ᠣᠲᠣᠭ᠎ᠤᠨ ᠡᠮᠦᠨᠡᠲᠦ ᠬᠣᠰᠢᠭᠣᠨ᠎ᠤ ᠰᠢᠨ ᠱ᠌ᠢ ᠰᠢᠶᠦ᠋ᠨ ᠰᠣᠶᠣᠯ ᠵᠠᠭᠤᠴᠢᠯᠠᠭᠤᠷ᠎ᠤᠨ ᠬᠢᠵᠠᠭ᠋ᠠᠷᠲᠤ ᠺᠣᠮᠫᠠᠨᠢ᠎ᠶᠢᠨ ᠷᠠᠳᠢᠤ᠋ ᠲᠧᠯᠸᠢᠰ᠎ᠤᠨ ᠫᠷᠤᠭ᠌ᠷᠠᠮ ᠤᠢ᠌ᠯᠡᠳᠴᠦ ᠡᠵᠡᠩᠨᠡᠬᠦ ᠲᠤᠬᠠᠢ᠍ᠯᠠᠭᠰᠠᠨ ᠠᠵᠢᠯ ᠥᠷᠨᠢᠭᠦᠯᠬᠦ᠎ᠶᠢ ᠵᠦᠪᠰᠢᠶᠡᠷᠡᠬᠦ ᠲᠤᠬᠠᠢ ᠴᠣᠬᠣᠯᠠᠪᠤᠷᠢ
2026-01-26

ᠣᠲᠣᠭ᠎ᠤᠨ ᠡᠮᠦᠨᠡᠲᠦ ᠬᠣᠰᠢᠭᠣᠨ᠎ᠤ ᠰᠢᠨ ᠱ᠌ᠢ ᠰᠢᠶᠦ᠋ᠨ ᠰᠣᠶᠣᠯ ᠵᠠᠭᠤᠴᠢᠯᠠᠭᠤᠷ᠎ᠤᠨ ᠬᠢᠵᠠᠭ᠋ᠠᠷᠲᠤ ᠺᠣᠮᠫᠠᠨᠢ᠎ᠳᠦ᠄

ᠲᠠᠨ᠎ᠤ ᠺᠣᠮᠫᠠᠨᠢ᠎ᠶᠢᠨ ᠷᠠᠳᠢᠤ᠋ ᠲᠸᠯᠸᠢᠰ᠎ᠤᠨ ᠫᠷᠣᠭ᠌ᠷᠠᠮ ᠤᠢ᠌ᠯᠡᠳᠴᠦ ᠡᠵᠡᠩᠨᠡᠬᠦ ᠲᠣᠬᠠᠢ᠌ᠯᠠᠭᠰᠠᠨ ᠠᠵᠢᠯ᠎ᠢ ᠦᠷᠨᠢᠭᠦᠯᠬᠦ ᠭᠤᠶᠤᠴᠢᠯᠠᠬᠤ ᠮᠠᠲᠸᠷᠢᠶᠠᠯ᠎ᠢ ᠲᠣᠰᠴᠣ ᠣᠯᠪᠠ᠃ ᠰᠤᠳᠤᠯᠤᠯᠲᠠ᠎ᠪᠠᠷ ᠳᠠᠮᠵᠢᠭ᠋ᠠᠳ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠪᠠ᠃

ᠨᠢᠭᠡ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶᠢᠨ 《 ᠷᠠᠳᠢᠣ᠋ ᠲᠧᠯᠸᠢᠰ᠎ᠤᠨ ᠫᠷᠤᠭ᠌ᠷᠠᠮ ᠤᠢ᠌ᠯᠡᠳᠴᠦ ᠡᠵᠡᠩᠨᠡᠬᠦ ᠬᠠᠮᠢᠶᠠᠷᠤᠯᠲᠠ᠎ᠶᠢᠨ ᠲᠣᠭᠲᠠᠭ᠋ᠠᠯ 》 ( ᠶᠡᠷᠦᠩᠬᠡᠶ ᠲᠣᠪᠴᠢᠶ᠎ᠠ᠎ᠶᠢᠨ ᠵᠠᠷᠯᠢᠭ 34ᠳ᠋ᠦ᠍ᠭᠡᠷ ᠲᠣᠭ᠋ᠠᠲᠤ )᠎ᠤᠨ ᠬᠤᠯᠪᠣᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠨ᠂ ᠲᠠᠨ᠎ᠤ ᠺᠣᠮᠫᠠᠨᠢ᠎ᠶᠢᠨ ᠷᠠᠳᠢᠣ᠋ ᠲᠧᠯᠸᠢᠰ᠎ᠤᠨ ᠫᠷᠤᠭ᠌ᠷᠠᠮ ᠤᠢ᠌ᠯᠡᠳᠴᠦ ᠡᠵᠡᠩᠨᠡᠬᠦ᠎ᠶᠢᠨ ᠲᠤᠬᠠᠶ᠋ᠢᠯᠠᠭᠰᠠᠨ ᠠᠵᠢᠯ ᠥᠷᠨᠢᠭᠦᠯᠬᠦ᠎ᠶᠢ ᠵᠥᠪᠰᠢᠶᠡᠷᠡᠬᠦ᠎ᠶᠢᠨ ᠬᠠᠮᠲᠤ 《 ᠷᠠᠳᠢᠣ᠋ ᠲᠧᠯᠸᠢᠰ᠎ᠤᠨ ᠫᠷᠤᠭ᠌ᠷᠠᠮ ᠤᠢ᠌ᠯᠡᠳᠴᠦ ᠡᠵᠡᠩᠨᠡᠬᠦ᠎ᠶᠢᠨ ᠵᠥᠪᠰᠢᠶᠡᠷᠡᠯ᠎ᠤᠨ ᠦᠨᠡᠮᠯᠡᠯ 》᠎ᠢ ᠣᠯᠭᠣᠪᠠ᠂ ᠳ᠋ᠤᠭ᠋ᠠᠷ᠄ ( ᠦᠪᠦᠷ ᠮᠣᠩᠭᠤᠯ )ᠦᠰᠦᠭ᠎ᠤᠨ 691ᠳ᠋ᠦ᠍ᠭᠡᠷ ᠲᠣᠭ᠋ᠠᠲᠤ᠂ ᠬᠦᠴᠦᠨ᠎ᠲᠠᠢ ᠬᠤᠭᠤᠴᠠᠭ᠎ᠠ᠄ 2026 ᠣᠨ᠎ᠤ 1ᠳ᠋ᠦ᠍ᠭᠡᠷ ᠰᠠᠷ᠎ᠠ᠎ᠶᠢᠨ 16᠎ᠤ ᠡᠳᠦᠷ᠎ᠠᠴᠠ 2028 ᠣᠨ᠎ᠤ 1ᠳ᠋ᠦ᠍ᠭᠡᠷ ᠰᠠᠷ᠎ᠠ᠎ᠶᠢᠨ 15᠎ᠤ ᠡᠳᠦᠷ ᠪᠣᠯᠲᠠᠯ᠎ᠠ᠃

ᠬᠤᠶᠠᠷ᠂ ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠬᠦᠷᠢᠶ᠎ᠡ ᠬᠡᠪᠴᠢᠶ᠎ᠡ᠎ᠨᠢ᠄ ᠲᠤᠰᠬᠠᠶ ᠰᠡᠳᠦᠪ᠂ ᠲᠤᠰᠬᠠᠶ ᠪᠤᠯᠤᠩ᠂ ᠶᠡᠷᠦᠩᠬᠡᠶ᠋ᠢᠯᠡᠭᠰᠡᠨ ᠤᠷᠠᠯᠢᠭ᠂ ᠺᠠᠷᠲ᠋ᠣᠨ ᠺᠢᠨᠣ᠋᠂ ᠷᠠᠳᠢᠣ᠋ ᠵᠦᠴᠦᠭᠡ᠂ ᠲᠧᠯᠸᠢᠰ ᠵᠦᠴᠦᠭᠡ ᠵᠡᠷᠭᠡ ᠷᠠᠳᠢᠣ᠋ ᠲᠧᠯᠸᠢᠰ᠎ᠤᠨ ᠫᠷᠤᠭ᠌ᠷᠠᠮ᠎ᠢ ᠦᠢ᠍ᠯᠡᠳᠬᠦ ᠪᠠ ᠫᠷᠤᠭ᠌ᠷᠠᠮ᠎ᠤᠨ ᠬᠡᠪᠯᠡᠯ᠎ᠤᠨ ᠡᠷᠬᠡ᠎ᠶᠢ ᠠᠷᠠᠯᠵᠢᠶᠠᠯᠠᠬᠤ ᠪᠠ ᠣᠷᠣᠯᠠᠨ ᠠᠷᠠᠯᠵᠢᠶᠠᠯᠠᠬᠤ ᠶᠠᠪᠤᠳᠠᠯ ᠪᠣᠯᠤᠨ᠎ᠠ᠃ ᠡᠵᠡᠩᠨᠡᠯᠲᠡ᠎ᠶᠢᠨ ᠠᠷᠭ᠎ᠠ ᠮᠠᠶᠢᠭ᠄ ᠦᠢ᠍ᠯᠡᠳᠬᠦ᠂ ᠬᠠᠭᠤᠯᠪᠤᠷᠢᠯᠠᠬᠤ᠂ ᠲᠠᠷᠬᠠᠭ᠋ᠠᠨ᠎ᠠ᠃

ᠭᠤᠷᠪᠠ᠂ ᠲᠠᠨ᠎ᠤ ᠺᠣᠮᠫᠠᠨᠢ 《 ᠷᠠᠳᠢᠣ᠋ ᠲᠧᠯᠸᠢᠰ᠎ᠤᠨ ᠫᠷᠤᠭ᠌ᠷᠠᠮ ᠤᠢ᠌ᠯᠡᠳᠴᠦ ᠡᠵᠡᠩᠨᠡᠬᠦ᠎ᠶᠢᠨ ᠵᠥᠪᠰᠢᠶᠡᠷᠡᠯ᠎ᠤᠨ ᠦᠨᠡᠮᠯᠡᠯ 》᠎ᠢ ᠬᠢᠨᠠᠨ ᠵᠥᠪᠰᠢᠶᠡᠷᠡᠭᠰᠡᠨ ᠤᠢ᠌ᠯᠡᠳᠴᠦ ᠡᠵᠡᠩᠨᠡᠬᠦ᠎ᠶᠢᠨ ᠬᠡᠪᠴᠢᠶ᠎ᠡ᠎ᠶᠢ ᠴᠢᠩᠭ᠎ᠠ ᠵᠢᠷᠤᠮᠯᠠᠨ ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ ᠥᠷᠨᠢᠭᠦᠯᠵᠦ᠂ ᠤᠢ᠌ᠯᠡᠳᠴᠦ ᠡᠵᠡᠩᠨᠡᠬᠦ᠎ᠶᠢᠨ ᠠᠵᠢᠯᠯᠠᠭ᠎ᠠ᠎ᠳᠤ ᠡᠷᠬᠡᠪᠰᠢ ᠤᠯᠤᠰ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠬᠤᠯᠪᠣᠭᠳᠠᠯ ᠪᠥᠬᠦᠶ ᠲᠥᠷᠥ᠎ᠶᠢᠨ ᠪᠣᠳᠣᠯᠭ᠎ᠠ᠎ᠶᠢ ᠵᠢᠷᠤᠮᠯᠠᠬᠤ ᠬᠡᠷᠡᠭᠲᠡᠶ᠃ ᠲᠤᠬᠠᠢ᠎ᠶᠢᠨ ᠴᠠᠭ᠎ᠤᠨ ᠤᠯᠤᠰ ᠲᠥᠷᠥ᠎ᠶᠢᠨ ᠰᠣᠨᠢᠨ ᠮᠡᠳᠡᠭᠡ ᠵᠢᠴᠢ ᠠᠳᠠᠯᠢ ᠲᠥᠷᠥᠯ᠎ᠤᠨ ᠲᠤᠰᠬᠠᠢ ᠰᠡᠳᠦᠪ᠂ ᠲᠤᠰᠬᠠᠢ ᠪᠤᠯᠤᠩ ᠵᠡᠷᠭᠡ ᠷᠠᠳᠢᠣ᠋ ᠲᠧᠯᠸᠢᠰ᠎ᠤᠨ ᠫᠷᠤᠭ᠌ᠷᠠᠮ᠎ᠢ ᠦᠢ᠍ᠯᠡᠳᠴᠦ ᠪᠣᠯᠬᠤ ᠦᠭᠡᠢ᠃ ᠴᠢᠬᠤᠯᠠ ᠶᠡᠬᠡ ᠬᠤᠪᠢᠰᠬᠠᠯ ᠪᠣᠯᠤᠨ ᠲᠡᠦᠬᠡ᠎ᠶᠢᠨ ᠰᠡᠳᠦᠪᠲᠦ ᠲᠧᠯᠸᠢᠰ ᠵᠦᠴᠦᠭᠡ᠂ ᠣᠨᠣᠯ᠎ᠤᠨ ᠰᠤᠷᠪᠤᠯᠵᠢ ᠪᠢᠴᠢᠭ ᠲᠧᠯᠸᠢᠰ᠎ᠤᠨ ᠲᠤᠰᠬᠠᠶ ᠰᠡᠳᠦᠪᠲᠦ ᠹᠢᠯᠢᠮ ᠵᠡᠷᠭᠡ ᠷᠠᠳᠢᠣ᠋ ᠲᠧᠯᠸᠢᠰ᠎ᠤᠨ ᠫᠷᠤᠭ᠌ᠷᠠᠮ᠎ᠢ ᠦᠢ᠍ᠯᠡᠳᠬᠦ᠎ᠳᠤ ᠡᠷᠬᠡᠪᠰᠢ ᠤᠯᠤᠰ᠎ᠤᠨ ᠷᠠᠳᠢᠣ᠋ ᠲᠧᠯᠸᠢᠰ ᠦ᠋᠊ᠨ ᠶᠡᠷᠦᠩᠬᠡᠶ ᠲᠣᠪᠴᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃ ᠺᠠᠷᠲ᠋ᠣᠨ ᠺᠢᠨᠣ᠋᠂ ᠲᠧᠯᠸᠢᠰ ᠵᠦᠴᠦᠭᠡ ᠤᠢ᠌ᠯᠡᠳᠬᠦ᠎ᠳᠤ᠎ᠪᠠᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠪᠠᠷ ᠬᠢᠨᠠᠨ ᠬᠠᠷᠭᠤᠭᠤᠯᠬᠤ᠎ᠶᠢᠨ ᠬᠠᠮᠲᠤ ᠬᠣᠯᠪᠣᠭᠳᠠᠯ ᠪᠦᠬᠦᠢ ᠭᠠᠷᠳᠠᠮ᠎ᠢ ᠭᠦᠢ᠍ᠴᠡᠳᠬᠡᠬᠦ ᠬᠡᠷᠡᠭᠲᠡᠶ᠃

ᠲᠦᠷᠪᠡ᠂ ᠨᠡᠶ᠋ᠢᠳᠡᠯᠡᠭᠰᠡᠨ 《 ᠷᠠᠳᠢᠤ᠋ ᠲᠧᠯᠸᠢᠰ᠎ᠤᠨ ᠫᠷᠤᠭ᠌ᠷᠠᠮ᠎ᠢ ᠦᠢ᠍ᠯᠡᠳᠴᠤ ᠡᠵᠡᠩᠨᠡᠬᠦ ᠵᠦᠪᠰᠢᠶᠡᠷᠡᠯ᠎ᠤᠨ ᠦᠨᠡᠮᠯᠡᠯ 》᠎ᠢ ᠶᠠᠮᠠᠷᠪᠠ ᠠᠷᠭ᠎ᠠ ᠮᠠᠶᠢᠭ᠎ᠢᠶᠡᠷ ᠪᠠᠯᠠᠯᠬᠤ᠂ ᠲᠦᠷᠢᠶᠡᠰᠦᠯᠡᠬᠦ᠂ ᠰᠢᠯᠵᠢᠭᠦᠯᠬᠦ᠂ ᠬᠤᠳᠠᠯᠳᠤᠬᠤ ᠪᠠ ᠬᠠᠭᠤᠷᠮᠠᠭ ᠵᠶ᠋ᠠᠷ ᠵᠤᠬᠢᠶᠠᠬᠤ᠎ᠶᠢ ᠴᠢᠩᠭ᠎ᠠ ᠴᠠᠭ᠋ᠠᠵᠠᠯᠠᠨ᠎ᠠ᠃ 《 ᠷᠠᠳᠢᠣ᠋ ᠲᠧᠯᠸᠢᠰ᠎ᠤᠨ ᠫᠷᠤᠭ᠌ᠷᠠᠮ ᠤᠢ᠌ᠯᠡᠳᠴᠦ ᠡᠵᠡᠩᠨᠡᠬᠦ᠎ᠶᠢᠨ ᠵᠥᠪᠰᠢᠶᠡᠷᠡᠯ᠎ᠤᠨ ᠦᠨᠡᠮᠯᠡᠯ 》᠎ᠳᠤ ᠲᠣᠳᠣᠷᠬᠠᠶ᠋ᠢᠯᠠᠭᠰᠠᠨ ᠦᠢ᠍ᠯᠡᠳᠬᠦ ᠪᠠᠶ᠋ᠢᠭᠤᠯᠤᠮᠵᠢ᠎ᠶᠢᠨ ᠨᠡᠷᠡᠶ᠋ᠢᠳᠦᠯ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠬᠠᠶᠢᠭ ᠪᠠ ᠲᠦᠷᠢᠮ ᠵᠡᠷᠭᠡ ᠵᠦᠢ᠍ᠯᠡᠰ᠎ᠲᠤ ᠬᠤᠪᠢᠷᠠᠯᠲᠠ ᠭᠠᠷᠪᠠᠯ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠮᠡᠳᠡᠭᠦᠯᠦᠨ ᠬᠤᠪᠢᠷᠠᠭᠤᠯᠬᠤ ᠵᠢ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢ᠍ᠴᠡᠳᠭᠡᠬᠦ ᠬᠡᠷᠡᠭᠲᠡᠢ; ᠷᠠᠳᠢᠣ᠋ ᠲᠧᠯᠸᠢᠰ᠎ᠤᠨ ᠫᠷᠤᠭ᠌ᠷᠠᠮ ᠤᠢ᠌ᠯᠡᠳᠴᠦ ᠡᠵᠡᠩᠨᠡᠬᠦ᠎ᠶᠢᠨ ᠠᠵᠢᠯᠯᠠᠭ᠎ᠠ᠎ᠶᠢ ᠵᠣᠭᠰᠣᠭ᠋ᠠᠬᠤ᠎ᠳᠤ᠂ 1ᠭᠠᠷᠠᠭ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠬᠦᠷᠴᠦ ᠬᠦᠴᠦᠨ ᠥᠬᠡᠶ ᠪᠣᠯᠭ᠋ᠠᠬᠤ ᠭᠠᠷᠳᠠᠮ᠎ᠢ ᠭᠦᠢ᠍ᠴᠡᠳᠬᠡᠬᠦ ᠬᠡᠷᠡᠭᠲᠡᠶ᠃

ᠲᠠᠪᠤ᠂ ᠭᠠᠳᠠᠭ᠋ᠠᠳᠤ᠎ᠳᠤ ᠭᠠᠷᠭ᠋ᠠᠬᠤ ᠷᠠᠳᠢᠣ᠋ ᠲᠧᠯᠸᠢᠰ᠎ᠤᠨ ᠫᠷᠤᠭ᠌ᠷᠠᠮ ᠪᠤᠶᠤ ᠷᠠᠳᠢᠣ᠋ ᠲᠧᠯᠸᠢᠰ᠎ᠤᠨ ᠫᠷᠤᠭ᠌ᠷᠠᠮ᠎ᠢ ᠬᠢᠯᠢ᠎ᠶᠢᠨ ᠭᠠᠳᠠᠨ᠎ᠠ ᠭᠠᠷᠭ᠋ᠠᠨ ᠦᠵᠡᠭᠦᠯᠵᠦ ᠨᠡᠪᠲᠡᠷᠡᠭᠦᠯᠬᠦ ᠠᠵᠢᠯᠯᠠᠭ᠎ᠠ᠎ᠳᠤ ᠣᠷᠣᠯᠴᠠᠭᠣᠯᠪᠠᠯ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠤᠷᠢᠳᠴᠢᠯᠠᠨ ᠮᠡᠳᠡᠭᠦᠯᠬᠦ ᠬᠡᠷᠡᠭᠲᠡᠶ᠃

ᠴᠣᠬᠣᠯᠠᠪᠣᠷᠢᠯᠠᠪᠠ᠃


                                                   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
                                                   2026 ᠣᠨ᠎ᠤ 1 ᠳ᠋ᠤᠭᠡᠷ ᠰᠠᠷ᠎ᠠ᠎ᠶ᠋ᠢᠨ 16 ᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ