《ᠳᠤᠮᠳᠠᠳᠤ ᠤᠯᠤᠰ᠎ᠤᠨ ᠦᠵᠡᠵᠦ ᠰᠣᠨᠣᠰᠬᠤ ᠪᠦᠬᠦ ᠪᠥᠮᠪᠥᠷᠴᠡᠭ᠎ᠤᠨ ᠨᠡᠪᠲᠡᠷᠡᠭᠦᠯᠭᠡ》 ᠨᠡᠷᠡᠲᠦ ᠲᠡᠮᠳᠡᠭᠲᠦ ᠵᠢ ᠡᠭᠦᠳᠴᠦ᠂ ᠳᠤᠮᠳᠠᠳᠤ ᠤᠯᠤᠰ᠎ᠤᠨ ᠵᠦᠴᠦᠭᠡ ᠵᠢᠨ ᠲᠡᠭᠦᠪᠦᠷᠢ᠎ᠨᠢ ᠭᠠᠳᠠᠭ᠋ᠠᠳᠤ ᠵᠢᠨ ᠬᠦᠯᠢᠶᠡᠨ ᠠᠪᠴᠤ ᠦᠵᠡᠬᠦ ᠬᠠᠯᠠᠭᠤᠨ ᠦᠷᠨᠢᠯᠲᠡ ᠵᠢ ᠪᠣᠢ ᠪᠣᠯᠭ᠋ᠠᠪᠠ
2024-10-09

       ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 75 ᠵᠢᠯ᠎ᠤᠨ ᠤᠢ ᠵᠢ ᠪᠡᠯᠭᠡᠯᠡᠬᠦ 《ᠳᠤᠮᠳᠠᠳᠤ ᠤᠯᠤᠰ᠎ᠤᠨ ᠦᠵᠡᠵᠦ ᠰᠣᠨᠣᠰᠬᠤ    ᠪᠦᠬᠦ ᠪᠥᠮᠪᠥᠷᠴᠡᠭ᠎ᠤᠨ ᠨᠡᠪᠲᠡᠷᠡᠭᠦᠯᠭᠡ》 ᠵᠢᠨ ᠠᠵᠢᠯᠯᠠᠭ᠎ᠠ 2024 ᠣᠨ᠎ᠤ ᠡᠬᠢ᠎ᠠᠴᠠ ᠡᠬᠢᠯᠡᠭᠰᠡᠨ᠎ᠠᠴᠠ ᠨᠠᠭ᠋ᠠᠰᠢ᠂ 《ᠪᠦᠬᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ》᠂ 《ᠪᠦᠬᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ》᠂ 《ᠪᠦᠬᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ》᠂ 《ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ》᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ》 ᠵᠡᠷᠭᠡ ᠲᠠᠪᠤᠨ ᠶᠡᠭᠡ ᠭᠤᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠷᠤᠭ 300 ᠭᠠᠷᠤᠢ ᠤᠳᠠᠭ᠎ᠠ ᠤᠯᠠᠨ ᠬᠡᠯᠡᠨ᠎ᠤ ᠦᠵᠡᠵᠦ ᠰᠣᠨᠣᠰᠬᠤ ᠪᠦᠲᠦᠭᠡᠯ 100 ᠭᠠᠷᠤᠢ ᠭᠠᠳᠠᠭ᠋ᠠᠳᠤ ᠵᠢᠨ ᠭᠤᠣᠯ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ᠎ᠤᠨ ᠲᠠᠪᠴᠠᠩ᠎ᠳᠤ ᠨᠡᠪᠲᠡᠷᠡᠭᠦᠯᠬᠦ ᠵᠢ ᠠᠬᠢᠭᠤᠯᠵᠤ᠂ ᠳᠤᠮᠳᠠᠳᠤ ᠤᠯᠤᠰ᠎ᠤᠨ ᠵᠦᠴᠦᠭᠡ ᠵᠢ ᠭᠠᠳᠠᠭ᠋ᠠᠳᠤ᠎ᠳᠤ ᠬᠦᠯᠢᠶᠡᠨ ᠠᠪᠴᠤ ᠦᠵᠡᠬᠦ ᠬᠠᠯᠠᠭᠤᠨ ᠥᠷᠨᠢᠯᠲᠡ ᠵᠢ ᠪᠤᠢ ᠪᠣᠯᠭ᠋ᠠᠪᠠ᠃ 《ᠠᠯᠲᠠᠢ ᠮᠢᠨᠢ》᠂ 《ᠰᠢᠨ᠎ᠡ ᠠᠮᠢᠳᠤᠷᠠᠯ》 ᠵᠡᠷᠭᠡ ᠪᠣᠳᠠᠲᠤ ᠰᠡᠳᠦᠪᠲᠦ ᠵᠦᠴᠦᠭᠡ ᠵᠢᠨ ᠲᠡᠭᠦᠪᠦᠷᠢ ᠭᠠᠳᠠᠭ᠋ᠠᠳᠤ᠎ᠳᠤ ᠠᠮᠵᠢᠯᠲᠠ    ᠣᠯᠵᠤ᠂ 《ᠪᠠᠶᠠᠷᠲᠤ ᠣᠨ 2》᠂ 《ᠪᠠᠷᠠᠭ᠋ᠠᠨ ᠪᠣᠷᠣᠭ᠋ᠠᠨ ᠡᠭᠦᠯᠡᠨ᠎ᠤ ᠳᠤᠮᠳᠠ》 ᠵᠡᠷᠭᠡ ᠡᠷᠲᠡᠨ᠎ᠤ ᠰᠡᠳᠦᠪᠲᠦ ᠵᠦᠴᠦᠭᠡ ᠵᠢ ᠣᠯᠠᠨ ᠤᠯᠤᠰ᠎ᠤᠨ ᠵᠠᠭᠤᠴᠢᠯᠠᠭᠤᠷ᠎ᠤᠨ ᠲᠠᠪᠴᠠᠩ᠎ᠳᠤ ᠨᠡᠪᠲᠡᠷᠡᠭᠦᠯᠪᠡ᠃ 《ᠳᠤᠮᠳᠠᠳᠤ ᠤᠯᠤᠰ᠎ᠤᠨ ᠦᠵᠡᠵᠦ ᠰᠣᠨᠣᠰᠬᠤ   ᠪᠦᠬᠦ ᠪᠥᠮᠪᠥᠷᠴᠡᠭ᠎ᠤᠨ ᠨᠡᠪᠲᠡᠷᠡᠭᠦᠯᠭᠡ》 ᠨᠠᠷᠠᠲᠤ ᠲᠡᠮᠳᠡᠭᠲᠦ ᠵᠢᠨ ᠨᠥᠯᠥᠭᠡ ᠪᠠ ᠳᠠᠮᠵᠢᠭᠤᠯᠭ᠎ᠠ ᠵᠢᠨ ᠥᠷᠲᠡᠭ ᠡᠳᠦᠷ ᠢᠷᠡᠬᠦᠶ᠎ᠡ ᠲᠣᠪᠤᠶ᠋ᠢᠮ᠎ᠠ ᠪᠣᠯᠵᠣ᠂ ᠠᠵᠢᠯᠯᠠᠭ᠎ᠠ ᠵᠢᠨ ᠳᠠᠶ᠋ᠢᠴᠢᠯᠠᠯᠲᠠ ᠳᠣᠤᠷ᠎ᠠ᠂ ᠳᠤᠮᠳᠠᠳᠤ ᠤᠯᠤᠰ᠎ᠤᠨ ᠵᠦᠴᠦᠭᠡ ᠵᠢᠨ ᠲᠡᠭᠦᠪᠦᠷᠢ ᠴᠦ᠍ ᠪᠥᠬᠦ ᠪᠥᠮᠪᠥᠷᠴᠡᠭ᠎ᠤᠨ ᠴᠢᠬᠤᠯᠠ ᠰᠣᠶᠣᠯ᠎ᠤᠨ ᠪᠦᠲᠦᠭᠡᠭᠳᠡᠬᠦᠨ ᠪᠣᠯᠵᠣ᠂ ᠠᠭᠤᠯᠭ᠎ᠠ᠎ᠨᠢ ᠨᠠᠷᠢᠯᠢᠭ᠂ ᠰᠡᠳᠦᠪ᠎ᠨᠢ ᠣᠯᠠᠨ ᠶᠠᠩᠵᠤᠴᠢᠯᠠᠭᠰᠠᠨ᠂ ᠠᠷᠭ᠎ᠠ ᠵᠠᠮ᠎ᠢ ᠪᠣᠰᠤᠭ᠎ᠠ ᠴᠣᠭᠴᠠᠵᠢᠭᠤᠯᠤᠭᠰᠠᠨ᠂ ᠨᠡᠪᠲᠡᠷᠡᠭᠦᠯᠭᠡ ᠵᠢ ᠵᠡᠷᠭᠡ᠎ᠪᠠᠷ ᠤᠷᠤᠭᠰᠢᠯᠠᠭᠤᠯᠤᠭᠰᠠᠨ ᠰᠢᠨ᠎ᠡ ᠣᠨᠴᠠᠯᠢᠭ ᠢᠯᠡᠷᠡᠪᠡ᠃

   ᠨᠢᠭᠡ᠂ ᠠᠭᠤᠯᠭ᠎ᠠ ᠡᠯᠪᠡᠭ ᠪᠠᠶᠠᠯᠢᠭ ᠰᠡᠳᠦᠪ ᠣᠯᠠᠨ ᠶᠠᠩᠵᠤ ᠵᠢᠨ ᠪᠠᠶ᠋ᠢᠵᠤ᠂ ᠳᠤᠮᠳᠠᠳᠤ ᠤᠯᠤᠰ᠎ᠤᠨ ᠵᠦᠴᠦᠭᠡ ᠵᠢᠨ ᠲᠡᠭᠦᠪᠦᠷᠢ ᠭᠠᠳᠠᠭ᠋ᠠᠳᠤ ᠵᠢᠨ ᠦᠵᠡᠭᠴᠢᠳ᠎ᠤᠨ ᠮᠠᠭᠲᠠᠭ᠋ᠠᠯ ᠰᠠᠢ᠌ᠰᠢᠶᠠᠯ᠎ᠢ ᠲᠠᠰᠤᠷᠠᠯᠲᠠ ᠦᠭᠡᠢ ᠬᠦᠷᠲᠡᠵᠦ ᠪᠠᠶ᠋ᠢᠨ᠎ᠠ

   ᠰᠢᠨᠵᠢᠯᠡᠬᠦ ᠤᠬᠠᠭ᠋ᠠᠨ᠎ᠤ ᠵᠥᠩᠨᠡᠯ᠎ᠤᠨ ᠵᠦᠴᠦᠭᠡ᠎ᠨᠢ ᠭᠣᠢ᠌ᠲᠠ ᠰᠠᠢ᠌ᠬᠠᠨ ᠬᠠᠷᠠᠭ᠋ᠠᠨ ᠰᠠᠷᠠᠯ᠎ᠤᠨ ᠢᠯᠡᠷᠡᠯ ᠵᠶ᠋ᠠᠷ᠂ ᠬᠥᠮᠦᠨ ᠨᠡᠢ᠌ᠭᠡᠮ᠎ᠤᠨ ᠭᠦᠨ ᠭᠦᠨᠵᠡᠭᠡᠢ ᠬᠠᠢ᠌ᠷ᠎ᠠ ᠰᠡᠳᠭᠢᠯᠭᠡ᠎ᠪᠠᠷ ᠵᠶ᠋ᠠᠨ ᠭᠠᠳᠠᠭ᠋ᠠᠳᠤ ᠵᠢᠨ ᠵᠠᠬ᠎ᠠ ᠳᠡᠯᠭᠡᠭᠦᠷ᠎ᠤᠨ ᠵᠥᠪᠰᠢᠶᠡᠷᠡᠯ᠎ᠢ ᠣᠯᠵᠠᠢ᠃ ᠲᠧᠩ ᠰᠢᠶᠦ᠋ᠨ᠎ᠤ 《ᠭᠤᠷᠪᠠᠨ ᠪᠡᠶᠡᠲᠦ》 ᠵᠢ 2023 ᠣᠨ᠎ᠤ 1 ᠳ᠋ᠦ᠍ᠭᠡᠷ ᠰᠠᠷ᠎ᠠ᠎ᠳᠤ ᠨᠡᠪᠲᠡᠷᠡᠭᠦᠯᠦᠭᠰᠡᠨ᠎ᠠᠴᠠ ᠨᠠᠭ᠋ᠠᠰᠢ᠂ ᠤᠯᠤᠰ᠎ᠤᠨ ᠳᠣᠲᠣᠭ᠋ᠠᠳᠤ ᠵᠢᠨ ᠦᠵᠡᠭᠴᠢᠳ᠎ᠤᠨ ᠠᠩᠬᠠᠷᠤᠯ᠎ᠢ ᠶᠡᠬᠡ᠎ᠪᠠᠷ ᠲᠠᠲᠠᠵᠤ᠂ ᠤᠮᠠᠷᠠᠲᠤ ᠠᠮᠧᠷᠢᠺᠠ᠂ ᠧᠦ᠋ᠷᠣᠫᠠ ᠲᠢᠪ ᠵᠡᠷᠭᠡ ᠣᠯᠠᠨ ᠭᠠᠵᠠᠷ ᠣᠷᠣᠨ᠎ᠳᠤ ᠨᠡᠪᠲᠡᠷᠡᠭᠦᠯᠦᠭᠰᠡᠨ ᠬᠡᠮᠵᠢᠶ᠎ᠡ᠎ᠨᠢ ᠴᠦ᠍ ᠡᠮᠦᠨ᠎ᠡ ᠡᠩᠨᠡᠭᠡᠨ᠎ᠳᠤ ᠣᠷᠣᠵᠤ᠂ ᠭᠠᠳᠠᠭ᠋ᠠᠳᠤ ᠵᠢᠨ ᠭᠣᠣᠯ ᠸᠢᠳᠢᠣ᠋ ᠲᠠᠪᠴᠠᠩ Viki ᠳᠡᠭᠡᠷᠡᠬᠢ 《ᠭᠤᠷᠪᠠᠨ ᠪᠡᠶᠡᠲᠦ 》 ᠵᠢᠨ  ᠦᠨᠡᠯᠡᠯᠲᠡ ᠎ᠨᠢ 9.2᠎ᠳᠤ ᠬᠦᠷᠴᠡᠢ᠃ 2023 ᠣᠨ᠎ᠤ 9 ᠳ᠋ᠦ᠍ᠭᠡᠷ ᠰᠠᠷ᠎ᠠ᠎ᠳᠤ ᠠᠮᠧᠷᠢᠺᠠ ᠵᠢᠨ PBS ᠲᠧᠯᠸᠢᠰ᠎ᠤᠨ ᠰᠤᠪᠠᠭ ᠪᠠ ᠰᠢᠨ᠎ᠡ ᠵᠠᠭᠤᠴᠢᠯᠠᠭᠤᠷ᠎ᠤᠨ ᠲᠠᠪᠴᠠᠩ᠎ᠳᠤ ᠨᠡᠪᠲᠡᠷᠡᠭᠦᠯᠦᠭᠰᠡᠨ᠎ᠤ ᠳᠠᠷᠠᠭ᠎ᠠ᠂ 2024 ᠣᠨ᠎ᠤ 2 ᠳ᠋ᠤᠭ᠋ᠠᠷ ᠰᠠᠷ᠎ᠠ᠎ᠳᠤ 《ᠭᠤᠷᠪᠠᠨ ᠪᠡᠶᠡᠲᠦ》᠎ᠨᠢ ᠠᠮᠧᠷᠢᠺᠠ ᠵᠢᠨ NBCU ᠣᠷᠣᠰᠬᠠᠯ᠎ᠤᠨ ᠵᠠᠭᠤᠴᠢᠯᠠᠭᠤᠷ᠎ᠤᠨ ᠲᠠᠪᠴᠠᠩ᠎ᠤᠨ Peacock ᠰᠦᠯᠵᠢᠶᠡᠨ ᠳᠡᠭᠡᠷ᠎ᠡ  ᠨᠡᠪᠲᠡᠷᠡᠭᠦᠯᠦᠨ ᠮᠡᠳᠡᠭᠡᠯᠡᠵᠦ᠂ ᠷᠦᠲ᠋ᠧᠷ ᠬᠤᠷᠢᠶ᠎ᠠ᠂ ᠠᠮᠧᠷᠢᠺᠠ ᠵᠢᠨ ᠤᠲᠠᠰᠤᠲᠤ ᠲᠧᠯᠸᠢᠰ᠎ᠤᠨ ᠰᠣᠨᠢᠨ ᠮᠡᠳᠡᠭᠡᠨ᠎ᠤ ᠰᠦᠯᠵᠢᠶ᠎ᠡ ᠵᠡᠷᠭᠡ ᠧᠦ᠋ᠷᠣᠫᠠ ᠠᠮᠧᠷᠢᠺᠠ ᠵᠢᠨ ᠭᠤᠣᠯ ᠵᠠᠭᠤᠴᠢᠯᠠᠭᠤᠷ᠎ᠤᠨ ᠮᠡᠳᠡᠭᠡᠯᠡᠭᠰᠡᠨ ᠵᠶ᠋ᠠᠷ᠂ 《ᠳᠤᠮᠳᠠᠳᠤ ᠤᠯᠤᠰ᠎ᠤᠨ ᠬᠡᠪᠯᠡᠯ᠎ᠤᠨ 〈  ᠭᠤᠷᠪᠠᠨ ᠪᠡᠶᠡᠲᠦ 〉 ᠎ᠨᠢ ᠣᠭ ᠪᠦᠲᠦᠭᠡᠯ᠎ᠲᠠᠢ  ᠨᠡᠩ ᠣᠢ᠌ᠷᠠᠳᠴᠤ ᠂ ᠬᠡᠰᠡᠭ ᠦᠵᠡᠭᠴᠢᠳ ᠠᠮᠧᠷᠢᠺᠠ ᠵᠢᠨ ᠬᠡᠪᠯᠡᠯ᠎ᠠᠴᠠ ᠴᠤ᠌ ᠰᠠᠢ᠌ᠬᠠᠨ  ᠭᠡᠵᠦ ᠦᠵᠡᠵᠡᠭᠡᠪᠡ ᠃ ᠣᠷᠣᠰ᠎ᠲᠤ᠂ ᠲᠤᠬᠠᠢ ᠵᠢᠨ ᠭᠠᠵᠠᠷ᠎ᠤᠨ ᠨᠡᠷᠡᠰ᠎ᠤᠨ ᠵᠢᠭᠰᠠᠭ᠋ᠠᠯᠲᠠ ᠵᠢᠨ ᠡᠮᠦᠨ᠎ᠡ ᠭᠤᠷᠪᠠ ᠵᠢᠨ ᠤᠷᠤᠰᠬᠠᠯ  ᠵᠠᠭᠤᠴᠢᠯᠠᠭᠤᠷ᠎ᠤᠨ ᠲᠠᠪᠴᠠᠩ OKKO 《ᠭᠤᠷᠪᠠᠨ   ᠪᠡᠶᠡᠲᠦ 》 ᠵᠢ ᠣᠷᠣᠭᠤᠯᠤᠨ ᠥᠪᠡᠷ ᠵᠶ᠋ᠠᠨ ᠠᠪᠢᠶ᠎ᠠ ᠲᠠᠭ᠋ᠠᠷᠠᠭᠤᠯᠤᠨ ᠨᠡᠪᠲᠡᠷᠡᠭᠦᠯᠵᠦ᠂ ᠲᠤᠰᠬᠠᠯ ᠎ᠨᠢ ᠬᠠᠯᠠᠭᠤᠨ ᠪᠠᠢ᠌ᠵᠤ᠂ ᠦᠵᠡᠭᠴᠢᠳ᠎ᠤᠨ  ᠦᠨᠡᠯᠡᠯᠲᠡ᠎ᠨᠢ 8.1 ᠪᠠᠢ᠌ᠪᠠ᠃ 2024 ᠣᠨ᠎ᠤ 5 ᠳ᠋ᠤᠭ᠋ᠠᠷ ᠰᠠᠷ᠎ᠠ᠎ᠳᠤ 《ᠭᠤᠷᠪᠠᠨ ᠪᠡᠶᠡᠲᠦ》 ᠵᠢ ᠪᠧᠩᠭ᠋ᠠᠯ᠎ᠤᠨ ᠰᠢᠨ᠎ᠡ ᠵᠠᠭᠤᠴᠢᠯᠠᠭᠤᠷ᠎ᠤᠨ ᠲᠠᠪᠴᠠᠩ Bongo᠎ᠳᠤ ᠨᠡᠪᠲᠡᠷᠡᠭᠦᠯᠵᠦ᠂ ᠲᠡᠷᠡ  ᠳᠠᠷᠤᠢ᠎ᠳᠤ᠎ᠨᠢ ᠨᠡᠶ᠋ᠢᠭᠡᠮ᠎ᠤᠨ ᠬᠠᠷᠢᠯᠴᠠᠭ᠋ᠠᠨ᠎ᠤ ᠵᠠᠭᠤᠴᠢᠯᠠᠭᠤᠷ᠎ᠤᠨ ᠶᠡᠭᠡ ᠶᠠᠷᠢᠯᠴᠠᠭ᠎ᠠ ᠵᠢ ᠡᠭᠦᠰᠭᠡᠪᠡ᠂ ᠠᠯᠳᠠᠷᠲᠤ ᠵᠣᠬᠢᠶᠠᠯᠴᠢ ᠠᠪᠳᠤᠯᠯᠠ •  ᠢᠪᠳᠧᠨ •  ᠮᠠᠬᠠᠮᠦᠢ᠍ᠳ ᠨᠢᠭᠤᠷ  ᠨᠣᠮ ᠳᠡᠭᠡᠷ᠎ᠡ ᠰᠢᠭᠦᠮᠵᠢ ᠨᠡᠶ᠋ᠢᠲᠡᠯᠡᠵᠦ᠂ 《ᠭᠤᠷᠪᠠᠨ ᠪᠡᠶᠡᠲᠦ》᠎ᠨᠢ ᠮᠢᠨᠦ ᠬᠠᠮᠤᠭ᠎ᠤᠨ ᠳᠤᠷᠠᠲᠠᠢ ᠲᠧᠯᠸᠢᠰ ᠵᠦᠴᠦᠭᠡ ᠵᠢᠨ ᠨᠢᠭᠡ ᠪᠣᠯᠵᠣ᠂ ᠪᠧᠩᠭ᠋ᠠᠯ ᠬᠡᠯᠡᠨ᠎ᠳᠤ  ᠣᠷᠴᠢᠭᠤᠯᠤᠭᠰᠠᠨ ᠬᠡᠪᠯᠡᠯ᠎ᠢ ᠦᠵᠡᠭᠡᠳ  ᠰᠡᠳᠬᠢᠯ ᠮᠠᠰᠢ ᠳᠣᠭᠳᠣᠯᠵᠠᠢ ᠭᠡᠵᠡᠢ᠃ ᠣᠳᠣᠬᠠᠨ᠎ᠳᠤ᠂ 《ᠭᠤᠷᠪᠠᠨ ᠪᠡᠶᠡᠲᠦ》 ᠵᠢ  ᠶᠸᠦ᠎ᠲᠤ ᠲᠠᠪᠴᠠᠩ᠎ᠳᠤ ᠨᠡᠪᠲᠡᠷᠡᠭᠦᠯᠦᠭᠰᠡᠨ ᠤᠳᠠᠭ᠎ᠠ ᠮᠢᠩᠭ᠋ᠠᠨ  ᠲᠦᠮᠡ ᠵᠢ ᠳᠠᠪᠠᠵᠤ᠂ ᠦᠵᠡᠭᠰᠡᠨ ᠴᠠᠭ᠎ᠨᠢ 1 ᠳ᠋ᠦᠩᠰᠢᠭᠤᠷ ᠮᠢᠨᠦ᠋ᠲ᠎ᠠᠴᠠ ᠳᠠᠪᠠᠵᠤ᠂ ᠨᠢᠭᠡᠨᠲᠡ ᠪᠦᠬᠦ ᠪᠥᠮᠪᠥᠷᠴᠡᠭ᠎ᠤᠨ 20 ᠭᠠᠷᠤᠢ ᠭᠤᠣᠯ ᠵᠠᠭᠤᠴᠢᠯᠠᠭᠤᠷ᠎ᠤᠨ ᠲᠠᠪᠴᠠᠩ᠎ᠳᠤ ᠲᠠᠷᠬᠠᠭ᠋ᠠᠭᠰᠠᠨ ᠪᠥᠭᠡᠳ ᠧᠦ᠋ᠷᠣᠫᠠ ᠲᠢᠪ᠂ ᠠᠹᠷᠢᠺᠠ ᠲᠢᠪ ᠪᠣᠯᠤᠨ ᠯᠠᠲ᠋ᠢᠨ ᠠᠮᠧᠷᠢᠺᠠ ᠵᠢᠨ ᠦᠵᠡᠭᠴᠢᠳ᠎ᠲᠠᠢ ᠤᠳᠠᠬᠤ ᠦᠭᠡᠢ ᠠᠭᠤᠯᠵᠠᠬᠤ ᠪᠣᠯᠤᠨ᠎ᠠ᠃

   ᠣᠳᠣ ᠦᠶ᠎ᠡ ᠵᠢᠨ ᠵᠦᠴᠦᠭᠡ᠎ᠨᠢ ᠠᠩᠬᠠᠷᠤᠯ ᠲᠠᠯᠪᠢᠨ᠂ ᠠᠮᠢᠳᠤ ᠴᠣᠪᠣᠭᠣᠯᠢᠭ ᠪᠠᠶ᠋ᠢᠵᠤ᠂ ᠭᠠᠳᠠᠭ᠋ᠠᠳᠤ ᠵᠢᠨ ᠦᠵᠡᠭᠴᠢᠳ᠎ᠤᠨ ᠰᠡᠳᠬᠢᠯ ᠵᠢᠷᠦᠬᠡ ᠵᠢ ᠴᠤᠤᠷᠢᠶᠠᠲᠤᠭᠤᠯᠪᠠ᠃ 《ᠠᠯᠲᠠᠢ ᠮᠢᠨᠢ》 ᠵᠢ 2024 ᠣᠨ᠎ᠤ ᠹᠷᠠᠨᠼᠢ ᠵᠢᠨ ᠭᠠᠨᠠ ᠵᠢᠨ ᠲᠧᠯᠸᠢᠰ᠎ᠤᠨ ᠨᠠᠢ᠌ᠷ᠎ᠤᠨ ᠭᠣᠣᠯ ᠤᠷᠤᠯᠳᠤᠭ᠋ᠠᠨ᠎ᠤ ᠨᠢᠭᠡᠴᠢ᠎ᠳᠤ ᠣᠷᠤᠭᠤᠯᠤᠭᠰᠠᠨ ᠪᠥᠭᠡᠳ ᠠᠮᠵᠢᠯᠲᠠ᠎ᠲᠠᠢ ᠳᠡᠯᠭᠡᠨ ᠦᠵᠡᠭᠦᠯᠵᠦ᠂ ᠵᠦᠴᠦᠭᠡ ᠵᠢᠨ ᠳᠣᠲᠣᠷ᠎ᠠ ᠬᠥᠮᠦᠨ᠎ᠤ ᠰᠡᠳᠭᠢᠯ᠎ᠢ ᠵᠠᠰᠠᠵᠤ ᠴᠢᠳᠠᠬᠤ ᠬᠢᠯᠢ ᠬᠢᠵᠠᠭ᠋ᠠᠷ᠎ᠤᠨ ᠭᠤᠸ᠎ᠠ ᠰᠠᠢ᠌ᠬᠠᠨ᠂ ᠰᠤᠯᠠ ᠵᠠᠳᠠᠭ᠋ᠠᠢ ᠠᠮᠢᠳᠤᠷᠠᠯ᠎ᠤᠨ ᠠᠷᠭ᠎ᠠ ᠬᠡᠯᠪᠡᠷᠢ᠂ ᠨᠠᠷᠢᠯᠢᠭ ᠪᠣᠷᠣᠭᠵᠢᠭᠤᠨ ᠠᠮᠢ ᠨᠠᠰᠤᠨ᠎ᠤ ᠬᠠᠢ᠌ᠨ ᠰᠦᠪᠡᠭᠴᠢᠯᠡᠯᠲᠡ ᠵᠢᠨ ᠶᠠᠪᠤᠴᠠ᠎ᠳᠤ ᠣᠷᠣᠵᠤ᠂ ᠭᠠᠳᠠᠭ᠋ᠠᠳᠤ ᠵᠢᠨ ᠲᠤᠰᠬᠠᠢ ᠮᠡᠷᠭᠡᠵᠢᠯ᠎ᠤᠨ ᠵᠠᠭᠤᠴᠢᠯᠠᠭᠤᠷ ᠪᠣᠯᠤᠨ ᠦᠵᠡᠭᠴᠢᠳ᠎ᠤᠨ ᠣᠯᠠᠨ ᠰᠢᠯᠢᠳᠡᠭ ᠦᠨᠡᠯᠡᠯᠲᠡ ᠵᠢ ᠣᠯᠵᠤ᠂ ᠭᠠᠨᠠ ᠵᠢᠨ ᠪᠠᠶᠠᠷ᠎ᠤᠨ ᠵᠣᠬᠢᠶᠠᠨ ᠪᠠᠢ᠌ᠭᠤᠯᠤᠭᠰᠠᠨ ᠺᠣᠮᠢᠰ᠎ᠠᠴᠠ 《ᠡᠨᠡ ᠵᠦᠴᠦᠭᠡ ᠵᠢᠨ ᠦᠵᠡᠭᠳᠡᠯ᠎ᠤᠨ ᠰᠠᠢ᠌ᠬᠠᠨ᠂ ᠬᠣᠱ᠌ᠣᠩ ᠶᠥᠮᠥᠷᠯᠢᠭ᠂ ᠬᠤᠪᠢᠷᠠᠯᠲᠠ ᠵᠢᠨ ᠠᠢ᠌ᠵᠠᠮ ᠵᠢᠴᠢ ᠰᠢᠯᠦᠭ᠎ᠤᠨ ᠰᠡᠳᠭᠢᠯ᠎ᠤᠨ ᠳᠣᠲᠣᠭ᠋ᠠᠳᠤ ᠴᠥᠮ᠎ᠡ᠎ᠨᠢ ᠲᠠᠨ᠎ᠳᠤ ᠪᠠᠶᠠᠷ ᠪᠠᠬᠠᠳᠤᠯ᠎ᠢ ᠬᠦᠷᠭᠡᠬᠦ ᠶᠤᠮ》 ᠭᠡᠵᠡᠢ᠃ ᠠᠮᠧᠷᠢᠺᠠ ᠵᠢᠨ 《ᠶᠡᠷᠦᠩᠬᠡᠶ᠋ᠢᠯᠡᠭᠰᠡᠨ ᠤᠷᠠᠯᠢᠭ》 ᠰᠡᠳᠬᠦᠯ᠎ᠠᠴᠠ 《ᠬᠥᠮᠦᠨ᠎ᠢ ᠰᠣᠴᠢᠭ᠋ᠠᠮ᠎ᠠ ᠪᠠᠢ᠌ᠭ᠋ᠠᠯᠢ ᠵᠢᠨ ᠭᠤᠸ᠎ᠠ ᠰᠠᠶ᠋ᠢᠬᠠᠨ ᠵᠢᠴᠢ ᠣᠯᠠᠨ ᠦᠨᠳᠦᠰᠦᠲᠡᠨ᠎ᠤ ᠰᠣᠶᠣᠯ᠎ᠤᠨ ᠷᠤᠮᠠᠨᠲ᠋ᠢᠭ ᠬᠠᠮᠲᠤ ᠵᠢᠨ ᠵᠦᠢ᠍ᠯ᠎ᠢ ᠵᠢᠷᠤᠭᠯᠠᠵᠠᠶ》 ᠭᠡᠪᠡ᠃ ᠲᠡᠷᠢᠭᠦᠯᠡᠭᠴᠢ ᠰᠢ ᠵᠢᠨ ᠫᠢᠩ ᠺᠠᠽᠠᠭᠰᠲ᠋ᠠᠨ᠎ᠳᠤ ᠠᠶ᠋ᠢᠯᠴᠢᠯᠠᠵᠤ ᠪᠠᠶ᠋ᠢᠭ᠎ᠠ ᠲᠠᠰᠢᠷᠠᠮ᠎ᠳᠤ᠂ 《ᠠᠯᠳᠠᠢ ᠮᠢᠨᠢ》 ᠵᠢ ᠺᠠᠽᠠᠭᠰᠲ᠋ᠠᠨ᠎ᠤ 7 ᠰᠤᠪᠠᠭ᠎ᠲᠤ ᠡᠬᠢᠯᠡᠨ ᠨᠡᠪᠲᠡᠷᠡᠭᠦᠯᠵᠦ᠂ ᠰᠤᠪᠠᠭ᠎ᠤᠨ ᠶᠡᠷᠦᠩᠬᠡᠶ ᠵᠠᠬᠢᠷᠤᠭᠴᠢ ᠢᠷᠬᠠᠮ • ᠡᠮᠪᠦᠷᠡᠭ ᠢᠯᠡᠷᠬᠡᠢ᠌ᠯᠡᠬᠦ᠎ᠳᠤ᠎ᠪᠠᠨ ᠂ ᠲᠤᠰ ᠵᠦᠴᠦᠭᠡ᠎ᠨᠢ ᠦᠨᠳᠦᠰᠦᠲᠡᠨ᠎ᠤ ᠢᠯᠡ ᠲᠣᠳᠣ ᠬᠡᠪ ᠨᠠᠮᠪᠠ᠎ᠲᠠᠢ᠂ ᠪᠦᠲᠦᠭᠡᠯ᠎ᠤᠨ ᠶᠠᠷᠢᠭᠰᠠᠨ ᠦᠯᠢᠭᠡᠷ ᠪᠠ ᠢᠯᠡᠷᠡᠭᠦᠯᠦᠭᠰᠡᠨ ᠰᠣᠶᠣᠯ᠎ᠤᠨ ᠬᠠᠮᠲᠤ ᠵᠢᠨ ᠴᠢᠨᠠᠷ᠎ᠢ ᠲᠤᠬᠠᠶ ᠵᠢᠨ ᠭᠠᠵᠠᠷ᠎ᠤᠨ ᠦᠵᠡᠭᠴᠢᠳ᠎ᠲᠤ ᠮᠠᠰᠢ ᠶᠡᠭᠡ ᠬᠦᠰᠡᠯ ᠨᠠᠶ᠋ᠢᠳᠠᠯᠭ᠎ᠠ ᠲᠠᠯᠪᠢᠵᠤ ᠪᠠᠶ᠋ᠢᠨ᠎ᠠ᠂ ᠡᠨᠡ᠎ᠨᠢ ᠪᠠᠰᠠ ᠳᠤᠮᠳᠠᠳᠤ ᠺᠠᠽᠠᠭᠰᠲ᠋ᠠᠨ ᠬᠤᠶᠠᠷ ᠤᠯᠤᠰ᠎ᠤᠨ ᠠᠷᠠᠳ᠎ᠤᠨ ᠰᠡᠳᠬᠢᠯ᠎ᠤᠨ ᠨᠡᠪᠲᠡᠷᠡᠯᠴᠡᠭᠡ ᠵᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ ᠭᠡᠵᠡᠢ᠃ ᠣᠳᠣ ᠦᠶ᠎ᠡ ᠵᠢᠨ ᠰᠡᠵᠢᠭᠲᠦ ᠵᠦᠴᠦᠭᠡ 《ᠤᠰᠤᠨ᠎ᠤ ᠥᠩᠭᠡᠷᠡᠭᠰᠡᠨ᠎ᠤ ᠶᠠᠪᠤᠳᠠᠯ》᠎ᠨᠢ ᠶᠸᠦ ᠺᠦ᠋ ᠣᠯᠠᠨ ᠤᠯᠤᠰ᠎ᠤᠨ ᠬᠡᠪᠯᠡᠯ ᠪᠠ YouTube ᠰᠤᠪᠠᠭ᠎ᠨᠢ ᠠᠩᠭ᠍ᠯᠢ᠂ ᠢᠰᠫᠠᠨᠢ᠂ ᠫᠣᠷᠲ᠋ᠦ᠋ᠭ᠋ᠠᠯ ᠂᠎ᠲᠠᠢ ᠤᠯᠤᠰ ᠂  ᠢᠨᠳᠣᠨᠧᠰᠢᠶ᠎ᠠ᠂ ᠮᠠᠯᠠᠶ᠋ᠢᠰᠢᠶ᠎ᠠ᠂ ᠸᠢᠶᠸᠲᠨᠠᠮ  ᠬᠡᠯᠡ ᠵᠡᠷᠭᠡ ᠣᠯᠠᠨ ᠬᠡᠯᠡᠨ᠎ᠤ ᠦᠰᠦᠭ᠎ᠤᠨ ᠳᠡᠯᠭᠡᠴᠡ᠎ᠲᠠᠢ ᠵᠢ ᠵᠡᠷᠭᠡ᠎ᠪᠠᠷ ᠨᠡᠪᠲᠡᠷᠡᠭᠦᠯᠵᠦ᠂ ᠭᠠᠳᠠᠭ᠋ᠠᠳᠤ ᠵᠢᠨ ᠦᠵᠡᠭᠴᠢᠳ᠎ᠤᠨ ᠥᠨᠳᠥᠷ ᠦᠨᠡᠯᠡᠯᠲᠡ ᠵᠢ ᠣᠯᠵᠠᠢ ᠂ ᠲᠤᠰ ᠵᠦᠴᠦᠭᠡ ᠵᠢ 《ᠰᠡᠳᠬᠢᠯ ᠵᠢᠷᠦᠬᠡ ᠵᠢ ᠳᠣᠭᠳᠤᠯᠤᠭᠤᠯᠤᠭᠰᠠᠨ 》᠂ 《ᠰᠡᠭᠦᠳᠡᠷᠯᠡᠬᠦ ᠠᠷᠭ᠎ᠠ᠎ᠨᠢ ᠶᠡᠷᠦ ᠪᠤᠰᠤ ᠵᠢᠨ 》᠂ 《ᠠᠭᠤᠯᠭ᠎ᠠ᠎ᠨᠢ ᠪᠠᠶᠠᠯᠢᠭ ᠪᠠᠶ᠋ᠢᠵᠤ᠂ ᠬᠥᠮᠦᠰ᠎ᠤᠨ ᠠᠩᠬᠠᠷᠤᠯ᠎ᠢ ᠲᠠᠲᠠᠭᠰᠠᠨ 》᠂ 《ᠥᠨᠳᠦᠷᠴᠡ ᠎ᠲᠠᠢ ᠵᠦᠴᠦᠭᠡ ᠵᠢᠨ ᠦᠢ᠍ᠯᠡ ᠠᠵᠢᠯᠯᠠᠭ᠎ᠠ᠎ᠨᠢ ᠬᠦᠮᠦᠰ᠎ᠢ ᠮᠠᠰᠢ ᠰᠤᠭᠲᠤᠭᠤᠷᠠᠭᠤᠯᠤᠭᠰᠠᠨ 》 ᠭᠡᠵᠦ ᠦᠵᠡᠵᠡᠭᠡᠪᠡ ᠃ ᠰᠡᠵᠢᠭᠲᠦ ᠵᠦᠴᠦᠭᠡ ᠵᠢᠨ ᠲᠡᠭᠦᠪᠦᠷᠢ ᠎ᠨᠢ ᠪᠦᠲᠦᠭᠡᠯᠴᠢ ᠴᠢᠳᠠᠪᠤᠷᠢ ᠪᠠ ᠤᠷᠠᠯᠢᠭ᠎ᠤᠨ ᠴᠢᠨᠠᠷ᠎ᠢ ᠲᠦᠷᠭᠡᠨ ᠳᠡᠭᠡᠭᠰᠢᠯᠡᠭᠦᠯᠵᠦ᠂ ᠪᠣᠳᠠᠲᠤ ᠰᠡᠳᠦᠪᠲᠦ ᠵᠦᠴᠦᠭᠡ ᠵᠢᠨ ᠣᠯᠠᠨ ᠤᠯᠤᠰ᠎ᠲᠤ ᠳᠠᠮᠵᠢᠭᠤᠯᠬᠤ  ᠥᠪᠡᠷᠮᠢᠴᠡ ᠲᠥᠷᠥᠯ ᠬᠡᠯᠪᠡᠷᠢ ᠪᠣᠯᠵᠣ᠂ ᠬᠥᠮᠦᠰ᠎ᠤᠨ ᠰᠡᠳᠬᠢᠯ᠎ᠢ ᠲᠠᠲᠠᠭᠰᠠᠨ ᠥᠯᠢᠭᠡᠷ᠎ᠤᠨ ᠦᠢ᠍ᠯᠡ ᠶᠠᠪᠤᠳᠠᠯ᠂ ᠥᠳᠬᠡᠨ ᠵᠤᠵᠠᠭ᠋ᠠᠨ ᠪᠣᠳᠠᠲᠤ ᠠᠬᠤᠢ ᠵᠢᠨ ᠰᠠᠭᠤᠷᠢ ᠥᠩᠭᠡ᠂ ᠨᠠᠷᠢᠯᠢᠭ ᠰᠠᠶ᠋ᠢᠬᠠᠨ ᠦᠢ᠍ᠯᠡᠳᠬᠦ  ᠬᠢᠷᠢ ᠲᠦᠪᠰᠢᠨ ᠵᠢᠴᠢ ᠨᠡᠶ᠋ᠢᠭᠡᠮ᠎ᠤᠨ ᠠᠰᠠᠭᠤᠳᠠᠯ᠎ᠢ ᠠᠮᠢᠳᠤᠯᠢᠭ ᠳᠦᠷᠰᠦᠯᠡᠨ ᠵᠢᠷᠤᠭᠯᠠᠬᠤ ᠪᠠ ᠭᠦᠨᠵᠡᠭᠡᠶ ᠪᠣᠳᠣᠯᠬᠢᠯᠠᠵᠤ᠂ ᠶᠡᠭᠡ ᠬᠡᠮᠵᠢᠶᠡᠨ᠎ᠤ ᠭᠠᠳᠠᠭ᠋ᠠᠳᠤ ᠵᠢᠨ ᠦᠵᠡᠭᠴᠢᠳ᠎ᠢ ᠲᠠᠲᠠᠪᠠ ᠃

   ᠡᠷᠲᠡᠨ᠎ᠤ ᠰᠡᠳᠦᠪᠲᠦ ᠵᠦᠴᠦᠭᠡ ᠳᠤᠮᠳᠠᠳᠤ ᠤᠯᠤᠰ᠎ᠤᠨ ᠰᠣᠶᠣᠯ᠎ᠤᠨ ᠰᠢᠨ᠎ᠡ ᠡᠭᠦᠳᠦᠯᠲᠡ ᠵᠢᠨ ᠢᠯᠡᠳᠭᠡᠯ ᠪᠠ ᠡᠯᠪᠡᠭ ᠪᠠᠶᠠᠯᠢᠭ ᠰᠠᠭᠤᠷᠢ᠎ᠪᠠᠷ ᠭᠠᠳᠠᠭ᠋ᠠᠳᠤ ᠵᠢᠨ ᠦᠵᠡᠭᠴᠢᠳ᠎ᠤᠨ ᠬᠦᠷᠢᠶᠡᠯᠡᠯ᠎ᠢ ᠣᠯᠵᠠᠢ᠃ ᠡᠷᠲᠡᠨ᠎ᠤ ᠰᠡᠳᠦᠪᠲᠦ ᠵᠦᠴᠦᠭᠡ᠎ᠨᠢ ᠳᠤᠮᠳᠠᠳᠤ ᠵᠢᠨ ᠲᠡᠦᠬᠡ ᠵᠢᠨ ᠣᠢ ᠰᠠᠨᠠᠮᠵᠢ ᠪᠠ ᠦᠵᠡᠵᠦ ᠰᠣᠨᠣᠰᠬᠤ ᠤᠷᠠᠯᠢᠭ᠎ᠢ ᠠᠭᠤᠰᠤᠯᠴᠠᠭᠤᠯᠵᠤ᠂ ᠰᠡᠳᠦᠪ᠎ᠨᠢ ᠣᠯᠠᠨ ᠶᠠᠩᠵᠤ ᠵᠢᠨ᠂ ᠵᠢᠷᠤᠭ᠎ᠨᠢ ᠭᠣᠢ᠌ᠲᠠ ᠰᠠᠢ᠌ᠬᠠᠨ ᠪᠠᠢ᠌ᠵᠤ᠂ 《ᠳᠣᠷᠣᠨᠠᠳᠠᠬᠢᠨ᠎ᠤ ᠭᠤᠸ᠎ᠠ ᠵᠦᠢ》᠎ᠪᠠᠷ ᠲᠠᠰᠤᠷᠠᠯᠲᠠ ᠦᠭᠡᠢ ᠭᠠᠳᠠᠭ᠋ᠠᠳᠤ ᠵᠢᠨ ᠰᠢᠨ᠎ᠡ ᠦᠵᠡᠭᠴᠢᠳ᠎ᠢ ᠲᠠᠲᠠᠵᠤ᠂ ᠳᠤᠮᠳᠠᠳᠤ ᠵᠢᠨ ᠰᠢᠯᠢᠳᠡᠭ ᠰᠣᠶᠣᠯ᠎ᠢ ᠳᠠᠮᠵᠢᠭᠤᠯᠬᠤ ᠴᠢᠬᠤᠯᠠ ᠠᠴᠢᠶᠠᠯᠠᠪᠤᠷᠢ ᠪᠣᠯᠤᠭᠰᠠᠨ ᠪᠠᠢ᠌ᠨ᠎ᠠ᠃ 2024 ᠣᠨ᠎ᠤ 6 ᠳ᠋ᠤᠭ᠋ᠠᠷ ᠰᠠᠷ᠎ᠠ᠎ᠳᠤ᠂ ᠡᠷᠲᠡᠨ᠎ᠤ ᠰᠡᠳᠦᠪᠲᠦ ᠬᠠᠢ᠌ᠷ᠎ᠠ ᠰᠡᠳᠭᠢᠯᠭᠡ ᠵᠢᠨ ᠵᠦᠴᠦᠭᠡ 《ᠪᠠᠷᠠᠭ᠋ᠠᠨ ᠪᠣᠷᠤᠭ᠋ᠠᠨ ᠡᠭᠦᠯᠡᠨ᠎ᠤ ᠳᠤᠮᠳᠠ》 ᠵᠢ ᠠᠩᠭ᠍ᠯᠢ᠂ ᠢᠰᠫᠠᠨᠢ᠂ ᠫᠣᠷᠲ᠋ᠦ᠋ᠭ᠋ᠠᠯ᠂᠎ᠲᠠᠢ ᠤᠯᠤᠰ᠂ ᠢᠨᠳᠦ᠋ᠨ᠋ᠸᠰᠢᠶ᠎ᠠ᠂ ᠮᠠᠯᠠᠢ᠌ᠰᠢᠶ᠎ᠠ᠂ ᠸᠢᠶᠧᠲᠨᠠᠮ ᠬᠡᠯᠡ ᠵᠡᠷᠭᠡ ᠣᠯᠠᠨ ᠬᠡᠯᠡ᠎ᠪᠠᠷ ᠣᠷᠴᠢᠭᠤᠯᠵᠤ᠂ ᠪᠦᠬᠦ ᠪᠥᠮᠪᠥᠷᠴᠡᠭ᠎ᠤᠨ ᠤᠷᠤᠰᠬᠠᠯ ᠵᠠᠭᠤᠴᠢᠯᠠᠭᠤᠷ᠎ᠤᠨ ᠲᠠᠪᠴᠠᠩ ᠨᠠᠢ ᠹᠧᠢ ᠵᠢᠴᠢ ᠤᠮᠠᠷᠠᠲᠤ ᠠᠮᠧᠷᠢᠺᠠ᠂᠎ᠲᠠᠢ ᠤᠯᠤᠰ᠂ ᠮᠠᠯᠠᠢ᠌ᠰᠢᠶ᠎ᠠ᠂ ᠶᠠᠫᠣᠨ᠂ ᠺᠣᠷᠢᠶᠠ ᠵᠡᠷᠭᠡ ᠣᠯᠠᠨ ᠣᠷᠣᠨ ᠪᠦᠰᠡ ᠵᠢᠨ ᠤᠷᠤᠰᠬᠠᠯ ᠵᠠᠭᠤᠴᠢᠯᠠᠭᠤᠷ᠎ᠤᠨ ᠲᠠᠪᠴᠠᠩ ᠳᠡᠭᠡᠷ᠎ᠡ ᠨᠡᠪᠲᠡᠷᠡᠭᠦᠯᠵᠦ᠂ ᠣᠳᠣᠬᠠᠨ᠎ᠳᠤ ᠭᠠᠳᠠᠭ᠋ᠠᠳᠤ ᠵᠢᠨ ᠪᠦᠬᠦ ᠲᠠᠪᠴᠠᠩ᠎ᠳᠤ ᠪᠠᠷᠤᠭ 2 ᠳ᠋ᠦᠩᠰᠢᠭᠤᠷ ᠰᠢᠬᠠᠮ ᠤᠳᠠᠭ᠎ᠠ ᠨᠡᠪᠲᠡᠷᠡᠭᠦᠯᠵᠦ᠂ ᠭᠠᠳᠠᠭ᠋ᠠᠳᠤ ᠵᠢᠨ ᠲᠠᠪᠴᠠᠩ᠎ᠳᠤ 4 ᠳ᠋ᠦᠩᠰᠢᠭᠤᠷ ᠰᠢᠬᠠᠮ ᠢᠯᠡᠴᠢᠯᠡᠵᠦ᠂ ᠤᠷᠢᠳ ᠬᠣᠵᠢᠳ᠎ᠲᠠᠢ ᠤᠯᠤᠰ᠎ᠤᠨ TrueID ᠲᠠᠪᠴᠠᠩ᠂ ᠺᠣᠷᠢᠶᠠ ᠵᠢᠨ MOA ᠲᠠᠪᠴᠠᠩ ᠵᠡᠷᠭᠡ ᠬᠣᠶᠠᠷ ᠶᠡᠬᠡ ᠲᠠᠪᠴᠠᠩ᠎ᠳᠤ ᠨᠡᠪᠲᠡᠷᠡᠭᠦᠯᠵᠦ ᠂ ᠵᠠᠯᠭ᠋ᠠᠭ᠎ᠠ᠎ᠪᠠᠷ ᠣᠯᠠᠨ ᠡᠳᠦᠷ ᠶᠧᠦ ᠺᠦ᠋ ᠣᠯᠠᠨ ᠤᠯᠤᠰ᠎ᠤᠨ ᠬᠡᠪᠯᠡᠯ᠎ᠤᠨ ᠪᠦᠬᠦ ᠬᠡᠯᠡᠨ᠎ᠤ ᠬᠠᠯᠠᠮᠰᠢᠯ  ᠵᠦᠴᠦᠭᠡ ᠵᠢᠨ ᠲᠡᠭᠦᠪᠦᠷᠢ ᠵᠢᠨ ᠲᠡᠷᠢᠭᠦᠨ ᠪᠠᠢ᠌ᠷᠢ ᠵᠢ  ᠡᠵᠡᠯᠡᠵᠦ᠂ IMDB ᠢᠨᠲᠸᠷ  ᠰᠦᠯᠵᠢᠶᠡᠨ᠎ᠤ ᠺᠢᠨᠣ᠋ ᠵᠢᠨ ᠮᠠᠲ᠋ᠧᠷᠢᠶᠠᠯ᠎ᠤᠨ ᠬᠥᠮᠥᠷᠭᠡ᠎ᠳᠤ 8.6 ᠬᠤᠪᠢ ᠣᠯᠵᠤ᠂ ᠠᠽᠢᠶ᠎ᠠ ᠲᠢᠪ᠎ᠤᠨ ᠵᠦᠴᠦᠭᠡ ᠵᠢᠨ ᠲᠡᠭᠦᠪᠦᠷᠢ ᠵᠢᠨ ᠰᠢᠭᠦᠮᠵᠢ ᠰᠦᠯᠵᠢᠶ᠎ᠡ MyDramaList᠎ᠳᠤ 8.7 ᠬᠤᠪᠢ ᠣᠯᠪᠠ᠂ ᠨᠠᠢ ᠹᠧᠢ ᠠᠯᠪᠠᠨ᠎ᠤ ᠲᠠᠯ᠎ᠠ ᠵᠢᠨ Instagram ᠳᠠᠩᠰᠠᠨ ᠨᠣᠮᠧᠷ᠎ᠲᠤ ᠨᠡᠢ᠌ᠲᠡᠯᠡᠭᠰᠡᠨ 《  ᠪᠠᠷᠠᠭ᠋ᠠᠨ ᠪᠣᠷᠤᠭ᠋ᠠᠨ ᠡᠭᠦᠯᠡᠨ᠎ᠤ ᠳᠤᠮᠳᠠ 》 ᠵᠢ ᠤᠬᠠᠭᠤᠯᠤᠨ ᠲᠠᠨᠢᠯᠴᠠᠭᠤᠯᠤᠭᠰᠠᠨ  ᠮᠡᠳᠡᠭᠡ ᠵᠠᠩᠭᠢ᠎ᠨᠢ ᠣᠯᠠᠨ᠎ᠤ ᠮᠠᠭᠲᠠᠭ᠋ᠠᠯ᠎ᠢ ᠣᠯᠪᠠ᠃

   ᠬᠣᠶᠠᠷ᠂ 《ᠣᠨᠭ᠌ᠭᠤᠴᠠ ᠦᠢ᠍ᠯᠡᠳᠭᠦ》 ᠪᠠ 《ᠣᠨᠭ᠌ᠭᠤᠴᠠ ᠵᠢᠭᠡᠯᠡᠬᠦ》 ᠵᠢ ᠵᠡᠷᠭᠡ᠎ᠪᠠᠷ ᠬᠡᠷᠡᠭᠵᠢᠭᠦᠯᠵᠦ᠂ ᠳᠤᠮᠳᠠᠳᠤ ᠤᠯᠤᠰ᠎ᠤᠨ ᠵᠦᠴᠦᠭᠡ ᠵᠢᠨ ᠲᠡᠭᠦᠪᠦᠷᠢ ᠣᠯᠠᠨ ᠠᠷᠭ᠎ᠠ ᠵᠠᠮ ᠵᠶ᠋ᠠᠷ ᠭᠠᠳᠠᠭ᠋ᠠᠳᠤ ᠵᠢᠨ ᠦᠵᠡᠭᠴᠢᠳ᠎ᠲᠠᠢ ᠣᠶ᠋ᠢᠷᠠᠲᠤᠪᠠ

   ᠪᠡᠶ᠎ᠡ᠎ᠪᠠᠨ ᠳᠠᠭ᠋ᠠᠭ᠋ᠠᠭᠰᠠᠨ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠪᠠᠢ᠌ᠭᠤᠯᠤᠯᠲᠠ ᠪᠠ ᠭᠠᠳᠠᠭ᠋ᠠᠳᠤ ᠵᠢᠨ ᠰᠤᠪᠠᠭ᠎ᠤᠨ ᠳᠠᠩᠰᠠᠨ ᠨᠣᠮᠸᠷ᠎ᠤᠨ ᠪᠠᠢ᠌ᠭᠤᠯᠤᠯᠲᠠ ᠢᠵᠢᠯ ᠴᠢᠭᠯᠡᠯ᠎ᠳᠤ ᠬᠦᠴᠦᠯᠡᠪᠡ᠃ ᠠᠢ ᠴᠢ ᠢ᠂ ᠶᠧᠦ ᠺᠦ᠋᠂ ᠲᠧᠩ ᠰᠢᠶᠦ᠋ᠨ᠂ ᠮᠠᠩᠭᠦ᠋ᠸᠸ TV ᠵᠡᠷᠭᠡ ᠳᠤᠮᠳᠠᠳᠤ ᠤᠯᠤᠰ᠎ᠤᠨ ᠰᠦᠯᠵᠢᠶᠡᠨ᠎ᠤ ᠦᠵᠡᠵᠦ ᠰᠣᠨᠣᠰᠬᠤ ᠲᠠᠪᠴᠠᠩ᠎ᠨᠢ ᠭᠠᠳᠠᠭ᠋ᠠᠳᠤ ᠵᠢᠨ ᠵᠠᠬ᠎ᠠ ᠳᠡᠯᠭᠡᠭᠦᠷ᠎ᠢ ᠰᠠᠨᠠᠭ᠋ᠠᠴᠢᠯᠠᠭ᠎ᠠ᠎ᠠᠴᠠ᠎ᠪᠠᠨ ᠪᠠᠢ᠌ᠷᠢᠯᠠᠭᠤᠯᠵᠤ ᠂ ᠲᠤᠰ ᠭᠠᠵᠠᠷ ᠣᠷᠣᠨ᠎ᠤ᠎ᠪᠠᠨ ᠰᠦᠯᠵᠢᠶᠡᠨ  ᠲᠠᠪᠴᠠᠩ ᠪᠠ ᠰᠢᠨ᠎ᠡ  ᠵᠠᠭᠤᠴᠢᠯᠠᠭᠤᠷ᠎ᠤᠨ ᠬᠡᠷᠡᠭᠯᠡᠯᠲᠡ ᠵᠢ  ᠢᠳᠡᠪᠬᠢᠲᠡᠢ᠎ᠪᠠᠷ ᠪᠣᠢ ᠪᠣᠯᠭ᠋ᠠᠵᠤ᠂ ᠵᠦᠴᠦᠭᠡ ᠵᠢᠨ ᠳᠠᠯᠠᠢ᠎ᠳᠤ ᠭᠠᠷᠬᠤ᠎ᠳᠤ ᠪᠡᠶ᠎ᠡ᠎ᠪᠠᠨ ᠳᠠᠭ᠋ᠠᠭ᠋ᠠᠵᠤ ᠨᠡᠪᠲᠡᠷᠡᠭᠦᠯᠬᠦ ᠲᠠᠪᠴᠠᠩ᠎ᠢ ᠪᠠᠢ᠌ᠭᠤᠯᠪᠠ ᠃ ᠡᠭᠦᠨ᠎ᠤ ᠬᠠᠮᠲᠤ᠂ ᠭᠤᠤᠯᠳᠠᠯᠭ᠎ᠠ᠎ᠲᠠᠢ ᠷᠠᠳᠢᠣ᠋ ᠲᠧᠯᠸᠢᠰ᠎ᠤᠨ ᠦᠵᠡᠵᠦ ᠰᠣᠨᠣᠰᠬᠤ ᠫᠷᠤᠭ᠌ᠷᠠᠮ ᠲᠠᠷᠬᠠᠭ᠋ᠠᠬᠤ ᠪᠠᠶ᠋ᠢᠭᠤᠯᠤᠮᠵᠢ᠎ᠨᠢ ᠭᠠᠳᠠᠭ᠋ᠠᠳᠤ ᠵᠢᠨ ᠭᠤᠤᠯ ᠵᠠᠭᠤᠴᠢᠯᠠᠭᠤᠷ᠎ᠤᠨ ᠲᠠᠪᠴᠠᠩ᠎ᠳᠤ ᠰᠤᠪᠠᠭ ᠪᠠᠶ᠋ᠢᠭᠤᠯᠵᠤ᠂ ᠲᠠᠩᠰᠠᠨ ᠨᠣᠮᠧᠷ ᠪᠠᠢ᠌ᠭᠤᠯᠵᠤ ᠂ ᠳᠤᠮᠳᠠᠳᠤ ᠤᠯᠤᠰ᠎ᠤᠨ ᠠᠭᠤᠯᠭ᠎ᠠ ᠵᠢᠨ 《ᠵᠡᠷᠭᠡ᠎ᠪᠠᠷ ᠭᠠᠳᠠᠭ᠋ᠠᠳᠤ᠎ᠳᠤ ᠨᠡᠪᠲᠡᠷᠡᠭᠦᠯᠬᠦ》 ᠵᠢ ᠠᠯᠬᠤᠮ ᠠᠯᠬᠤᠮ ᠵᠶ᠋ᠠᠷ ᠳᠥᠯᠭᠢᠨ ᠠᠬᠢᠭᠤᠯᠪᠠ᠃ ᠵᠧᠵᠢᠶᠠᠩ᠎ᠤᠨ ᠬᠤᠸᠠ ᠼᠧ᠂ ᠱ᠌ᠢ ᠵᠢᠢ ᠶᠸᠦ ᠶᠸᠦ ᠂  ᠱᠸᠨᠵᠸᠨ᠎ᠤ  ᠶᠠ ᠸᠧᠨ ᠵᠡᠷᠭᠡ ᠠᠵᠤ ᠠᠬᠤᠶ᠋ᠢᠯᠠᠯ ᠶᠸᠦ᠎ᠲᠤ᠂ ᠨᠠᠶ ᠹᠸᠢ ᠵᠡᠷᠭᠡ ᠲᠠᠪᠴᠠᠩ᠎ᠳᠤ ᠣᠯᠠᠨ ᠬᠡᠯᠡᠨ᠎ᠤ ᠰᠤᠪᠠᠭ᠎ᠢ ᠨᠡᠭᠡᠭᠡᠨ ᠡᠵᠡᠩᠨᠡᠵᠦ᠂ 《  ᠤᠷᠢᠬᠠᠨ  ᠰᠠᠯᠬᠢ᠎ᠲᠠᠢ ᠭᠠᠵᠠᠷ ᠣᠴᠢᠶ᠎ᠠ 》᠂ 《ᠭᠤᠷᠪᠠᠨ ᠬᠤᠪᠢ ᠵᠢᠨ ᠬᠡᠭᠡᠷ᠎ᠡ ᠭᠠᠳᠠᠨ᠎ᠠ》᠂ 《ᠭᠡᠷ᠎ᠤᠨ ᠬᠦᠮᠦᠨ᠎ᠤ ᠨᠡᠷ᠎ᠡ᠎ᠪᠠᠷ 》 ᠵᠡᠷᠭᠡ ᠵᠦᠴᠦᠭᠡ ᠵᠢ ᠤᠯᠤᠰ᠎ᠤᠨ ᠳᠣᠲᠣᠨ᠎ᠠ ᠭᠠᠳᠠᠨ᠎ᠠ ᠵᠡᠷᠭᠡ᠎ᠪᠠᠷ ᠨᠡᠪᠲᠡᠷᠡᠭᠦᠯᠵᠦ᠂ ᠳᠤᠮᠳᠠᠳᠤ ᠤᠯᠤᠰ᠎ᠤᠨ ᠵᠦᠴᠦᠭᠡ ᠵᠢᠨ ᠲᠡᠭᠦᠪᠦᠷᠢ᠎ᠨᠢ ᠭᠠᠳᠠᠭ᠋ᠠᠳᠤ᠎ᠳᠤ ᠪᠠᠶ᠋ᠢᠭ᠎ᠠ ᠳᠤᠮᠳᠠᠳᠤ ᠵᠢᠨ ᠬᠥᠮᠥᠨ ᠵᠶ᠋ᠠᠷ ᠨᠤᠲᠤᠭ ᠣᠷᠣᠨ᠎ᠤ ᠬᠡᠷᠡᠭᠯᠡᠭᠴᠢᠳ᠎ᠤᠨ ᠬᠦᠷᠢᠶ᠎ᠡ ᠴᠠᠷᠠᠭ᠎ᠠ ᠵᠢ ᠡᠪᠳᠡᠬᠦ ᠵᠢ ᠢᠳᠡᠪᠬᠢᠲᠡᠶ ᠠᠬᠢᠭᠤᠯᠪᠠ ᠃

   ᠰᠦᠯᠵᠢᠶᠡᠨ᠎ᠤ ᠪᠢᠴᠢᠯ ᠣᠬᠣᠷ ᠵᠦᠴᠦᠭᠡ᠎ᠨᠢ ᠣᠯᠠᠨ ᠤᠯᠤᠰ᠎ᠲᠤ ᠳᠠᠮᠵᠢᠭᠤᠯᠤᠭᠳᠠᠵᠤ᠂ ᠭᠠᠳᠠᠭ᠋ᠠᠳᠤ ᠵᠢᠨ᠎ᠬᠢᠨ᠎ᠢ ᠳᠠᠪᠠᠬᠤ ᠪᠠᠢ᠌ᠳᠠᠯ᠎ᠲᠠᠢ ᠪᠣᠯᠪᠠ᠃ ᠣᠢ᠌ᠷ᠎ᠠ ᠵᠢᠨ ᠵᠢᠯ᠎ᠤᠨ ᠲᠤᠷᠰᠢ ᠣᠯᠠᠨ᠎ᠤ ᠠᠩᠬᠠᠷᠤᠯ᠎ᠢ ᠶᠡᠬᠡᠳᠡ ᠲᠠᠲᠠᠭᠰᠠᠨ ᠨᠢᠭᠡ ᠵᠦᠢ᠍ᠯ᠎ᠤᠨ ᠦᠵᠡᠵᠦ ᠰᠣᠨᠣᠰᠬᠤ ᠳᠠᠮᠵᠢᠭᠤᠯᠭ᠎ᠠ ᠵᠢᠨ ᠬᠡᠯᠪᠡᠷᠢ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠪᠢᠴᠢᠯ ᠣᠬᠣᠷ ᠵᠦᠴᠦᠭᠡ ᠵᠢᠨ ᠡᠬᠢᠯᠡᠯᠲᠡ᠎ᠨᠢ ᠨᠡᠯᠢᠶᠡᠳ ᠡᠷᠲᠡ ᠪᠠᠢ᠌ᠵᠤ᠂ ᠪᠦᠬᠦ ᠪᠥᠮᠪᠥᠷᠴᠡᠭ᠎ᠤᠨ ᠵᠠᠬ᠎ᠠ ᠳᠡᠯᠭᠡᠭᠦᠷ᠎ᠲᠤ ᠤᠷᠢᠳ ᠵᠶ᠋ᠠᠷ ᠬᠥᠭᠵᠢᠬᠦ ᠳᠠᠪᠠᠭᠤᠯᠢᠭ᠎ᠲᠠᠢ᠂ ᠥᠷᠢᠰᠦᠯᠳᠦᠬᠦ ᠬᠦᠴᠦᠨ᠎ᠨᠢ ᠢᠯᠡᠷᠬᠡᠢ ᠪᠠᠢ᠌ᠵᠤ᠂ ᠳᠤᠮᠳᠠᠳᠤ ᠤᠯᠤᠰ᠎ᠤᠨ ᠵᠦᠴᠦᠭᠡ ᠵᠢᠨ ᠣᠯᠠᠨ ᠤᠯᠤᠰ᠎ᠲᠤ ᠳᠠᠮᠵᠢᠭᠤᠯᠤᠭᠳᠠᠬᠤ ᠰᠢᠨ᠎ᠡ ᠵᠠᠬ᠎ᠠ ᠳᠡᠯᠭᠡᠭᠦᠷ ᠪᠣᠯᠪᠠ᠃ ᠹᠸᠩ ᠶᠸ ᠬᠠᠷᠢᠯᠴᠠᠨ ᠬᠥᠳᠡᠯᠦᠯᠴᠡᠬᠦ ReelShort᠂ ᠠᠨ ᠶᠤᠸᠠᠢ  ᠰᠦᠯᠵᠢᠶ᠎ᠡ FlexTV᠂ ᠳ᠋ᠢᠶᠠᠨ ᠵᠦᠩ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ DramaBox᠂ ᠰᠢᠨ ᠶᠤᠸᠠᠢ ᠴᠠᠭ ᠦᠶ᠎ᠡ GoodShort ᠵᠡᠷᠭᠡ ᠲᠠᠪᠴᠠᠩ᠎ᠨᠢ ᠡᠩ ᠲᠡᠷᠢᠭᠦᠨ᠎ᠳᠤ ᠭᠠᠳᠠᠭ᠋ᠠᠳᠤ ᠵᠢᠨ ᠰᠦᠯᠵᠢᠶᠡᠨ᠎ᠳᠤ ᠭᠠᠷᠭ᠋ᠠᠵᠤ᠂ ᠭᠠᠳᠠᠭ᠋ᠠᠳᠤ ᠵᠢᠨ ᠣᠯᠠᠨ ᠵᠠᠬ᠎ᠠ ᠳᠡᠯᠭᠡᠭᠦᠷ ᠳᠡᠭᠡᠷ᠎ᠡ ᠶᠡᠬᠡ ᠬᠡᠮᠵᠢᠶᠡᠨ᠎ᠤ ᠬᠡᠷᠡᠭᠯᠡᠭᠴᠢ ᠣᠯᠵᠤ᠂ ᠨᠢᠳᠦ ᠭᠢᠯᠠᠰᠤᠭᠤᠯᠣᠮ᠎ᠠ ᠪᠠᠢ᠌ᠪᠠ᠃ ᠠᠩᠭ᠍ᠯᠢ ᠵᠢᠨ 《ᠠᠵᠤ ᠠᠬᠤᠢ ᠵᠢᠨ  ᠤᠬᠠᠭ᠋ᠠᠨᠲᠠᠨ》᠎ᠳᠤ 《ReelShort ᠪᠤᠯ ᠳᠤᠮᠳᠠᠳᠤ ᠤᠯᠤᠰ᠎ᠤᠨ ᠠᠮᠸᠷᠢᠺᠠ ᠤᠯᠤᠰ᠎ᠢ ᠡᠷᠬᠡᠰᠢᠶᠡᠵᠦ ᠪᠠᠶ᠋ᠢᠭ᠎ᠠ ᠬᠠᠮᠤᠭ ᠰᠢᠨ᠎ᠡ ᠭᠠᠳᠠᠭ᠋ᠠᠳᠤ᠎ᠳᠤ  ᠭᠠᠷᠭ᠋ᠠᠭᠰᠠᠨ  ᠪᠦᠲᠦᠭᠡᠭᠳᠡᠬᠦᠨ ᠮᠥᠨ 》 ᠭᠡᠵᠡᠢ ᠃ AppMagic ᠵᠢᠨ ᠲᠣᠭ᠎ᠠ ᠪᠠᠷᠢᠮᠲᠠ ᠵᠢᠨ ᠬᠠᠷᠠᠭᠤᠯᠤᠭᠰᠠᠨ  ᠵᠶ᠋ᠠᠷ᠂ ReelShort 2024 ᠣᠨ᠎ᠤ 1 ᠳ᠋ᠦ᠍ᠭᠡᠷ ᠰᠠᠷ᠎ᠠ ᠵᠢᠨ ᠳᠣᠲᠣᠷ᠎ᠠ ᠬᠤᠳᠠᠯᠳᠤᠨ ᠠᠪᠤᠭᠰᠠᠨ ᠣᠷᠣᠯᠭ᠎ᠠ᠎ᠨᠢ ᠠᠩᠬ᠎ᠠ ᠤᠳᠠᠭ᠎ᠠ 1000 ᠲᠦᠮᠡᠨ ᠳ᠋ᠣᠯᠯᠠᠷ᠎ᠠᠴᠠ ᠳᠠᠪᠠᠵᠤ᠂ ᠠᠳᠠᠯᠢ ᠬᠤᠭᠤᠴᠠᠭ᠋ᠠᠨ᠎ᠤ DramaBox ᠪᠠ ShortMax᠎ᠤᠨ ᠲᠤᠰ ᠲᠤᠰ 400 ᠲᠦᠮᠡᠨ ᠳ᠋ᠣᠯᠯᠠᠷ ᠪᠠ 186 ᠲᠦᠮᠡᠨ ᠳ᠋ᠣᠯᠯᠠᠷ ᠪᠠᠢ᠌ᠪᠠ᠃ 2024 ᠣᠨ᠎ᠤ 8 ᠳ᠋ᠤᠭ᠋ᠠᠷ ᠰᠠᠷ᠎ᠠ᠎ᠳᠤ᠂ ReelShort ᠪᠣᠯᠤᠨ DramaBox᠎ᠨᠢ ᠨᠢᠭᠡᠨᠲᠡ 2000 ᠲᠦᠮᠡᠨ ᠳ᠋ᠣᠯᠯᠠᠷ᠎ᠠᠴᠠ ᠳᠠᠪᠠᠭᠰᠠᠨ ᠣᠬᠣᠷ ᠵᠦᠴᠦᠭᠡ ᠵᠢᠨ App ᠪᠣᠯᠵᠤ᠂ ShortMax᠎ᠨᠢ ᠪᠠᠰᠠ 1500 ᠭᠠᠷᠤᠢ ᠲᠦᠮᠡᠨ ᠳ᠋ᠣᠯᠯᠠᠷ᠎ᠲᠤ ᠬᠦᠷᠪᠡ᠃

   ᠭᠤᠷᠪᠠ᠂ ᠵᠡᠷᠭᠡ᠎ᠳᠤ᠎ᠨᠢ ᠤᠬᠠᠭᠤᠯᠵᠤ᠂ ᠵᠠᠬ᠎ᠠ ᠳᠡᠯᠭᠡᠭᠦᠷ᠎ᠢ ᠨᠠᠷᠢᠨ ᠬᠤᠪᠢᠶᠠᠷᠢᠯᠠᠵᠤ᠂ ᠳᠤᠮᠳᠠᠳᠤ ᠤᠯᠤᠰ᠎ᠤᠨ ᠵᠦᠴᠦᠭᠡ ᠵᠢᠨ ᠭᠠᠳᠠᠭ᠋ᠠᠲᠤ᠎ᠳᠤ ᠭᠠᠷᠬᠤ ᠬᠡᠪ ᠵᠠᠭᠪᠤᠷ᠎ᠤᠨ ᠰᠢᠨ᠎ᠡ ᠵᠢ ᠡᠭᠦᠳᠦᠨ ᠲᠠᠰ ᠳᠡᠪᠰᠢᠭᠦᠯᠪᠡ

   ᠤᠷᠢᠳᠴᠢᠯᠠᠨ ᠲᠥᠯᠥᠪᠯᠡᠵᠦ᠂ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠡᠷᠭᠡ᠎ᠪᠠᠷ ᠨᠡᠪᠲᠡᠷᠡᠭᠦᠯᠬᠦ ᠵᠢ ᠪᠡᠶᠡᠯᠡᠭᠦᠯᠪᠡ᠃ ᠣᠯᠠᠨ ᠵᠢᠯ᠎ᠤᠨ ᠬᠤᠷᠠᠮᠳᠤᠭᠤᠯᠭ᠎ᠠ᠎ᠪᠠᠷ ᠳᠤᠮᠳᠠᠳᠤ ᠤᠯᠤᠰ᠎ᠤᠨ ᠵᠦᠴᠦᠭᠡ ᠵᠢᠨ ᠲᠡᠭᠦᠪᠦᠷᠢ᠎ᠨᠢ ᠴᠢᠨᠠᠷ ᠰᠠᠶ᠋ᠢᠲᠠᠶ᠎ᠪᠠᠷ ᠵᠶ᠋ᠠᠨ ᠭᠠᠳᠠᠭ᠋ᠠᠳᠤ ᠵᠢᠨ ᠵᠠᠬ᠎ᠠ ᠳᠡᠯᠭᠡᠭᠦᠷ᠎ᠤᠨ ᠢᠲᠡᠭᠡᠯ᠎ᠢ ᠣᠯᠵᠤ᠂ ᠤᠯᠠᠮ᠎ᠠᠴᠠ ᠤᠯᠠᠮ ᠣᠯᠠᠨ ᠳᠤᠮᠳᠠᠳᠤ ᠤᠯᠤᠰ᠎ᠤᠨ ᠵᠦᠴᠦᠭᠡ ᠵᠢᠨ ᠲᠡᠭᠦᠪᠦᠷᠢ ᠵᠢ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠵᠡᠷᠭᠡ᠎ᠪᠠᠷ ᠨᠡᠪᠲᠡᠷᠡᠭᠦᠯᠵᠦ ᠪᠣᠢ᠃ ᠰᠢᠨ ᠯᠢ᠂ ᠲᠧᠩ ᠰᠢᠶᠦ᠋ᠨ᠂   ᠶᠸᠦ ᠺᠦ᠋᠂ ᠬᠤᠸᠠ ᠼᠧ ᠵᠡᠷᠭᠡ ᠤᠯᠤᠰ᠎ᠤᠨ ᠳᠣᠲᠣᠭ᠋ᠠᠳᠤ ᠵᠢᠨ ᠷᠠᠳᠢᠣ᠋ ᠲᠧᠯᠸᠢᠰ᠎ᠤᠨ ᠦᠵᠡᠵᠦ ᠰᠣᠨᠣᠰᠬᠤ ᠪᠠᠶ᠋ᠢᠭᠤᠯᠤᠮᠵᠢ ᠪᠣᠯᠤᠨ    ᠳ᠋ᠢᠰᠨᠢ᠂ ᠨᠠᠢ ᠹᠸᠢ ᠵᠡᠷᠭᠡ ᠭᠠᠳᠠᠭ᠋ᠠᠳᠤ ᠵᠢᠨ ᠭᠤᠣᠯ ᠵᠠᠭᠤᠴᠢᠯᠠᠭᠤᠷ᠎ᠯᠤᠭ᠎ᠠ ᠭᠦᠨ ᠵᠤᠵᠠᠭ᠋ᠠᠨ ᠬᠠᠮᠲᠤᠷᠠᠯᠴᠠᠭ᠋ᠠᠨ᠎ᠤ ᠬᠠᠷᠢᠴᠠᠭ᠎ᠠ ᠪᠠᠶ᠋ᠢᠭᠤᠯᠵᠤ᠂ 《ᠪᠠᠷᠠᠭ᠋ᠠᠨ ᠪᠣᠷᠤᠭ᠋ᠠᠨ ᠡᠭᠦᠯᠡᠨ᠎ᠤ ᠳᠤᠮᠳᠠ》᠂ 《ᠹᠧᠩ ᠰᠢᠩ》 ᠵᠡᠷᠭᠡ ᠵᠦᠴᠦᠭᠡ ᠵᠢᠨ ᠲᠡᠭᠦᠪᠦᠷᠢ ᠵᠢ ᠦᠢ᠍ᠯᠡᠳᠬᠦ ᠡᠬᠢᠨ᠎ᠤ ᠬᠤᠭᠤᠴᠠᠭ᠋ᠠᠨ᠎ᠳᠤ ᠭᠠᠳᠠᠭ᠋ᠠᠳᠤ ᠵᠢᠨ ᠬᠠᠮᠲᠤᠷᠠᠯᠴᠠᠭ᠋ᠠᠨ᠎ᠤ ᠲᠠᠯ᠎ᠠ᠎ᠲᠠᠢ ᠵᠡᠷᠭᠡ᠎ᠪᠠᠷ ᠨᠡᠪᠲᠡᠷᠡᠭᠦᠯᠬᠦ᠎ᠪᠠᠷ ᠲᠣᠭᠲᠠᠪᠠ᠃ ᠫᠷᠣᠭ᠌ᠷᠠᠮ᠎ᠢ ᠨᠠᠶ᠋ᠢᠷᠠᠭᠤᠯᠵᠤ ᠳᠠᠭᠤᠰᠬᠠᠭᠰᠠᠨ᠎ᠤ ᠳᠠᠷᠠᠭ᠎ᠠ᠂ ᠭᠠᠳᠠᠭ᠋ᠠᠳᠤ ᠵᠢᠨ ᠬᠠᠮᠲᠤᠷᠠᠨ ᠠᠵᠢᠯᠯᠠᠬᠤ ᠲᠠᠯ᠎ᠠ ᠵᠢᠨ᠎ᠬᠢᠨ ᠨᠡᠪᠲᠡᠷᠡᠭᠦᠯᠭᠡ ᠵᠢ ᠤᠷᠢᠳ ᠵᠶ᠋ᠠᠷ ᠲᠣᠬᠢᠷᠠᠭᠤᠯᠬᠤ ᠵᠢᠨ ᠬᠠᠮᠲᠤ ᠤᠯᠤᠰ᠎ᠤᠨ ᠳᠣᠲᠣᠭ᠋ᠠᠳᠤ ᠵᠢᠨ ᠨᠡᠪᠲᠡᠷᠡᠭᠦᠯᠭᠡ᠎ᠳᠤ᠎ᠪᠠᠨ ᠲᠣᠬᠢᠷᠠᠭᠤᠯᠤᠯᠲᠠ ᠬᠢᠵᠦ ᠨᠡᠪᠲᠡᠷᠡᠭᠦᠯᠬᠦ ᠲᠥᠯᠥᠪᠯᠡᠭᠡ᠎ᠪᠠᠨ ᠦᠨᠳᠦᠰᠦᠯᠡᠨ᠂ ᠡᠴᠦᠰ᠎ᠲᠤ᠎ᠪᠠᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠡᠷᠭᠡ᠎ᠪᠠᠷ ᠨᠡᠪᠲᠡᠷᠡᠭᠦᠯᠬᠦ ᠵᠢ ᠪᠡᠶᠡᠯᠡᠭᠦᠯᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ᠎ᠬᠢᠨ᠎ᠤ ᠵᠦᠴᠦᠭᠡ ᠦᠵᠡᠬᠦ 《ᠴᠠᠭ᠎ᠤᠨ ᠵᠥᠷᠢᠶ᠎ᠡ》 ᠵᠢ ᠪᠣᠭᠤᠨᠢᠰᠬᠠᠵᠤ᠂ ᠫᠷᠣᠭ᠌ᠷᠠᠮ᠎ᠤᠨ ᠭᠠᠳᠠᠭ᠋ᠠᠳᠤ᠎ᠳᠤ ᠳᠠᠮᠵᠢᠭᠤᠯᠬᠤ ᠬᠦᠴᠦᠨ᠎ᠲᠠᠢ ᠬᠤᠭᠤᠴᠠᠭ᠎ᠠ ᠵᠢ ᠳᠡᠭᠡᠭᠰᠢᠯᠡᠭᠦᠯᠪᠡ᠃     

      ᠵᠡᠷᠭᠡ᠎ᠪᠠᠷ ᠤᠬᠠᠭᠤᠯᠤᠨ ᠳᠡᠯᠭᠡᠷᠡᠭᠦᠯᠵᠦ᠂ ᠢᠵᠢᠯ ᠳᠠᠪᠲᠠᠮᠵᠢ᠎ᠪᠠᠷ ᠤᠷᠤᠭᠰᠢᠯᠠᠵᠤ᠂ ᠬᠠᠯᠠᠮᠰᠢᠯ᠎ᠤᠨ ᠠᠩᠬᠠᠷᠤᠯ ᠲᠠᠯᠪᠢᠬᠤ ᠬᠡᠮᠵᠢᠶ᠎ᠡ ᠵᠢ ᠶᠡᠭᠡ᠎ᠪᠠᠷ ᠳᠡᠭᠡᠭᠰᠢᠯᠡᠭᠦᠯᠪᠡ᠃ ᠳᠤᠮᠳᠠᠳᠤ ᠤᠯᠤᠰ᠎ᠤᠨ ᠵᠦᠴᠦᠭᠡ ᠵᠢᠨ ᠲᠡᠭᠦᠪᠦᠷᠢ᠎ᠨᠢ ᠭᠠᠳᠠᠭ᠋ᠠᠳᠤ᠎ᠳᠤ ᠤᠯᠠᠮ᠎ᠠᠴᠠ ᠤᠯᠠᠮ ᠬᠦᠷᠢᠶᠡᠯᠡᠯ ᠣᠯᠬᠤ ᠵᠢ ᠳᠠᠭ᠋ᠠᠯᠳᠤᠨ ᠬᠡᠪᠯᠡᠯ ᠬᠤᠯᠠᠭ᠋ᠠᠶ᠋ᠢᠯᠠᠬᠤ ᠦᠵᠡᠭᠳᠡᠯ ᠤᠯᠠᠮ ᠬᠦᠨᠳᠦ ᠨᠣᠴᠢᠲᠠᠢ ᠪᠣᠯᠵᠤ ᠪᠠᠶ᠋ᠢᠨ᠎ᠠ᠃ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ᠎ᠬᠢᠨ ᠵᠡᠷᠭᠡ᠎ᠪᠠᠷ ᠤᠬᠠᠭᠤᠯᠤᠨ ᠳᠡᠯᠭᠡᠷᠡᠭᠦᠯᠵᠦ᠂ ᠢᠵᠢᠯ ᠳᠠᠪᠲᠠᠮᠵᠢ᠎ᠪᠠᠷ ᠤᠷᠤᠭᠰᠢᠯᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠦᠵᠡᠭᠴᠢᠳ ᠢᠳᠡᠪᠬᠢᠲᠡᠶ᠎ᠪᠠᠷ ᠬᠠᠷᠢᠯᠴᠠᠨ ᠬᠥᠳᠡᠯᠦᠯᠴᠡᠵᠦ᠂ ᠫᠷᠤᠭ᠌ᠷᠠᠮ᠎ᠤᠨ ᠬᠠᠯᠠᠮᠰᠢᠯ᠎ᠤᠨ ᠬᠡᠮᠵᠢᠶ᠎ᠡ ᠪᠣᠯᠤᠨ ᠬᠤᠳᠠᠯᠳᠤᠭ᠋ᠠᠨ᠎ᠤ ᠠᠰᠢᠭ ᠣᠯᠵᠠᠪᠤᠷᠢ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠲᠤᠯᠠᠵᠤ᠂ ᠭᠠᠳᠠᠭ᠋ᠠᠳᠤ ᠵᠢᠨ ᠦᠵᠡᠭᠴᠢᠳ᠎ᠤᠨ ᠬᠦᠯᠢᠶᠡᠨ ᠠᠪᠬᠤ ᠬᠡᠷᠡᠭᠴᠡᠭᠡ ᠵᠢ ᠨᠡᠩ ᠰᠠᠶ᠋ᠢᠲᠤᠷ ᠬᠠᠩᠭ᠋ᠠᠵᠤ᠂ ᠤᠯᠠᠨ ᠤᠯᠤᠰ᠎ᠤᠨ ᠳᠠᠮᠵᠢᠭᠤᠯᠭ᠎ᠠ ᠵᠢᠨ ᠦᠷ᠎ᠡ ᠪᠦᠲᠦᠮᠵᠢ ᠵᠢ ᠬᠦᠴᠦᠲᠡᠢ ᠳᠡᠭᠡᠭᠰᠢᠯᠡᠭᠦᠯᠵᠦ ᠪᠠᠢ᠌ᠨ᠎ᠠ᠃ 《ᠰᠢᠨ᠎ᠡ ᠰᠤᠷᠤᠭᠴᠢ》 5 ᠳ᠋ᠤᠭ᠋ᠠᠷ ᠰᠠᠷ᠎ᠠ ᠵᠢᠨ 6᠎ᠤ ᠡᠳᠦᠷ ᠶᠧᠦ ᠺᠦ᠋ ᠵᠢᠴᠢ ᠶᠧᠦ᠎ᠲᠤ ᠰᠤᠪᠠᠭ᠎ᠲᠤ ᠨᠡᠪᠲᠡᠷᠡᠭᠦᠯᠦᠭᠰᠡᠨ᠎ᠤ ᠳᠠᠷᠠᠭ᠎ᠠ᠂ 5 ᠳ᠋ᠤᠭ᠋ᠠᠷ ᠰᠠᠷ᠎ᠠ ᠵᠢᠨ 7᠎ᠤ ᠡᠳᠦᠷ ᠨᠠᠢ ᠹᠧᠢ ᠲᠠᠪᠴᠠᠩ᠎ᠳᠤ     ᠭᠠᠷᠭ᠋ᠠᠵᠤ᠂ ᠵᠠᠯᠭ᠋ᠠᠭ᠎ᠠ᠎ᠪᠠᠷ ᠬᠡᠳᠦᠨ ᠡᠳᠦᠷ ᠲᠠᠢ᠌ᠸᠠᠨ ᠣᠷᠣᠨ᠎ᠤ ᠡᠳᠦᠷ᠎ᠤᠨ ᠵᠢᠭᠰᠠᠭ᠋ᠠᠯ᠎ᠳᠤ ᠭᠠᠷᠴᠤ᠂ ᠣᠯᠠᠨ᠎ᠤ ᠬᠦᠷᠢᠶᠡᠯᠡᠯ᠎ᠢ ᠣᠯᠣᠭᠰᠠᠨ ᠺᠣᠷᠢᠶᠠ ᠵᠦᠴᠦᠭᠡ 《ᠨᠢᠯᠪᠤᠰᠤ ᠠᠰᠬᠠᠷᠠᠭᠤᠯᠤᠭᠰᠠᠨ ᠡᠮᠡᠭᠲᠡᠢ ᠸᠠᠩ》᠎ᠨᠢ ᠠᠽᠢᠶ᠎ᠠ ᠲᠢᠪ᠎ᠤᠨ ᠵᠦᠴᠦᠭᠡ ᠵᠢᠨ ᠲᠡᠭᠦᠪᠦᠷᠢ ᠵᠢᠨ ᠰᠢᠭᠦᠮᠵᠢ ᠰᠦᠯᠵᠢᠶᠡᠨ ᠥᠷᠲᠡᠭᠡ MyDramaList ᠳᠡᠭᠡᠷ᠎ᠡ 8.4 ᠬᠤᠪᠢ ᠵᠢᠨ ᠦᠨᠡᠯᠡᠯᠲᠡ ᠵᠢ ᠣᠯᠣᠭᠰᠠᠨ ᠪᠠᠢ᠌ᠨ᠎ᠠ᠃

   ᠵᠠᠬ᠎ᠠ ᠳᠡᠯᠭᠡᠭᠦᠷ᠎ᠢ ᠨᠠᠷᠢᠨ ᠬᠤᠪᠢᠶᠠᠵᠤ᠂ ᠬᠡᠷᠡᠭᠴᠡᠭᠡ᠎ᠳᠤ ᠣᠢ᠌ᠷᠠᠳᠴᠤ᠂ ᠨᠠᠷᠢᠯᠢᠭ ᠣᠨᠣᠪᠴᠢᠲᠠᠢ᠎ᠪᠠᠷ ᠳᠠᠮᠵᠢᠭᠤᠯᠪᠠ᠃ ᠫᠷᠤᠭ᠌ᠷᠠᠮ᠎ᠤᠨ ᠬᠠᠮᠤᠭ᠎ᠤᠨ ᠶᠡᠭᠡ ᠬᠦᠷᠦᠯᠴᠡᠬᠦᠢ᠌ᠴᠡ ᠨᠤᠷᠮ᠎ᠠ ᠵᠢ ᠪᠠᠲᠤᠯᠠᠵᠤ᠂ ᠬᠠᠮᠤᠭ᠎ᠤᠨ ᠰᠠᠶ᠋ᠢᠨ ᠳᠠᠮᠵᠢᠭᠤᠯᠭ᠎ᠠ ᠵᠢᠨ ᠦᠷ᠎ᠡ ᠪᠦᠲᠦᠮᠵᠢ ᠵᠢ ᠪᠡᠶᠡᠯᠡᠭᠦᠯᠬᠦ ᠵᠢᠨ ᠲᠥᠯᠥᠭᠡ᠂ ᠵᠠᠬ᠎ᠠ ᠳᠡᠯᠭᠡᠭᠦᠷ᠎ᠢ ᠨᠠᠷᠢᠨ ᠬᠤᠪᠢᠶᠠᠵᠤ᠂ ᠵᠠᠬ᠎ᠠ ᠳᠡᠯᠭᠡᠭᠦᠷ᠎ᠤᠨ ᠬᠡᠷᠡᠭᠴᠡᠭᠡ᠎ᠲᠠᠢ ᠣᠶ᠋ᠢᠷᠠᠳᠬᠤ᠎ᠨᠢ ᠨᠡᠶ᠋ᠢᠳᠡᠮ ᠬᠡᠷᠡᠭᠯᠡᠬᠦ ᠠᠷᠭ᠎ᠠ ᠪᠣᠯᠤᠨ᠎ᠠ᠃ 《ᠪᠠᠶᠠᠷᠲᠤ ᠣᠨ 2》᠎ᠨᠢ ᠳ᠋ᠢᠰᠨᠢ ᠰᠢᠶᠠᠩᠭ᠋ᠠᠩ ᠲᠠᠶ᠋ᠢᠸᠠᠨ᠎ᠤ ᠭᠠᠵᠠᠷ ᠣᠷᠣᠨ᠎ᠳᠤ ᠲᠤᠰᠠᠭ᠋ᠠᠷ ᠺᠢᠨᠣ᠋ ᠨᠡᠪᠲᠡᠷᠡᠭᠦᠯᠬᠦ᠎ᠪᠠᠷ ᠡᠷᠬᠡ ᠣᠯᠭᠤᠵᠤ᠂ ᠨᠡᠪᠲᠡᠷᠡᠭᠦᠯᠬᠦ᠎ᠠᠴᠠ ᠡᠮᠦᠨ᠎ᠡ ᠬᠠᠮᠲᠤᠷᠠᠨ ᠣᠯᠠᠨ ᠲᠠᠯᠠᠪᠤᠷ ᠰᠦᠯᠵᠢᠶᠡᠨ ᠭᠠᠳᠠᠨ᠎ᠠ ᠲᠠᠨᠢᠯᠴᠠᠭᠤᠯᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠨᠡᠶ᠋ᠢᠲᠡ ᠵᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ᠂ ᠰᠢᠯᠵᠢᠮᠡᠯ ᠺᠢᠨᠣ᠋ ᠭᠠᠷᠭ᠋ᠠᠬᠤ ᠲᠡᠷᠭᠡ ᠵᠡᠷᠭᠡ ᠵᠠᠷ ᠰᠤᠷᠲᠠᠯᠴᠢᠯᠠᠭ᠎ᠠ᠎ᠲᠠᠢ ᠤᠶᠠᠯᠳᠤᠭᠤᠯᠤᠨ ᠤᠷᠢᠳᠴᠢᠯᠠᠨ ᠨᠡᠪᠲᠡᠷᠡᠭᠦᠯᠵᠦ᠂ ᠢᠳᠡᠪᠬᠢᠲᠡᠢ ᠲᠤᠰᠬᠠᠯ ᠭᠠᠷᠭ᠋ᠠᠪᠠ᠃ 22 ᠳ᠋ᠤᠭ᠋ᠠᠷ ᠤᠳᠠᠭ᠋ᠠᠨ᠎ᠤ ᠲᠠᠶ᠋ᠢᠸᠠᠨ ᠬᠣᠭᠣᠯᠠᠶ ᠵᠢᠨ ᠵᠠᠯᠠᠭᠤᠴᠤᠳ᠎ᠤᠨ ᠶᠠᠷᠢᠯᠴᠠᠭ᠋ᠠᠨ᠎ᠤ ᠲᠠᠪᠴᠠᠩ ᠳᠡᠭᠡᠷ᠎ᠡ᠂ ᠳᠤᠮᠳᠠᠳᠤ ᠤᠯᠤᠰ᠎ᠤᠨ ᠭᠣᠮᠢᠨᠳᠠᠩ ᠨᠠᠮ᠎ᠤᠨ ᠳᠡᠳ᠋ ᠲᠡᠷᠢᠭᠦᠯᠡᠭᠴᠢ ᠯᠢᠶᠠᠨ ᠱᠧᠩ ᠸᠸᠨ ᠬᠡᠯᠡᠬᠦ᠎ᠳᠤ᠎ᠪᠠᠨ᠂ ᠡᠨᠡ ᠤᠳᠠᠭ᠎ᠠ ᠡᠬᠡ ᠬᠠᠭᠤᠷᠠᠶ᠎ᠳᠤ ᠢᠷᠡᠬᠦ᠎ᠠᠴᠠ ᠡᠮᠦᠨ᠎ᠡ᠂ 《ᠪᠠᠶᠠᠷᠲᠤ ᠣᠨ 2》᠎ᠢ ᠦᠵᠡᠵᠦ ᠪᠠᠷᠠᠭ᠋ᠠᠵᠠᠢ᠂ ᠡᠨᠡ ᠵᠦᠴᠦᠭᠡ ᠲᠠᠶ᠋ᠢᠸᠠᠨ᠎ᠤ ᠵᠠᠯᠠᠭᠤᠴᠤᠳ᠎ᠤᠨ ᠳᠤᠮᠳᠠ ᠮᠠᠰᠢ ᠬᠠᠯᠠᠭᠤᠷᠠᠯ᠎ᠲᠠᠢ ᠪᠠᠶ᠋ᠢᠨ᠎ᠠ ᠭᠡᠪᠡ᠂ ᠲᠡᠷᠡ ᠵᠦᠴᠦᠭᠡ᠎ᠳᠠᠬᠢ 《ᠵᠥᠪᠬᠡᠨ ᠥᠪᠡᠷ᠎ᠤᠨ ᠭᠡᠷᠡᠯ ᠭᠢᠯᠪᠠᠭ᠎ᠠ ᠪᠤᠰᠤᠳ᠎ᠤᠨ ᠳᠡᠭᠡᠷ᠎ᠡ ᠲᠤᠰᠴᠣ ᠳᠡᠢ᠌ᠯᠬᠦ ᠦᠭᠡᠢ᠎ᠠᠴᠠ ᠠᠶᠤᠨ᠎ᠠ》 ᠭᠡᠰᠡᠨ ᠦᠭᠡ ᠵᠢ ᠠᠰᠢᠭᠯᠠᠨ ᠣᠯᠠᠨ᠎ᠲᠠᠢ ᠬᠤᠪᠢᠶᠠᠯᠴᠠᠪᠠ᠃ ᠲᠤᠰ ᠵᠦᠴᠦᠭᠡ᠎ᠨᠢ ᠪᠠᠰᠠ 16 ᠳ᠋ᠤᠭ᠋ᠠᠷ ᠬᠤᠭᠤᠴᠠᠭ᠋ᠠᠨ᠎ᠤ ᠲᠠᠶ᠋ᠢᠸᠠᠨ ᠬᠣᠭᠣᠯᠠᠶ ᠵᠢᠨ ᠶᠠᠷᠢᠯᠴᠠᠭ᠋ᠠᠨ᠎ᠤ ᠲᠠᠪᠴᠠᠩ • ᠲᠠᠶ᠋ᠢᠸᠠᠨ ᠬᠣᠭᠣᠯᠠᠶ ᠵᠢᠨ ᠺᠢᠨᠣ᠋ ᠲᠧᠯᠸᠢᠰ᠎ᠤᠨ ᠤᠯᠠᠷᠢᠯ᠎ᠤᠨ 《ᠲᠠᠢ᠌ᠸᠠᠨ᠎ᠤ ᠦᠵᠡᠭᠴᠢᠳ᠎ᠤᠨ ᠬᠠᠢ᠌ᠷ᠎ᠠ ᠵᠢ ᠬᠠᠮᠤᠭ ᠲᠠᠲᠠᠭᠰᠠᠨ ᠡᠬᠡ ᠬᠠᠭᠤᠷᠠᠶ ᠵᠢᠨ ᠲᠧᠯᠧᠢ᠍ᠰ ᠵᠦᠴᠦᠭᠡ ᠵᠢᠨ ᠱᠠᠩᠨᠠᠯ》᠎ᠢ ᠬᠦᠷᠲᠡᠵᠡᠢ᠃ ᠧᠦ᠋ᠷᠣᠫᠠ ᠠᠮᠧᠷᠢᠺᠠ ᠵᠢᠨ ᠭᠠᠵᠠᠷ ᠣᠷᠣᠨ᠎ᠤ ᠬᠠᠮᠤᠭ᠎ᠤᠨ ᠶᠡᠭᠡ ᠪᠦᠷᠬᠦᠴᠡ ᠵᠢ ᠪᠡᠶᠡᠯᠡᠭᠦᠯᠬᠦ ᠵᠢᠨ ᠲᠥᠯᠥᠭᠡ᠂ 《  ᠪᠠᠶᠠᠷᠲᠤ ᠣᠨ 2》᠎ᠢ ᠶᠸᠦ᠎ᠲᠤ᠂ Viki ᠲᠠᠪᠴᠠᠩ ᠵᠶ᠋ᠠᠷ ᠳᠠᠮᠵᠢᠭᠤᠯᠤᠨ ᠨᠡᠪᠲᠡᠷᠡᠭᠦᠯᠵᠦ᠂ ᠬᠤᠶᠠᠷ ᠰᠠᠷ᠎ᠠ ᠵᠢᠨ ᠳᠣᠲᠣᠷ᠎ᠠ ᠶᠸᠦ᠎ᠲᠤ  ᠲᠠᠪᠴᠠᠩ ᠳᠡᠭᠡᠷ᠎ᠡ ᠦᠵᠡᠭᠰᠡᠨ ᠲᠣᠭ᠎ᠠ 780 ᠲᠦᠮᠡᠨ ᠤᠳᠠᠭ᠎ᠠ ᠵᠢ ᠳᠠᠪᠠᠵᠤ᠂ Viki ᠲᠠᠪᠴᠠᠩ ᠳᠡᠭᠡᠷ᠎ᠡ ᠹᠷᠠᠨᠼᠢ ᠬᠡᠯᠡ᠂ ᠭᠧᠷᠮᠠᠨ ᠬᠡᠯᠡ᠂ ᠢᠲ᠋ᠠᠯᠢ ᠬᠡᠯᠡ᠂ ᠫᠤᠯᠠᠨᠳ᠋ ᠬᠡᠯᠡ ᠵᠡᠷᠭᠡ 13 ᠲᠦᠷᠦᠯ᠎ᠤᠨ ᠬᠡᠯᠡ᠎ᠪᠠᠷ ᠣᠷᠴᠢᠭᠤᠯᠵᠤ᠂ ᠨᠡᠪᠲᠡᠷᠡᠭᠦᠯᠦᠭᠰᠡᠨ ᠬᠡᠮᠵᠢᠶ᠎ᠡ ᠵᠢᠨ ᠨᠡᠷᠡᠰ᠎ᠤᠨ ᠵᠢᠭᠰᠠᠭ᠋ᠠᠯᠲᠠ ᠵᠢᠨ ᠡᠮᠦᠨ᠎ᠡ ᠲᠠᠪᠤ᠎ᠳᠤ ᠣᠷᠤᠵᠤ᠂ ᠦᠨᠡᠯᠡᠯᠲᠡ᠎ᠨᠢ 9.7 ᠬᠤᠪᠢ᠎ᠳᠤ ᠬᠦᠷᠪᠡ᠃

 

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠤᠶᠤᠨ᠎ᠤ ᠬᠦᠮᠦᠷᠭᠡ