ᠥᠪᠥᠷ ᠮᠣᠩᠭᠤᠯ᠎ᠤᠨ ᠱᠢᠳᠢ ᠡᠷᠡᠭᠦᠯ ᠮᠡᠨᠳᠦ᠍᠎ᠶ᠋ᠢᠨ ᠵᠥᠪᠯᠡᠯᠭᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠷᠠᠳᠢᠣ᠋ ᠲᠧᠯᠸᠢᠰ᠎ᠤᠨ ᠫᠷᠤᠭ᠌ᠷᠠᠮ ᠦᠢᠯᠡᠳᠴᠦ᠍ ᠡᠵᠡᠩᠨᠡᠬᠦ᠌ ᠲᠤᠬᠠᠢᠯᠠᠭ᠍ᠰᠠᠨ ᠠᠵᠢᠯ ᠥᠷᠨᠢᠭᠦᠯᠬᠦ᠌᠎ᠶ᠋ᠢ ᠵᠥᠪᠱᠢᠶᠡᠷᠡᠬᠦ᠌ ᠲᠤᠬᠠᠶ ᠴᠣᠬᠤᠯᠠᠪᠤᠷᠢ
2025-08-20

ᠥᠪᠥᠷ ᠮᠣᠩᠭᠤᠯ᠎ᠤᠨ ᠱᠢᠳᠢ ᠡᠷᠡᠭᠦᠯ ᠮᠡᠨᠳᠦ᠍᠎ᠶ᠋ᠢᠨ ᠵᠥᠪᠯᠡᠯᠭᠡ᠎ᠶ᠋ᠢᠨ ᠯᠠᠪᠯᠠᠯᠭ᠎ᠠ᠎ᠶ᠋ᠢᠨ ᠬᠢᠵᠠᠭᠠᠷᠲᠤ ᠺᠣᠮᠫᠠᠨᠢ ᠎ᠳᠦ᠄

ᠲᠠᠨ᠎ᠤ ᠺᠣᠮᠫᠠᠨᠢ᠎ᠶ᠋ᠢᠨ ᠷᠠᠳᠢᠣ᠋ ᠨᠡᠪᠲᠡᠷᠡᠭᠦᠯᠭᠡ ᠲᠧᠯᠸᠢᠰ ᠫᠷᠤᠭ᠍ᠷᠠᠮ᠎ᠤᠨ  ᠫᠷᠣᠭ᠌ᠷᠠᠮ ᠦᠢᠯᠡᠳᠴᠦ᠍ ᠡᠵᠡᠩᠨᠡᠬᠦ᠌ ᠦᠢᠯᠡᠳᠬᠦ᠌ ᠡᠵᠡᠩᠨᠡᠯᠲᠡ᠎ᠶ᠋ᠢᠨ ᠠᠵᠢᠯ᠎ᠢ ᠦᠷᠨᠢᠭᠦᠯᠬᠦ᠌ ᠭᠤᠶᠤᠴᠢᠯᠠᠬᠤ ᠮᠠᠲ᠋ᠸ᠋ᠷᠢᠶᠠᠯ᠎ᠢ ᠮᠠᠲᠸᠷᠢᠶᠠᠯ ᠎ᠢ ᠲᠣᠰᠴᠣ ᠣᠯᠣᠯ᠎ᠠ ᠣᠯᠵᠤ ᠠᠪᠤᠯ᠎ᠠ ᠃ ᠰᠤᠳᠤᠯᠤᠯᠲᠠ᠎ᠪᠠᠷ ᠳᠠᠮᠵᠢᠭᠠᠳ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠪᠠ᠃

ᠨᠢᠭᠡ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ 《ᠷᠠᠳᠢᠣ᠋ ᠲᠧᠯᠸᠢᠰ᠎ᠤᠨ ᠫᠷᠣᠭ᠌ᠷᠠᠮ ᠦᠢᠯᠡᠳᠴᠦ᠍ ᠡᠵᠡᠩᠨᠡᠬᠦ᠌ ᠦᠢᠯᠡᠳᠬᠦ ᠡᠵᠡᠩᠨᠡᠯᠲᠡ ᠬᠠᠮᠢᠶᠠᠷᠤᠯᠲᠠ᠎ᠶᠢᠨ ᠲᠣᠭᠲᠠᠭᠠᠯ》 (ᠶᠡᠷᠦᠩᠬᠡᠢ ᠲᠣᠪᠴᠢᠶ᠎ᠠ᠎ᠶᠢᠨ ᠵᠠᠷᠯᠢᠭ᠋ 34 ᠳ᠋ᠦ᠍ᠭᠡᠷ ᠲᠣᠭᠠᠲᠤ)᠎ᠤᠨ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠨ᠂ ᠲᠠᠨ᠎ᠤ ᠺᠤᠮᠫᠠᠨᠢ᠎ᠶᠢᠨ ᠷᠠᠳᠢᠣ᠋ ᠲᠧᠯᠸᠢᠰ᠎ᠤᠨ ᠫᠷᠣᠭ᠌ᠷᠠᠮ ᠦᠢᠯᠡᠳᠬᠦ ᠡᠵᠡᠩᠨᠡᠯᠲᠡ᠎ᠶᠢᠨ  ᠦᠢᠯᠡᠳᠴᠦ᠍ ᠡᠵᠡᠩᠨᠡᠬᠦ᠌ ᠲᠤᠬᠠᠢᠯᠠᠭᠰᠠᠨ ᠠᠵᠢᠯ ᠥᠷᠨᠢᠭᠦᠯᠬᠦ᠎ᠶᠢ ᠵᠥᠪᠰᠢᠶᠡᠷᠡᠬᠦ᠎ᠶᠢᠨ ᠬᠠᠮᠲᠤ 《ᠷᠠᠳᠢᠣ᠋ ᠲᠧᠯᠸᠢᠰ᠎ᠤᠨ ᠫᠷᠣᠭ᠌ᠷᠠᠮ ᠦᠢᠯᠡᠳᠬᠦ ᠡᠵᠡᠩᠨᠡᠯᠲᠡ᠎ᠶᠢᠨ ᠦᠢᠯᠡᠳᠴᠦ᠍ ᠡᠵᠡᠩᠨᠡᠬᠦ᠌ ᠵᠥᠪᠰᠢᠶᠡᠷᠡᠯ᠎ᠤᠨ ᠦᠨᠡᠮᠯᠡᠯ》 ᠎ᠢ ᠣᠯᠭᠣᠪᠠ ᠲᠠᠷᠬᠠᠭᠠᠵᠤ᠂ ᠳ᠋ᠤᠭᠠᠷ᠄ (ᠥᠪᠥᠷ ᠮᠣᠩᠭᠣᠯ) ᠲᠡᠮᠳᠡᠭᠲᠦ᠎ᠶᠢᠨ ᠦᠰᠦᠭ 653 ᠳ᠋ᠤᠭᠠᠷ ᠲᠣᠭᠠᠲᠤ᠂ ᠬᠦᠴᠦᠨ᠎ᠲᠠᠢ ᠬᠤᠭᠤᠴᠠᠭ᠎ᠠ᠄ 2025 ᠣᠨ᠎ᠤ 8 ᠳ᠋ᠤᠭᠠᠷ ᠰᠠᠷ᠎ᠠ᠎ᠶᠢᠨ 8᠎ᠤ ᠡᠳᠦᠷ᠎ᠠᠴᠠ 2027 ᠣᠨ᠎ᠤ 8 ᠳ᠋ᠤᠭᠠᠷ ᠰᠠᠷ᠎ᠠ᠎ᠶᠢᠨ 7᠎ᠤ ᠡᠳᠦᠷ  ᠪᠤᠯᠲᠠᠯ᠎ᠠ᠃

ᠬᠣᠶᠠᠷ᠂ ᠷᠠᠳᠢᠣ᠋ ᠲᠧᠯᠸᠢᠰ᠎ᠤᠨ ᠫᠷᠣᠭ᠌ᠷᠠᠮ ᠦᠢᠯᠡᠳᠴᠦ ᠡᠵᠡᠩᠨᠡᠬᠦ ᠬᠦᠷᠢᠶ᠎ᠡ ᠬᠡᠪᠴᠢᠶ᠎ᠡ ᠨᠢ ᠄ ᠲᠤᠰᠬᠠᠢ ᠰᠡᠳᠦᠪ᠂ ᠲᠤᠰᠬᠠᠢ ᠪᠤᠯᠤᠩ᠂ ᠶᠡᠷᠦᠩᠬᠡᠢᠯᠡᠭᠰᠡᠨ ᠤᠷᠠᠯᠢᠭ᠋᠂ ᠺᠠᠷᠲ᠋ᠣᠨ ᠺᠢᠨᠣ᠋᠂ ᠷᠠᠳᠢᠣ᠋ ᠵᠦᠴᠦᠭᠡ᠂ ᠲᠧᠯᠸᠢᠰ ᠵᠦᠴᠦᠭᠡ ᠵᠡᠷᠭᠡ ᠷᠠᠳᠢᠣ᠋ ᠲᠧᠯᠸᠢᠰ᠎ᠤᠨ ᠫᠷᠣᠭ᠌ᠷᠠᠮ᠎ᠢ ᠦᠢᠯᠡᠳᠬᠦ ᠪᠠ ᠫᠷᠣᠭ᠌ᠷᠠᠮ᠎ᠤᠨ ᠬᠡᠪᠯᠡᠯ᠎ᠤᠨ ᠡᠷᠬᠡ᠎ᠶᠢ ᠠᠷᠠᠯᠵᠢᠶᠠᠯᠠᠬᠤ ᠪᠠ ᠣᠷᠣᠯᠠᠨ ᠠᠷᠠᠯᠵᠢᠶᠠᠯᠠᠬᠤ ᠶᠠᠪᠤᠳᠠᠯ ᠪᠣᠯᠣᠨ᠎ᠠ᠃ ᠡᠵᠡᠩᠨᠡᠯᠲᠡ᠎ᠶᠢᠨ ᠠᠷᠭ᠎ᠠ ᠮᠠᠶᠢᠭ᠋᠄ ᠦᠢᠯᠡᠳᠬᠦ᠂ ᠬᠠᠭᠤᠯᠪᠤᠷᠢᠯᠠᠬᠤ᠂ ᠲᠠᠷᠬᠠᠭᠠᠨ᠎ᠠ᠃

ᠭᠤᠷᠪᠠ᠂ ᠲᠠᠨ᠎ᠤ ᠺᠤᠮᠫᠠᠨᠢ 《ᠷᠠᠳᠢᠣ᠋ ᠲᠧᠯᠸᠢᠰ᠎ᠤᠨ ᠫᠷᠣᠭ᠌ᠷᠠᠮ ᠦᠢᠯᠡᠳᠬᠦ ᠡᠵᠡᠩᠨᠡᠯᠲᠡ᠎ᠶᠢᠨ  ᠦᠢᠯᠡᠳᠴᠦ᠍ ᠡᠵᠡᠩᠨᠡᠬᠦ᠌ ᠵᠥᠪᠰᠢᠶᠡᠷᠡᠯ᠎ᠤᠨ ᠦᠨᠡᠮᠯᠡᠯ》᠎ᠢ ᠬᠢᠨᠠᠨ ᠵᠥᠪᠰᠢᠶᠡᠷᠡᠭᠰᠡᠨ ᠦᠢᠯᠡᠳᠬᠦ ᠡᠵᠡᠩᠨᠡᠯᠲᠡ᠎ᠶᠢᠨ ᠬᠡᠪᠴᠢᠶ᠎ᠡ᠎ᠶᠢ ᠴᠢᠩᠭ᠎ᠠ ᠵᠢᠷᠤᠮᠯᠠᠨ ᠲᠤᠬᠠᠢᠯᠠᠭᠰᠠᠨ ᠠᠵᠢᠯ᠎ᠤᠨ ᠠᠵᠢᠯᠯᠠᠭ᠎ᠠ ᠥᠷᠨᠢᠭᠦᠯᠵᠦ᠂ ᠦᠢᠯᠡᠳᠬᠦ ᠡᠵᠡᠩᠨᠡᠯᠲᠡ᠎ᠶᠢᠨ ᠦᠢᠯᠡᠳᠴᠦ᠍ ᠡᠵᠡᠩᠨᠡᠬᠦ᠌ ᠠᠵᠢᠯᠯᠠᠭ᠎ᠠ᠎ᠳᠤ ᠡᠷᠬᠡᠪᠰᠢ ᠤᠯᠤᠰ᠎ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢ ᠵᠢᠷᠤᠮᠯᠠᠬᠤ ᠬᠡᠷᠡᠭᠲᠡᠢ᠃ ᠲᠤᠬᠠᠢ᠎ᠶᠢᠨ ᠴᠠᠭ᠎ᠤᠨ ᠤᠯᠤᠰ ᠲᠥᠷᠥ᠎ᠶᠢᠨ ᠰᠣᠨᠢᠨ ᠮᠡᠳᠡᠭᠡ ᠵᠢᠴᠢ ᠠᠳᠠᠯᠢ ᠲᠥᠷᠥᠯ᠎ᠦᠨ ᠲᠤᠰᠬᠠᠢ ᠰᠡᠳᠦᠪ᠂ ᠲᠤᠰᠬᠠᠢ ᠪᠤᠯᠤᠩ ᠵᠡᠷᠭᠡ ᠷᠠᠳᠢᠣ᠋ ᠲᠧᠯᠸᠢᠰ᠎ᠦᠨ ᠫᠷᠣᠭ᠌ᠷᠠᠮ᠎ᠢ ᠦᠢᠯᠡᠳᠴᠦ ᠪᠤᠯᠬᠤ ᠦᠭᠡᠢ᠃ ᠴᠢᠬᠤᠯᠠ ᠶᠡᠬᠡ ᠬᠤᠪᠢᠰᠬᠠᠯ ᠪᠣᠯᠣᠨ ᠲᠡᠦᠬᠡ᠎ᠶᠢᠨ ᠰᠡᠳᠦᠪᠲᠦ ᠲᠧᠯᠸᠢᠰ ᠵᠦᠴᠦᠭᠡ᠂ ᠣᠨᠣᠯ᠎ᠤᠨ ᠰᠤᠷᠪᠤᠯᠵᠢ ᠪᠢᠴᠢᠭ ᠲᠧᠯᠸᠢᠰ᠎ᠦᠨ ᠲᠤᠰᠬᠠᠢ ᠰᠡᠳᠦᠪᠲᠦ ᠹᠢᠯᠢᠮ ᠵᠡᠷᠭᠡ ᠷᠠᠳᠢᠣ᠋ ᠲᠧᠯᠸᠢᠰ᠎ᠦᠨ ᠫᠷᠣᠭ᠌ᠷᠠᠮ᠎ᠢ ᠦᠢᠯᠡᠳᠬᠦ᠎ᠳᠦ ᠡᠷᠬᠡᠪᠰᠢ ᠤᠯᠤᠰ᠎ᠤᠨ ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶᠠᠨ᠎ᠤ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ ᠺᠠᠷᠲ᠋ᠣᠨ ᠺᠢᠨᠣ᠋ ᠂ ᠲᠧᠯᠸᠢᠰ ᠵᠦᠴᠦᠭᠡ ᠵᠣᠬᠢᠶᠠᠬᠤ᠎ᠳᠦ᠎ᠪᠡᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠪᠠᠷ ᠬᠢᠨᠠᠨ ᠬᠠᠷᠭᠤᠭᠤᠯᠬᠤ᠎ᠶᠢᠨ ᠬᠠᠮᠲᠤ ᠬᠣᠯᠪᠣᠭᠳᠠᠯ ᠪᠦᠬᠦᠢ ᠭᠠᠷᠳᠠᠮ᠎ᠢ ᠭᠦᠢᠴᠡᠳᠬᠡᠬᠦ ᠬᠡᠷᠡᠭᠲᠡᠢ᠃

ᠳᠥᠷᠪᠡ᠂ ᠨᠡᠢᠲᠡᠯᠡᠭᠰᠡᠨ 《ᠷᠠᠳᠢᠣ᠋ ᠲᠧᠯᠸᠢᠰ᠎ᠤᠨ ᠫᠷᠣᠭ᠌ᠷᠠᠮ᠎ᠢ ᠦᠢᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠶᠠᠮᠠᠷᠪᠠ ᠠᠷᠭ᠎ᠠ ᠮᠠᠶᠢᠭ᠋᠎ᠢᠶᠠᠷ ᠪᠠᠯᠠᠯᠬᠤ᠂ ᠲᠦᠷᠢᠶᠡᠰᠦᠯᠡᠬᠦ᠂ ᠰᠢᠯᠵᠢᠭᠦᠯᠬᠦ᠂ ᠬᠤᠳᠠᠯᠳᠤᠬᠤ ᠪᠠ ᠬᠠᠭᠤᠷᠮᠠᠭ᠎ᠢᠶᠠᠷ ᠵᠣᠬᠢᠶᠠᠬᠤ᠎ᠶᠢ ᠴᠢᠩᠭ᠎ᠠ ᠴᠠᠭᠠᠵᠠᠯᠠᠪᠠ ᠴᠠᠭᠠᠵᠠᠯᠠᠨ᠎ᠠ᠃ 《ᠷᠠᠳᠢᠣ᠋ ᠲᠧᠯᠸᠢᠰ᠎ᠤᠨ ᠫᠷᠣᠭ᠌ᠷᠠᠮ ᠦᠢᠯᠡᠳᠬᠦ ᠡᠵᠡᠩᠨᠡᠯᠲᠡ᠎ᠶᠢᠨ ᠦᠢᠯᠡᠳᠴᠦ᠍ ᠡᠵᠡᠩᠨᠡᠬᠦ᠌ ᠵᠥᠪᠰᠢᠶᠡᠷᠡᠯ᠎ᠤᠨ ᠦᠨᠡᠮᠯᠡᠯ》᠎ᠳᠤ ᠲᠣᠳᠣᠷᠬᠠᠢᠯᠠᠭᠰᠠᠨ ᠦᠢᠯᠡᠳᠬᠦ ᠪᠠᠢᠭᠤᠯᠤᠮᠵᠢ᠎ᠶᠢᠨ ᠨᠡᠷᠡᠢᠳᠦᠯ᠂ ᠬᠠᠤᠯᠢ᠎ᠪᠠᠷ ᠲᠣᠭᠲᠠᠭᠠᠭᠰᠠᠨ ᠲᠥᠯᠥᠭᠡᠯᠡᠭᠴᠢ᠂ ᠬᠠᠶᠢᠭ᠋ ᠪᠠ ᠳᠦᠷᠢᠮ ᠵᠡᠷᠭᠡ ᠵᠦᠢᠯᠡᠰ᠎ᠲᠤ ᠬᠤᠪᠢᠷᠠᠯᠲᠠ ᠭᠠᠷᠴᠤ ᠭᠠᠷᠪᠠᠯ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠮᠡᠳᠡᠭᠦᠯᠦᠨ ᠬᠤᠪᠢᠷᠠᠭᠤᠯᠬᠤ᠎ᠶᠢ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢᠴᠡᠳᠭᠡᠪᠡ ᠭᠦᠢᠴᠡᠳᠭᠡᠬᠦ᠌ ᠬᠡᠷᠡᠭ᠌ᠲᠡᠢ; ᠷᠠᠳᠢᠣ᠋ ᠲᠧᠯᠸᠢᠰ᠎ᠤᠨ ᠫᠷᠣᠭ᠌ᠷᠠᠮ ᠦᠢᠯᠡᠳᠬᠦ ᠡᠵᠡᠩᠨᠡᠯᠲᠡ᠎ᠶᠢᠨ ᠦᠢᠯᠡᠳᠴᠦ᠍ ᠡᠵᠡᠩᠨᠡᠬᠦ᠌ ᠠᠵᠢᠯᠯᠠᠭ᠎ᠠ᠎ᠶᠢ ᠵᠣᠭᠰᠤᠭᠠᠬᠤ᠎ᠳᠤ᠂ 1 ᠭᠠᠷᠠᠭ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠬᠦᠷᠴᠦ ᠬᠦᠴᠦᠨ ᠦᠭᠡᠢ ᠪᠤᠯᠭᠠᠬᠤ ᠭᠠᠷᠳᠠᠮ᠎ᠢ ᠭᠦᠢᠴᠡᠳᠬᠡᠬᠦ ᠬᠡᠷᠡᠭᠲᠡᠢ᠃

ᠲᠠᠪᠤ᠂ ᠭᠠᠳᠠᠭᠠᠳᠤ᠎ᠳᠤ ᠭᠠᠷᠭᠠᠬᠤ ᠷᠠᠳᠢᠣ᠋ ᠲᠧᠯᠸᠢᠰ᠎ᠦᠨ ᠫᠷᠤᠭ᠌ᠷᠠᠮ ᠪᠤᠶᠤ ᠷᠠᠳᠢᠣ᠋ ᠨᠡᠪᠲᠡᠷᠡᠭᠦᠯᠭᠡ ᠲᠧᠯᠸᠢᠰ᠎ᠦᠨ ᠫᠷᠤᠭ᠌ᠷᠠᠮ᠎ᠢ ᠬᠢᠯᠢ᠎ᠶ᠋ᠢᠨ ᠭᠠᠳᠠᠨ᠎ᠠ ᠭᠠᠷᠭᠠᠨ ᠦᠵᠡᠭᠦᠯᠵᠦ᠍ ᠨᠡᠪᠲᠡᠷᠡᠭᠦᠯᠬᠦ᠌ ᠠᠵᠢᠯᠯᠠᠭ᠎ᠠ᠎ᠳᠤ ᠣᠷᠣᠯᠴᠠᠭᠤᠯᠪᠠᠯ ᠣᠷᠣᠯᠴᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠳᠤ ᠤᠷᠢᠳᠴᠢᠯᠠᠨ ᠮᠡᠳᠡᠭᠦᠯᠪᠡ ᠮᠡᠳᠡᠭᠦᠯᠬᠦ᠌ ᠬᠡᠷᠡᠭ᠌ᠲᠡᠢ᠃

ᠡᠭᠦᠨ᠎ᠳᠦ ᠴᠤᠬᠤᠯᠠᠪᠤᠷᠢᠯᠠᠪᠠ᠃

 

                                           ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

                                           2025 ᠣᠨ᠎ᠤ 8 ᠳ᠋ᠤᠭᠠᠷ ᠰᠠᠷ᠎ᠠ᠎ᠶ᠋ᠢᠨ 11 ᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ