᠭᠡᠷᠡᠴᠢᠯᠡᠯᠲᠡ᠎ᠶᠢᠨ ᠲᠥᠷᠥᠯ ᠵᠦᠢ᠍ᠯ᠎ᠳᠤ ᠢᠵᠢ ᠪᠦᠷᠢᠳᠦᠭᠦᠯᠬᠦ ᠵᠠᠷᠤᠳᠠᠯ᠎ᠢ ᠬᠡᠯᠲᠦᠷᠢᠭᠦᠯᠬᠦ ᠬᠡᠷᠡᠭᠲᠡᠢ᠃

ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠄ 《 ᠴᠡᠷᠢᠭ ᠠᠩᠭᠢ᠎ᠶᠢᠨ ᠠᠷᠤ ᠲᠠᠯ᠎ᠠ᠎ᠶᠢᠨ ᠪᠠᠲᠤᠯᠠᠭ᠎ᠠ᠎ᠶᠢᠨ ᠨᠡᠶ᠋ᠢᠭᠡᠮᠴᠢᠯᠡᠯᠲᠡ᠎ᠶᠢ ᠠᠬᠢᠭᠤᠯᠬᠤ ᠬᠤᠯᠪᠣᠭᠳᠠᠯ ᠪᠥᠬᠦᠶ ᠠᠰᠠᠭᠤᠳᠠᠯ᠎ᠤᠨ ᠲᠤᠬᠠᠶ ᠲᠥᠷᠥ᠎ᠶᠢᠨ ᠶᠠᠪᠤᠳᠠᠯ᠎ᠤᠨ ᠬᠤᠷᠢᠶᠠᠨ᠎ᠤ ᠮᠡᠳᠡᠭᠳᠡᠯ 》 ( ᠲᠥᠷᠥ ᠲᠠᠷᠬᠠᠭ᠋ᠠᠭᠰᠠᠨ [ 2002 ]20 ᠳ᠋ᠤᠭ᠋ᠠᠷ ᠲᠣᠭ᠋ᠠᠲᠤ )

( ᠵᠢᠷᠭᠤᠭ᠎ᠠ ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ ᠪᠤᠶᠤ ᠡᠳ᠋᠎ᠤᠨ ᠵᠠᠰᠠᠭ᠎ᠤᠨ ᠶᠠᠮᠤᠨ᠎ᠤ ᠲᠣᠭᠲᠠᠭ᠋ᠠᠭᠰᠠᠨ ᠬᠠᠰᠤᠵᠤ ᠬᠡᠯᠲᠦᠷᠢᠭᠦᠯᠬᠦ ᠪᠠᠶ᠋ᠢᠳᠠᠯ ᠪᠤᠶᠤ ᠪᠤᠰᠤᠳ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ