ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠷᠠᠳᠢᠣ᠋ ᠲᠧᠯᠸᠢᠰ᠎ᠤᠨ ᠲᠣᠪᠴᠢᠶ᠎ᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠰᠣᠶᠣᠯ ᠪᠡᠶ᠎ᠡ ᠵᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ᠎ᠤᠨ ᠲᠣᠪᠴᠢᠶ᠎ᠠ᠂ ᠶᠡᠷᠦᠩᠬᠡᠢ ᠲᠣᠪᠴᠢᠶ᠎ᠠ ᠵᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠨᠢᠭᠡᠴᠢ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠵᠢᠨ ᠠᠯᠪᠠᠨ ᠲᠢᠩᠬᠢᠮ᠂ ᠺᠢᠨᠣ᠋ ᠰᠤᠪᠠᠭ᠎ᠤᠨ ᠫᠷᠣᠭ᠌ᠷᠠᠮ᠎ᠤᠨ ᠲᠥᠪ᠂ ᠳᠤᠮᠳᠠᠳᠤ ᠤᠯᠤᠰ᠎ᠤᠨ ᠰᠤᠷᠭ᠋ᠠᠨ ᠬᠥᠮᠦᠵᠢᠯ᠎ᠤᠨ ᠲᠧᠯᠸᠢᠰ ᠬᠣᠷᠢᠶ᠎ᠠ᠂ ᠡᠯ᠎ᠡ ᠬᠣᠯᠪᠣᠭᠳᠠᠯ ᠪᠦᠬᠦᠢ ᠨᠢᠭᠡᠴᠢ᠎ᠳᠤ᠄
ᠷᠠᠳᠢᠣ᠋ ᠲᠧᠯᠸᠢᠰ᠎ᠤᠨ ᠲᠤᠨᠤᠭ ᠲᠥᠬᠦᠭᠡᠷᠦᠮᠵᠢ ᠵᠢ ᠰᠦᠯᠵᠢᠶᠡᠨ᠎ᠳᠤ ᠣᠷᠣᠭᠤᠯᠬᠤ ᠵᠢ ᠲᠣᠭᠲᠠᠭ᠋ᠠᠬᠤ ᠬᠠᠮᠢᠶᠠᠷᠤᠯᠲᠠ ᠵᠢ ᠵᠢᠷᠤᠮᠵᠢᠭᠤᠯᠬᠤ᠂ ᠰᠢᠨᠵᠢᠯᠡᠬᠦ ᠤᠬᠠᠭ᠋ᠠᠨᠴᠢᠯᠠᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠷᠠᠳᠢᠣ᠋ ᠲᠧᠯᠸᠢᠰ ᠪᠠ ᠰᠦᠯᠵᠢᠶᠡᠨ᠎ᠤ ᠰᠢᠨᠵᠢᠯᠡᠭᠡ ᠮᠡᠷᠭᠡᠵᠢᠯ᠎ᠤᠨ ᠬᠥᠭᠵᠢᠯᠲᠡ ᠵᠢᠴᠢ ᠠᠵᠢᠯ ᠲᠥᠷᠥᠯ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠤᠨ᠂ 《ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠰᠦᠯᠵᠢᠶᠡᠨ᠎ᠳᠤ ᠣᠷᠣᠭᠤᠯᠬᠤ ᠵᠢ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ》 (ᠤᠯᠤᠰ ᠷᠠᠳᠢᠣ᠋ ᠲᠧᠯᠸᠢᠰ ᠶᠡᠷᠦᠩᠬᠡᠢ ᠲᠣᠪᠴᠢᠶ᠎ᠠ ᠵᠠᠷᠯᠢᠭ 1 ᠳ᠋ᠤᠭᠡᠷ ᠲᠣᠭ᠋ᠠᠲᠤ) ᠶᠣᠰᠣᠭ᠋ᠠᠷ᠂ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠠᠴᠠ 《ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠰᠦᠯᠵᠢᠶᠡᠨ᠎ᠳᠤ ᠣᠷᠣᠭᠤᠯᠬᠤ ᠵᠢ ᠲᠣᠭᠲᠠᠭ᠋ᠠᠬᠤ ᠨᠡᠷ᠎ᠡ ᠲᠥᠷᠥᠯ᠎ᠤᠨ ᠬᠦᠰᠦᠨᠦᠭᠲᠦ (2023 ᠬᠡᠪᠯᠡᠯ)》 ᠵᠢ ᠵᠣᠬᠢᠶᠠᠨ ᠪᠠᠢ᠌ᠭᠤᠯᠤᠨ ᠲᠣᠭᠲᠠᠭ᠋ᠠᠵᠤ᠂ ᠡᠳᠦᠭᠡ ᠨᠡᠢ᠌ᠲᠡᠯᠡᠪᠡ᠃ ᠪᠢᠴᠢᠭ ᠮᠠᠲ᠋ᠧᠷᠢᠶᠠᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ ᠃
ᠡᠭᠦᠨ᠎ᠤ ᠬᠠᠮᠲᠤ᠂ 2022 ᠣᠨ᠎ᠤ 4 ᠳ᠋ᠤᠭᠡᠷ ᠰᠠᠷ᠎ᠠ ᠵᠢᠨ 19᠎ᠤ ᠡᠳᠦᠷ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ ᠵᠢᠨ ᠨᠡᠢ᠌ᠲᠡᠯᠡᠭᠰᠡᠨ 《ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠰᠦᠯᠵᠢᠶᠡᠨ᠎ᠳᠤ ᠣᠷᠣᠭᠤᠯᠬᠤ ᠵᠢ ᠲᠣᠭᠲᠠᠭ᠋ᠠᠬᠤ ᠨᠡᠷ᠎ᠡ ᠲᠥᠷᠥᠯ᠎ᠤᠨ ᠬᠦᠰᠦᠨᠦᠭᠲᠦ (2022 ᠬᠡᠪᠯᠡᠯ)》 (ᠷᠠᠳᠢᠣ᠋ ᠲᠧᠯᠸᠢᠰ ᠲᠠᠷᠬᠠᠭ᠋ᠠᠭᠰᠠᠨ [2022] 26 ᠳ᠋ᠤᠭ᠋ᠠᠷ ᠲᠣᠭ᠋ᠠᠲᠤ) ᠵᠢ ᠬᠦᠴᠦᠨ ᠦᠭᠡᠢ ᠪᠣᠯᠭ᠋ᠠᠨ᠎ᠠ᠃