ᠥᠪᠥᠷ ᠮᠣᠩᠭᠤᠯ᠎ᠤᠨ ᠴᠢ ᠺᠧ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ᠍ ᠡᠵᠡᠩᠨᠡᠬᠦ᠌ ᠲᠤᠬᠠᠢᠯᠠᠭ᠍ᠰᠠᠨ ᠠᠵᠢᠯ ᠥᠷᠨᠢᠭᠦᠯᠬᠦ᠌᠎ᠶ᠋ᠢ ᠵᠥᠪᠱᠢᠶᠡᠷᠡᠬᠦ᠌ ᠲᠤᠬᠠᠶ ᠴᠣᠬᠤᠯᠠᠪᠤᠷᠢ
2025-09-09

ᠥᠪᠥᠷ ᠮᠣᠩᠭᠤᠯ᠎ᠤᠨ ᠴᠢ ᠺᠧ ᠱᠢᠨᠵᠢᠯᠡᠬᠦ᠌ ᠤᠬᠠᠭᠠᠨ  ᠲᠸᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠳᠦ᠄

ᠲᠠᠨ᠎ᠤ ᠺᠣᠮᠫᠠᠨᠢ ᠎ᠶ᠋ᠢᠨ ᠷᠠᠳᠢᠣ᠋ ᠨᠡᠪᠲᠡᠷᠡᠭᠦᠯᠭᠡ ᠲᠧᠯᠸᠢᠰ᠎ᠦᠨ ᠫᠷᠣᠭ᠌ᠷᠠᠮ ᠣᠢᠯᠡᠳᠴᠦ᠍ ᠡᠵᠡᠩᠨᠡᠬᠦ᠌ ᠠᠵᠢᠯ᠎ᠢ ᠦᠷᠨᠢᠭᠦᠯᠬᠦ᠌ ᠭᠤᠶᠤᠴᠢᠯᠠᠬᠤ ᠮᠠᠲᠸᠷᠢᠶᠠᠯ᠎ᠢ ᠲᠣᠰᠴᠦ᠍ ᠣᠯᠣᠯ᠎ᠠ᠃ ᠰᠤᠳᠤᠯᠤᠯᠲᠠ᠎ᠪᠠᠷ ᠳᠠᠮᠵᠢᠭᠠᠳ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠪᠠ᠃

ᠨᠢᠭᠡ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ 《ᠷᠠᠳᠢᠣ᠋ ᠲᠧᠯᠸᠢᠰ᠎ᠤᠨ ᠫᠷᠣᠭ᠌ᠷᠠᠮ ᠦᠢᠯᠡᠳᠴᠦ ᠡᠵᠡᠩᠨᠡᠬᠦ ᠬᠠᠮᠢᠶᠠᠷᠤᠯᠲᠠ᠎ᠶᠢᠨ ᠲᠣᠭᠲᠠᠭᠠᠯ》 (ᠶᠡᠷᠦᠩᠬᠡᠢ ᠲᠣᠪᠴᠢᠶ᠎ᠠ᠎ᠶᠢᠨ ᠵᠠᠷᠯᠢᠭ᠋ 34 ᠳ᠋ᠦ᠍ᠭᠡᠷ ᠲᠣᠭᠠᠲᠤ)᠎ᠤᠨ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠨ᠂ ᠲᠠᠨ᠎ᠤ ᠺᠤᠮᠫᠠᠨᠢ᠎ᠶᠢᠨ ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ ᠡᠵᠡᠩᠨᠡᠬᠦ᠎ᠶᠢᠨ ᠲᠤᠬᠠᠢᠯᠠᠭᠰᠠᠨ ᠠᠵᠢᠯ ᠥᠷᠨᠢᠭᠦᠯᠬᠦ᠎ᠶᠢ ᠵᠥᠪᠰᠢᠶᠡᠷᠡᠬᠦ᠎ᠶᠢᠨ ᠬᠠᠮᠲᠤ 《ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ  ᠣᠯᠭᠣᠪᠠ᠂ ᠳ᠋ᠤᠭᠠᠷ᠄ (ᠥᠪᠥᠷ ᠮᠣᠩᠭᠣᠯ) ᠦᠰᠦᠭ᠎ᠤᠨ 659 ᠳ᠋ᠦ᠍ᠭᠡᠷ ᠲᠣᠭᠠᠲᠤ᠂ ᠬᠦᠴᠦᠨ᠎ᠲᠠᠢ ᠬᠤᠭᠤᠴᠠᠭ᠎ᠠ᠄ 2025 ᠣᠨ᠎ᠤ 9 ᠳ᠋ᠦ᠍ᠭᠡᠷ ᠰᠠᠷ᠎ᠠ᠎ᠶᠢᠨ 4᠎ᠤ ᠡᠳᠦᠷ᠎ᠠᠴᠠ 2027 ᠣᠨ᠎ᠤ 9 ᠳ᠋ᠦ᠍ᠭᠡᠷ ᠰᠠᠷ᠎ᠠ᠎ᠶᠢᠨ 3᠎ᠤ ᠡᠳᠦᠷ ᠪᠤᠯᠲᠠᠯ᠎ᠠ᠃

ᠬᠣᠶᠠᠷ᠂ ᠷᠠᠳᠢᠣ᠋ ᠲᠧᠯᠸᠢᠰ᠎ᠤᠨ ᠫᠷᠣᠭ᠌ᠷᠠᠮ ᠦᠢᠯᠡᠳᠴᠦ ᠡᠵᠡᠩᠨᠡᠬᠦ ᠬᠦᠷᠢᠶ᠎ᠡ ᠬᠡᠪᠴᠢᠶ᠎ᠡ ᠨᠢ ᠄ ᠲᠤᠰᠬᠠᠢ ᠰᠡᠳᠦᠪ᠂ ᠲᠤᠰᠬᠠᠢ ᠪᠤᠯᠤᠩ᠂ ᠶᠡᠷᠦᠩᠬᠡᠢᠯᠡᠭᠰᠡᠨ ᠤᠷᠠᠯᠢᠭ᠋᠂ ᠺᠠᠷᠲ᠋ᠣᠨ ᠺᠢᠨᠣ᠋᠂ ᠷᠠᠳᠢᠣ᠋ ᠵᠦᠴᠦᠭᠡ᠂ ᠲᠧᠯᠸᠢᠰ ᠵᠦᠴᠦᠭᠡ ᠵᠡᠷᠭᠡ ᠷᠠᠳᠢᠣ᠋ ᠲᠧᠯᠸᠢᠰ᠎ᠤᠨ ᠫᠷᠣᠭ᠌ᠷᠠᠮ᠎ᠢ ᠦᠢᠯᠡᠳᠬᠦ ᠪᠠ ᠫᠷᠣᠭ᠌ᠷᠠᠮ᠎ᠤᠨ ᠬᠡᠪᠯᠡᠯ᠎ᠤᠨ ᠡᠷᠬᠡ᠎ᠶᠢ ᠠᠷᠠᠯᠵᠢᠶᠠᠯᠠᠬᠤ ᠪᠠ ᠣᠷᠣᠯᠠᠨ ᠠᠷᠠᠯᠵᠢᠶᠠᠯᠠᠬᠤ ᠶᠠᠪᠤᠳᠠᠯ ᠪᠣᠯᠣᠨ᠎ᠠ᠃ ᠡᠵᠡᠩᠨᠡᠯᠲᠡ᠎ᠶᠢᠨ ᠠᠷᠭ᠎ᠠ ᠮᠠᠶᠢᠭ᠋᠄ ᠦᠢᠯᠡᠳᠬᠦ᠂ ᠬᠠᠭᠤᠯᠪᠤᠷᠢᠯᠠᠬᠤ᠂ ᠲᠠᠷᠬᠠᠭᠠᠨ᠎ᠠ᠃

ᠭᠤᠷᠪᠠ᠂ ᠲᠠᠨ᠎ᠤ ᠺᠤᠮᠫᠠᠨᠢ 《ᠷᠠᠳᠢᠣ᠋ ᠲᠧᠯᠸᠢᠰ᠎ᠤᠨ ᠫᠷᠣᠭ᠌ᠷᠠᠮ ᠦᠢᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠬᠢᠨᠠᠨ ᠵᠥᠪᠰᠢᠶᠡᠷᠡᠭᠰᠡᠨ ᠦᠢᠯᠡᠳᠴᠦ ᠡᠵᠡᠩᠨᠡᠬᠦ᠎ᠶᠢᠨ ᠬᠡᠪᠴᠢᠶ᠎ᠡ᠎ᠶᠢ ᠴᠢᠩᠭ᠎ᠠ ᠵᠢᠷᠤᠮᠯᠠᠨ ᠲᠤᠬᠠᠢᠯᠠᠭᠰᠠᠨ ᠠᠵᠢᠯ᠎ᠤᠨ ᠠᠵᠢᠯᠯᠠᠭ᠎ᠠ ᠥᠷᠨᠢᠭᠦᠯᠵᠦ᠂ ᠦᠢᠯᠡᠳᠴᠦ ᠡᠵᠡᠩᠨᠡᠬᠦ᠎ᠶᠢᠨ ᠠᠵᠢᠯᠯᠠᠭ᠎ᠠ᠎ᠳᠤ ᠡᠷᠬᠡᠪᠰᠢ ᠤᠯᠤᠰ᠎ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢ ᠵᠢᠷᠤᠮᠯᠠᠬᠤ ᠬᠡᠷᠡᠭᠲᠡᠢ᠃ ᠲᠤᠬᠠᠢ᠎ᠶᠢᠨ ᠴᠠᠭ᠎ᠤᠨ ᠤᠯᠤᠰ ᠲᠥᠷᠥ᠎ᠶᠢᠨ ᠰᠣᠨᠢᠨ ᠮᠡᠳᠡᠭᠡ ᠵᠢᠴᠢ ᠠᠳᠠᠯᠢ ᠲᠥᠷᠥᠯ᠎ᠦᠨ ᠲᠤᠰᠬᠠᠢ ᠰᠡᠳᠦᠪ᠂ ᠲᠤᠰᠬᠠᠢ ᠪᠤᠯᠤᠩ ᠵᠡᠷᠭᠡ ᠷᠠᠳᠢᠣ᠋ ᠲᠧᠯᠸᠢᠰ᠎ᠦᠨ ᠫᠷᠣᠭ᠌ᠷᠠᠮ᠎ᠢ ᠦᠢᠯᠡᠳᠴᠦ ᠪᠤᠯᠬᠤ ᠦᠭᠡᠢ᠃ ᠴᠢᠬᠤᠯᠠ ᠶᠡᠬᠡ ᠬᠤᠪᠢᠰᠬᠠᠯ ᠪᠣᠯᠣᠨ ᠲᠡᠦᠬᠡ᠎ᠶᠢᠨ ᠰᠡᠳᠦᠪᠲᠦ ᠲᠧᠯᠸᠢᠰ ᠵᠦᠴᠦᠭᠡ᠂ ᠣᠨᠣᠯ᠎ᠤᠨ ᠰᠤᠷᠪᠤᠯᠵᠢ ᠪᠢᠴᠢᠭ ᠲᠧᠯᠸᠢᠰ᠎ᠦᠨ ᠲᠤᠰᠬᠠᠢ ᠰᠡᠳᠦᠪᠲᠦ ᠹᠢᠯᠢᠮ ᠵᠡᠷᠭᠡ ᠷᠠᠳᠢᠣ᠋ ᠲᠧᠯᠸᠢᠰ᠎ᠦᠨ ᠫᠷᠣᠭ᠌ᠷᠠᠮ᠎ᠢ ᠦᠢᠯᠡᠳᠬᠦ᠎ᠳᠦ ᠡᠷᠬᠡᠪᠰᠢ ᠤᠯᠤᠰ᠎ᠤᠨ ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶᠠᠨ᠎ᠤ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ ᠺᠠᠷᠲ᠋ᠣᠨ ᠺᠢᠨᠣ᠋ ᠂ ᠲᠧᠯᠸᠢᠰ ᠵᠦᠴᠦᠭᠡ ᠵᠣᠬᠢᠶᠠᠬᠤ᠎ᠳᠤ᠎ᠪᠠᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠪᠠᠷ ᠬᠢᠨᠠᠨ ᠬᠠᠷᠭᠤᠭᠤᠯᠬᠤ᠎ᠶᠢᠨ ᠬᠠᠮᠲᠤ ᠬᠣᠯᠪᠣᠭᠳᠠᠯ ᠪᠦᠬᠦᠢ ᠭᠠᠷᠳᠠᠮ᠎ᠢ ᠭᠦᠢᠴᠡᠳᠬᠡᠬᠦ ᠬᠡᠷᠡᠭᠲᠡᠢ᠃

ᠳᠥᠷᠪᠡ᠂ ᠨᠡᠢᠲᠡᠯᠡᠭᠰᠡᠨ 《ᠷᠠᠳᠢᠣ᠋ ᠲᠧᠯᠸᠢᠰ᠎ᠤᠨ ᠫᠷᠣᠭ᠌ᠷᠠᠮ᠎ᠢ ᠦᠢᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠶᠠᠮᠠᠷᠪᠠ ᠠᠷᠭ᠎ᠠ ᠮᠠᠶᠢᠭ᠋᠎ᠢᠶᠠᠷ ᠪᠠᠯᠠᠯᠬᠤ᠂ ᠲᠦᠷᠢᠶᠡᠰᠦᠯᠡᠬᠦ᠂ ᠰᠢᠯᠵᠢᠭᠦᠯᠬᠦ᠂ ᠬᠤᠳᠠᠯᠳᠤᠬᠤ ᠪᠠ ᠬᠠᠭᠤᠷᠮᠠᠭ᠎ᠢᠶᠠᠷ ᠵᠣᠬᠢᠶᠠᠬᠤ᠎ᠶᠢ ᠴᠢᠩᠭ᠎ᠠ ᠴᠠᠭᠠᠵᠠᠯᠠᠨ᠎ᠠ᠃ 《ᠷᠠᠳᠢᠣ᠋ ᠲᠧᠯᠸᠢᠰ᠎ᠤᠨ ᠫᠷᠣᠭ᠌ᠷᠠᠮ ᠦᠢᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠳᠤ ᠲᠣᠳᠣᠷᠬᠠᠢᠯᠠᠭᠰᠠᠨ ᠦᠢᠯᠡᠳᠬᠦ ᠪᠠᠢᠭᠤᠯᠤᠮᠵᠢ᠎ᠶᠢᠨ ᠨᠡᠷᠡᠢᠳᠦᠯ᠂ ᠬᠠᠤᠯᠢ᠎ᠪᠠᠷ ᠲᠣᠭᠲᠠᠭᠠᠭᠰᠠᠨ ᠲᠥᠯᠥᠭᠡᠯᠡᠭᠴᠢ᠂ ᠬᠠᠶᠢᠭ᠋ ᠪᠠ ᠳᠦᠷᠢᠮ ᠵᠡᠷᠭᠡ ᠵᠦᠢᠯᠡᠰ᠎ᠲᠤ ᠬᠤᠪᠢᠷᠠᠯᠲᠠ ᠭᠠᠷᠪᠠᠯ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠮᠡᠳᠡᠭᠦᠯᠦᠨ ᠬᠤᠪᠢᠷᠠᠭᠤᠯᠬᠤ᠎ᠶᠢ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢᠴᠡᠳᠬᠡᠬᠦ ᠭᠡᠷᠡᠭᠲᠡᠢ;ᠷᠠᠳᠢᠣ᠋ ᠲᠧᠯᠸᠢᠰ᠎ᠤᠨ ᠫᠷᠣᠭ᠌ᠷᠠᠮ ᠦᠢᠯᠡᠳᠴᠦ ᠡᠵᠡᠩᠨᠡᠬᠦ ᠠᠵᠢᠯᠯᠠᠭ᠎ᠠ᠎ᠶᠢ ᠵᠣᠭᠰᠤᠭᠠᠬᠤ᠎ᠳᠤ᠂ 1ᠭᠠᠷᠠᠭ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠬᠦᠷᠴᠦ ᠬᠦᠴᠦᠨ ᠦᠭᠡᠢ ᠪᠤᠯᠭᠠᠬᠤ ᠭᠠᠷᠳᠠᠮ᠎ᠢ ᠭᠦᠢᠴᠡᠳᠬᠡᠬᠦ ᠬᠡᠷᠡᠭᠲᠡᠢ᠃

ᠲᠠᠪᠤ᠂ ᠭᠠᠳᠠᠭᠠᠳᠤ᠎ᠳᠤ ᠭᠠᠷᠭᠠᠬᠤ ᠷᠠᠳᠢᠣ᠋ ᠲᠧᠯᠸᠢᠰ᠎ᠦᠨ ᠫᠷᠤᠭ᠌ᠷᠠᠮ ᠪᠤᠶᠤ ᠷᠠᠳᠢᠣ᠋ ᠨᠡᠪᠲᠡᠷᠡᠭᠦᠯᠭᠡ ᠲᠧᠯᠸᠢᠰ᠎ᠦᠨ ᠫᠷᠤᠭ᠌ᠷᠠᠮ᠎ᠢ ᠬᠢᠯᠢ᠎ᠶ᠋ᠢᠨ ᠭᠠᠳᠠᠨ᠎ᠠ ᠭᠠᠷᠭᠠᠨ ᠦᠵᠡᠭᠦᠯᠵᠦ᠍ ᠨᠡᠪᠲᠡᠷᠡᠭᠦᠯᠬᠦ᠌ ᠠᠵᠢᠯᠯᠠᠭ᠎ᠠ᠎ᠳᠤ ᠣᠷᠣᠯᠴᠠᠭᠤᠯᠪᠠᠯ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠳᠤ ᠤᠷᠢᠳᠴᠢᠯᠠᠨ ᠮᠡᠳᠡᠭᠦᠯᠬᠦ᠌ ᠬᠡᠷᠡᠭ᠌ᠲᠡᠶ᠃

 

ᠡᠭᠦᠨ᠎ᠳᠦ ᠴᠤᠬᠤᠯᠠᠪᠤᠷᠢᠯᠠᠪᠠ᠃

 

                                            ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

                                            2025 ᠣᠨ᠎ᠤ 9  ᠳ᠋ᠦ᠍ᠭᠡᠷ ᠰᠠᠷ᠎ᠠ᠎ᠶ᠋ᠢᠨ 4 ᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ