ᠦᠪᠦᠷ ᠮᠣᠩᠭᠣᠯ᠎ᠤᠨ ᠱᠢᠨ ᠶᠤᠸᠠᠢ ᠰᠣᠶᠣᠯ ᠵᠠᠭᠣᠴᠢᠯᠠᠭᠣᠷ᠎ᠤᠨ ᠬᠢᠵᠠᠭᠠᠷᠲᠤ ᠺᠣᠮᠫᠠᠨᠢ᠎ᠳᠤ᠄
ᠲᠠᠨ᠎ᠤ ᠺᠣᠮᠫᠠᠨᠢ᠎ᠶ᠋ᠢᠨ ᠷᠠᠳᠢᠤ᠋ ᠲᠧᠯᠸᠢᠰ᠎ᠤᠨ ᠫᠷᠦᠭ᠌ᠷᠠᠮ ᠦᠢᠯᠡᠳᠴᠦ᠍ ᠡᠵᠡᠩᠨᠡᠬᠦ᠌ ᠠᠵᠢᠯ᠎ᠢ ᠦᠷᠨᠢᠭᠦᠯᠬᠦ᠌ ᠭᠤᠶᠤᠴᠢᠯᠠᠬᠤ ᠮᠠᠲ᠋ᠧᠷᠢᠶᠠᠯ᠎ᠢ ᠲᠣᠰᠣᠯ᠎ᠠ᠃ ᠰᠤᠳᠤᠯᠤᠯᠲᠠ᠎ᠪᠠᠷ ᠳᠠᠮᠵᠢᠭᠠᠳ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠪᠠ᠃
ᠨᠢᠭᠡ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ 《 ᠷᠠᠳᠢᠣ᠋ ᠲᠧᠯᠸᠢᠰ᠎ᠤᠨ ᠫᠷᠤᠭ᠌ᠷᠠᠮ ᠦᠢᠯᠡᠳᠴᠦ᠍ ᠡᠵᠡᠩᠨᠡᠬᠦ᠌ ᠬᠠᠮᠢᠶᠠᠷᠤᠯᠲᠠ᠎ᠶ᠋ᠢᠨ ᠲᠣᠭ᠍ᠲᠠᠭᠠᠯ 》 ( ᠶᠡᠷᠦᠩᠬᠡᠶ ᠲᠣᠪᠴᠢᠶ᠎ᠠ᠎ᠶ᠋ᠢᠨ ᠵᠠᠷᠯᠢᠭ 34 ᠳ᠋ᠦ᠍ᠭᠡᠷ ᠲᠣᠭᠠᠲᠤ ) ᠤᠨ ᠬᠤᠯᠪᠣᠭ᠍ᠳᠠᠯ ᠪᠥᠬᠦᠶ ᠲᠣᠭ᠍ᠲᠠᠭᠠᠯ᠎ᠢ ᠦᠨᠳᠦᠰᠦᠯᠡᠨ᠂ ᠲᠠᠨ᠎ᠤ ᠺᠣᠮᠫᠠᠨᠢ᠎ᠶ᠋ᠢᠨ ᠷᠠᠳᠢᠣ᠋ ᠲᠧᠯᠸᠢᠰ᠎ᠤᠨ ᠫᠷᠤᠭ᠌ᠷᠠᠮ ᠦᠢᠯᠡᠳᠴᠦ᠍ ᠡᠵᠡᠩᠨᠡᠬᠦ᠌ ᠲᠤᠬᠠᠢᠯᠠᠭ᠍ᠰᠠᠨ ᠠᠵᠢᠯ ᠥᠷᠨᠢᠭᠦᠯᠬᠦ᠌᠎ᠶ᠋ᠢ ᠵᠥᠪᠱᠢᠶᠡᠷᠡᠬᠦ᠌᠎ᠶ᠋ᠢᠨ ᠬᠠᠮᠲᠤ 《 ᠷᠠᠳᠢᠣ᠋ ᠲᠧᠯᠸᠢᠰ᠎ᠤᠨ ᠫᠷᠤᠭ᠌ᠷᠠᠮ ᠦᠢᠯᠡᠳᠴᠦ᠍ ᠡᠵᠡᠩᠨᠡᠬᠦ᠌ ᠵᠥᠪᠱᠢᠶᠡᠷᠡᠯ᠎ᠤᠨ ᠦᠨᠡᠮᠯᠡᠯ 》 ᠢ ᠲᠠᠷᠬᠠᠭᠠᠪᠠ ᠂ ᠳ᠋ᠤᠭᠠᠷ᠄ ( ᠦᠪᠦᠷ ᠮᠣᠩᠭᠤᠯ ) ᠦᠰᠦᠭ 646 ᠳ᠋ᠤᠭᠠᠷ ᠲᠣᠭᠠᠲᠤ᠌᠂ ᠬᠦᠴᠦᠨ᠎ᠲᠠᠢ ᠬᠤᠭᠤᠴᠠᠭ᠎ᠠ᠄ 2025 ᠣᠨ᠎ᠤ 7 ᠳ᠋ᠤᠭᠠᠷ ᠰᠠᠷ᠎ᠠ᠎ᠶ᠋ᠢᠨ 11 ᠤ ᠡᠳᠦᠷ᠎ᠠᠴᠠ 2027 ᠣᠨ᠎ᠤ 7 ᠳ᠋ᠤᠭᠠᠷ ᠰᠠᠷ᠎ᠠ᠎ᠶ᠋ᠢᠨ 10 ᠤ ᠡᠳᠦᠷ ᠪᠣᠯᠲᠠᠯ᠎ᠠ᠃
ᠬᠤᠶᠠᠷ᠂ ᠷᠠᠳᠢᠣ᠋ ᠲᠧᠯᠸᠢᠰ᠎ᠤᠨ ᠫᠷᠤᠭ᠌ᠷᠠᠮ ᠦᠢᠯᠡᠳᠴᠦ᠍ ᠡᠵᠡᠩᠨᠡᠬᠦ᠌ ᠬᠦᠷᠢᠶ᠎ᠡ ᠬᠡᠪᠴᠢᠶ᠎ᠡ᠄ ᠲᠤᠰᠭᠠᠶ ᠰᠡᠳᠦᠪ᠂ ᠲᠤᠰᠭᠠᠶ ᠪᠤᠯᠤᠩ᠂ ᠶᠡᠷᠦᠩᠬᠡᠢᠯᠡᠭ᠌ᠰᠡᠨ ᠤᠷᠠᠯᠢᠭ᠂ ᠺᠠᠷᠲ᠋ᠣᠨ ᠺᠢᠨᠣ᠋᠂ ᠷᠠᠳᠢᠣ᠋ ᠵᠦᠴᠦᠭᠡ᠂ ᠲᠧᠯᠸᠢᠰ ᠵᠦᠴᠦᠭᠡ ᠵᠡᠷᠭᠡ ᠷᠠᠳᠢᠣ᠋ ᠲᠧᠯᠸᠢᠰ᠎ᠤᠨ ᠫᠷᠤᠭ᠌ᠷᠠᠮ᠎ᠢ ᠦᠢᠯᠡᠳᠬᠦ᠌ ᠪᠠ ᠫᠷᠤᠭ᠌ᠷᠠᠮ᠎ᠤᠨ ᠬᠡᠪᠯᠡᠯ᠎ᠤᠨ ᠡᠷᠬᠡ᠎ᠶ᠋ᠢ ᠠᠷᠠᠯᠵᠢᠶᠠᠯᠠᠬᠤ ᠪᠠ ᠣᠷᠣᠯᠠᠨ ᠠᠷᠠᠯᠵᠢᠶᠠᠯᠠᠬᠤ᠃ ᠡᠵᠡᠩᠨᠡᠯᠲᠡ᠎ᠶ᠋ᠢᠨ ᠠᠷᠭ᠎ᠠ ᠬᠡᠯᠪᠡᠷᠢ᠄ ᠦᠢᠯᠡᠳᠬᠦ᠂ ᠬᠠᠭᠤᠯᠪᠤᠷᠢᠯᠠᠬᠤ᠂ ᠲᠠᠷᠬᠠᠭᠠᠬᠤ᠃
ᠭᠤᠷᠪᠠ᠂ ᠲᠠᠨ᠎ᠤ ᠺᠣᠮᠫᠠᠨᠢ 《ᠷᠠᠳᠢᠣ᠋ ᠲᠧᠯᠸᠢᠰ᠎ᠤᠨ ᠫᠷᠤᠭ᠌ᠷᠠᠮ ᠦᠢᠯᠡᠳᠴᠦ᠍ ᠡᠵᠡᠩᠨᠡᠬᠦ᠌ ᠵᠥᠪᠱᠢᠶᠡᠷᠡᠯ᠎ᠤᠨ ᠦᠨᠡᠮᠯᠡᠯ》 ᠠᠴᠠ ᠬᠢᠨᠠᠨ ᠵᠥᠪᠱᠢᠶᠡᠷᠡᠭ᠌ᠰᠡᠨ ᠦᠢᠯᠡᠳᠴᠦ᠍ ᠡᠵᠡᠩᠨᠡᠬᠦ᠌ ᠬᠡᠪᠴᠢᠶ᠎ᠡ᠎ᠶ᠋ᠢ ᠴᠢᠩᠭ᠎ᠠ ᠵᠢᠷᠤᠮᠯᠠᠨ ᠲᠤᠬᠠᠢᠯᠠᠭ᠍ᠰᠠᠨ ᠠᠵᠢᠯ᠎ᠤᠨ ᠠᠵᠢᠯᠯᠠᠭ᠎ᠠ ᠥᠷᠨᠢᠭᠦᠯᠵᠦ᠍᠂ ᠦᠢᠯᠡᠳᠴᠦ᠍ ᠡᠵᠡᠩᠨᠡᠬᠦ᠌ ᠠᠵᠢᠯᠯᠠᠭ᠎ᠠ᠎ᠳᠤ ᠡᠷᠬᠡᠪᠰᠢ ᠤᠯᠤᠰ᠎ᠤᠨ ᠬᠠᠤᠯᠢ ᠴᠠᠭᠠᠵᠠ᠂ ᠬᠠᠤᠯᠢ ᠲᠣᠭ᠍ᠲᠠᠭᠠᠯ ᠪᠠ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ᠎ᠶ᠋ᠢ ᠵᠢᠷᠤᠮᠯᠠᠬᠤ ᠬᠡᠷᠡᠭ᠌ᠲᠡᠶ᠃ ᠲᠤᠬᠠᠢ᠎ᠶ᠋ᠢᠨ ᠴᠠᠭ᠎ᠤᠨ ᠤᠯᠤᠰ ᠲᠥᠷᠥ᠎ᠶ᠋ᠢᠨ ᠰᠣᠨᠢᠨ ᠮᠡᠳᠡᠭᠡ ᠵᠢᠴᠢ ᠠᠳᠠᠯᠢ ᠲᠥᠷᠥᠯ᠎ᠤᠨ ᠲᠤᠰᠭᠠᠢ ᠰᠡᠳᠦᠪ᠂ ᠲᠤᠰᠭᠠᠢ ᠪᠤᠯᠤᠩ ᠵᠡᠷᠭᠡ ᠷᠠᠳᠢᠣ᠋ ᠲᠧᠯᠸᠢᠰ᠎ᠤᠨ ᠫᠷᠤᠭ᠌ᠷᠠᠮ᠎ᠢ ᠦᠢᠯᠡᠳᠴᠦ᠍ ᠪᠣᠯᠬᠤ ᠦᠭᠡᠢ ᠃ ᠴᠢᠬᠤᠯᠠ ᠶᠡᠭᠡ ᠬᠤᠪᠢᠰᠭᠠᠯ ᠪᠣᠯᠤᠨ ᠲᠡᠦᠬᠡ᠎ᠶ᠋ᠢᠨ ᠰᠡᠳᠦᠪᠲᠦ ᠲᠧᠯᠸᠢᠰ ᠵᠦᠴᠦᠭᠡ ᠂ ᠣᠨᠣᠯ᠎ᠤᠨ ᠰᠤᠷᠪᠤᠯᠵᠢ ᠪᠢᠴᠢᠭ ᠲᠧᠯᠸᠢᠰ᠎ᠤᠨ ᠲᠤᠰᠭᠠᠶ ᠰᠡᠳᠦᠪᠲᠦ ᠹᠢᠯᠢᠮ ᠵᠡᠷᠭᠡ ᠷᠠᠳᠢᠣ᠋ ᠲᠧᠯᠸᠢᠰ᠎ᠤᠨ ᠫᠷᠤᠭ᠌ᠷᠠᠮ᠎ᠢ ᠦᠢᠯᠡᠳᠬᠦ᠌᠎ᠳᠤ ᠡᠷᠬᠡᠪᠰᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠬᠤᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠬᠡᠷᠡᠭ᠌ᠵᠢᠭᠦᠯᠬᠦ᠌ ᠬᠡᠷᠡᠭ᠌ᠲᠡᠶ᠃ ᠺᠠᠷᠲ᠋ᠣᠨ ᠺᠢᠨᠣ᠋ ᠂ ᠲᠧᠯᠸᠢᠰ ᠵᠦᠴᠦᠭᠡ ᠦᠢᠯᠡᠳᠬᠦ᠌᠎ᠳᠤ᠎ᠪᠠᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠪᠠᠷ ᠬᠢᠨᠠᠨ ᠬᠠᠷᠭᠤᠭᠤᠯᠬᠤ᠎ᠶ᠋ᠢᠨ ᠬᠠᠮᠲᠤ ᠬᠠᠮᠢᠶ᠎ᠠ ᠪᠦᠬᠦᠢ ᠭᠠᠷᠳᠠᠮ᠎ᠢ ᠭᠦᠢᠴᠡᠳᠭᠡᠬᠦ᠌ ᠬᠡᠷᠡᠭ᠌ᠲᠡᠶ᠃
ᠲᠦᠷᠪᠡ᠂ ᠨᠡᠢᠳᠡᠯᠡᠭ᠌ᠰᠡᠨ 《ᠷᠠᠳᠢᠤ᠋ ᠲᠧᠯᠸᠢᠰ᠎ᠤᠨ ᠫᠷᠤᠭ᠌ᠷᠠᠮ᠎ᠢ ᠦᠢᠯᠡᠳᠴᠤ᠌ ᠡᠵᠡᠩᠨᠡᠬᠦ᠌ ᠵᠦᠪᠱᠢᠶᠡᠷᠡᠯ᠎ᠤᠨ ᠦᠨᠡᠮᠯᠡᠯ》 ᠢ ᠶᠠᠮᠠᠷᠪᠠ ᠠᠷᠭ᠎ᠠ ᠮᠠᠶᠢᠭ᠎ᠢᠶᠠᠷ ᠪᠠᠯᠠᠯᠬᠤ ᠂ ᠲᠦᠷᠢᠶᠡᠰᠦᠯᠡᠬᠦ᠂ ᠱᠢᠯᠵᠢᠭᠦᠯᠬᠦ ᠂ ᠬᠤᠳᠠᠯᠳᠤᠬᠤ ᠪᠠ ᠬᠠᠭᠤᠷᠮᠠᠭ᠎ᠢᠶᠠᠷ ᠵᠤᠬᠢᠶᠠᠬᠤ᠎ᠶ᠋ᠢ ᠴᠢᠩᠭ᠎ᠠ ᠬᠤᠷᠢᠭ᠍ᠯᠠᠨ᠎ᠠ᠃ 《ᠷᠠᠳᠢᠣ᠋ ᠲᠧᠯᠸᠢᠰ᠎ᠤᠨ ᠫᠷᠤᠭ᠌ᠷᠠᠮ ᠦᠢᠯᠡᠳᠴᠦ᠍ ᠡᠵᠡᠩᠨᠡᠬᠦ᠌ ᠵᠥᠪᠱᠢᠶᠡᠷᠡᠯ᠎ᠤᠨ ᠦᠨᠡᠮᠯᠡᠯ》 ᠳᠤ ᠲᠣᠳᠣᠷᠬᠠᠢᠯᠠᠭ᠍ᠰᠠᠨ ᠦᠢᠯᠡᠳᠬᠦ᠌ ᠪᠠᠢᠭᠤᠯᠤᠮᠵᠢ᠎ᠶ᠋ᠢᠨ ᠨᠡᠷᠡᠢᠳᠦᠯ᠂ ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ᠂ ᠬᠠᠶᠢᠭ ᠪᠠ ᠲᠦᠷᠢᠮ ᠵᠡᠷᠭᠡ ᠵᠦᠢᠯᠡᠰ᠎ᠲᠤ ᠬᠤᠪᠢᠷᠠᠯᠲᠠ ᠭᠠᠷᠪᠠᠯ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠮᠡᠳᠡᠭᠦᠯᠦᠨ ᠬᠤᠪᠢᠷᠠᠭᠤᠯᠬᠤ᠎ᠶ᠋ᠢ ᠬᠢᠨᠠᠨ ᠵᠥᠪᠱᠢᠶᠡᠷᠡᠭᠦᠯᠬᠦ᠌ ᠭᠠᠷᠳᠠᠮ᠎ᠢ ᠭᠦᠢᠴᠡᠳᠭᠡᠨ᠎ᠡ ᠂ ᠷᠠᠳᠢᠣ᠋ ᠲᠧᠯᠸᠢᠰ᠎ᠤᠨ ᠫᠷᠤᠭ᠌ᠷᠠᠮ ᠦᠢᠯᠡᠳᠴᠦ᠍ ᠡᠵᠡᠩᠨᠡᠬᠦ᠌ ᠠᠵᠢᠯᠯᠠᠭ᠎ᠠ᠎ᠶ᠋ᠢ ᠵᠣᠭ᠍ᠰᠣᠭᠠᠬᠤ᠎ᠳᠤ ᠂ 1 ᠭᠠᠷᠠᠭ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠬᠦᠷᠴᠦ᠍ ᠬᠦᠴᠦᠨ ᠥᠬᠡᠶ ᠪᠣᠯᠭᠠᠬᠤ ᠭᠠᠷᠳᠠᠮ᠎ᠢ ᠭᠦᠢᠴᠡᠳᠭᠡᠬᠦ᠌ ᠬᠡᠷᠡᠭ᠌ᠲᠡᠶ᠃
ᠲᠠᠪᠤ᠂ ᠭᠠᠳᠠᠭᠠᠳᠤ᠎ᠳᠤ ᠭᠠᠷᠭᠠᠬᠤ ᠷᠠᠳᠢᠣ᠋ ᠲᠧᠯᠸᠢᠰ᠎ᠤᠨ ᠫᠷᠤᠭ᠌ᠷᠠᠮ ᠪᠤᠶᠤ ᠬᠢᠯᠢ᠎ᠶ᠋ᠢᠨ ᠭᠠᠳᠠᠨ᠎ᠠ ᠭᠠᠷᠭᠠᠵᠤ ᠦᠵᠡᠭᠦᠯᠭᠡ᠎ᠳᠤ ᠣᠷᠣᠯᠴᠠᠭᠤᠯᠬᠤ ᠷᠠᠳᠢᠣ᠋ ᠲᠧᠯᠸᠢᠰ᠎ᠤᠨ ᠫᠷᠤᠭ᠌ᠷᠠᠮ᠎ᠢ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠤᠷᠢᠳᠴᠢᠯᠠᠨ ᠮᠡᠳᠡᠭᠦᠯᠬᠦ᠌ ᠬᠡᠷᠡᠭ᠌ᠲᠡᠶ᠃
ᠴᠣᠬᠤᠯᠠᠪᠣᠷᠢᠯᠠᠪᠠ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2025 ᠣᠨ᠎ᠤ 7 ᠳ᠋ᠤᠭᠠᠷ ᠰᠠᠷ᠎ᠠ᠎ᠶ᠋ᠢᠨ 11 ᠤ ᠡᠳᠦᠷ