ᠳᠤᠮᠳᠠᠳᠤ ᠵᠢᠨ ᠦᠨᠳᠦᠰᠦᠲᠡᠨ᠎ᠤ ᠨᠠᠰᠤᠲᠠᠨ ᠵᠶ᠋ᠠᠨ ᠬᠦᠨᠳᠦᠯᠡᠬᠦ᠂ ᠨᠠᠰᠤᠲᠠᠨ ᠵᠶ᠋ᠠᠨ ᠬᠦᠨᠳᠦᠳᠭᠡᠬᠦ᠂ ᠨᠠᠰᠤᠲᠠᠨ ᠵᠶ᠋ᠠᠨ ᠬᠠᠶ᠋ᠢᠷᠠᠯᠠᠬᠤ ᠤᠯᠠᠮᠵᠢᠯᠠᠯᠲᠤ ᠰᠠᠶ᠋ᠢᠬᠠᠨ ᠰᠤᠷᠲᠠᠯ᠎ᠢ ᠪᠠᠳᠠᠷᠠᠭᠤᠯᠵᠤ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠨ ᠺᠠᠳ᠋ᠷᠴᠤᠳ᠎ᠤᠨ ᠤᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠬᠤ ᠵᠢᠨ ᠲᠥᠯᠥᠭᠡ᠂ 10 ᠳ᠋ᠤᠭ᠋ᠠᠷ ᠰᠠᠷ᠎ᠠ ᠵᠢᠨ 11᠎ᠤ ᠡᠳᠦᠷ᠂ ᠮᠠᠨ᠎ᠤ ᠲᠤᠪᠴᠢᠶ᠎ᠠ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠨ ᠺᠠᠳ᠋ᠷᠴᠤᠳ᠎ᠢ ᠵᠣᠬᠢᠶᠠᠨ ᠪᠠᠶ᠋ᠢᠭᠤᠯᠵᠤ ᠬᠥᠬᠡᠬᠤᠲᠠ ᠵᠢᠨ ᠬᠤᠲᠠ ᠵᠢᠨ ᠦᠵᠡᠭᠦᠯᠭᠡ ᠵᠢᠨ ᠲᠥᠪ᠎ᠲᠤ ᠬᠦᠷᠴᠦ 《ᠶᠢᠰᠦᠨ ᠰᠠᠷ᠎ᠠ ᠵᠢᠨ ᠶᠢᠰᠦᠨ᠎ᠤ ᠬᠣᠲᠠ ᠵᠢᠨ ᠥᠩᠭᠡᠷᠡᠭᠰᠡᠨ᠎ᠤ ᠡᠷᠭᠢᠴᠡᠭᠦᠯᠦᠯ • ᠪᠤᠭᠤᠷᠤᠯᠴᠤᠳ᠎ᠤᠨ ᠡᠷᠡᠯᠬᠡᠭᠯᠡᠨ ᠤᠷᠤᠭᠰᠢᠯᠠᠬᠤ ᠬᠦᠴᠦᠨ 》 ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ᠎ᠳᠤ ᠂ ᠤᠯᠠᠨ ᠵᠶ᠋ᠠᠷ ᠵᠶ᠋ᠠᠨ ᠤᠷᠢᠳ ᠬᠤᠵᠢᠳ ᠬᠤᠳᠠ ᠵᠢᠨ ᠲᠡᠦᠬᠡ᠂ ᠬᠤᠳᠠ ᠵᠢᠨ ᠠᠮᠵᠢᠯᠲᠠ ᠪᠦᠲᠦᠮᠵᠢ᠂ ᠬᠤᠳᠠ ᠵᠢᠨ ᠬᠥᠭᠵᠢᠯᠲᠡ᠂ ᠲᠡᠦᠬᠡ ᠰᠣᠶᠣᠯ᠂ ᠲᠣᠭ᠋ᠠᠵᠢᠭᠤᠯᠤᠭᠰᠠᠨ ᠡᠯᠡᠰᠦᠨ ᠳ᠋ᠢᠰᠺ ᠵᠡᠷᠭᠡ ᠦᠵᠡᠭᠦᠯᠭᠡ ᠵᠢᠨ ᠲᠢᠩᠬᠢᠮ᠎ᠢ ᠲᠣᠭᠤᠷᠢᠨ ᠦᠵᠡᠵᠦ᠂ ᠦᠰᠦᠭ ᠪᠢᠴᠢᠭ᠂ ᠭᠡᠷᠡᠯ ᠵᠢᠷᠤᠭ᠂ ᠵᠠᠭᠪᠤᠷ᠂ ᠪᠣᠳᠠᠲᠤ ᠪᠣᠳᠠᠰ ᠪᠣᠯᠣᠨ ᠣᠯᠠᠨ ᠵᠠᠭᠤᠴᠢᠯᠠᠭᠤᠷ᠎ᠤᠨ ᠦᠵᠡᠭᠦᠯᠭᠡ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠬᠥᠬᠡᠬᠤᠲᠠ ᠵᠢᠨ ᠲᠡᠦᠬᠡ ᠵᠢᠨ ᠬᠤᠪᠢᠷᠠᠯᠲᠠ᠂ ᠬᠤᠳᠠ ᠵᠢᠨ ᠣᠳᠣᠬᠢ ᠪᠠᠶ᠋ᠢᠳᠠᠯ ᠪᠣᠯᠣᠨ ᠢᠷᠡᠭᠡᠳᠦᠢ ᠵᠢᠨ ᠬᠥᠭᠵᠢᠯᠲᠡ ᠵᠢᠨ ᠲᠥᠯᠥᠪᠵᠢᠭᠦᠯᠭᠡ ᠵᠢ ᠪᠦᠬᠦ ᠲᠠᠯ᠎ᠠ᠎ᠪᠠᠷ᠂ ᠤᠯᠠᠨ ᠬᠠᠷᠠᠭ᠋ᠠᠰᠤ᠎ᠠᠴᠠ ᠭᠦᠨᠵᠡᠭᠡᠢ ᠣᠶ᠋ᠢᠯᠠᠭ᠋ᠠᠪᠠ᠃ ᠠᠵᠢᠯᠯᠠᠭ᠎ᠠ᠎ᠳᠤ ᠣᠷᠣᠯᠴᠠᠭᠰᠠᠨ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠨ ᠺᠠᠳ᠋ᠷᠴᠤᠳ ᠥᠪᠡᠷ᠎ᠤᠨ ᠣᠷᠣᠯᠴᠠᠵᠤ ᠥᠩᠭᠡᠷᠡᠭᠰᠡᠨ ᠪᠠ ᠭᠡᠷᠡᠴᠢᠯᠡᠭᠳᠡᠭᠰᠡᠨ ᠬᠤᠲᠠ ᠵᠢᠨ ᠬᠥᠭᠵᠢᠯᠲᠡ ᠵᠢᠨ ᠥᠩᠭᠡᠷᠡᠯᠲᠡ᠎ᠪᠠᠨ ᠮᠠᠰᠢ ᠭᠦᠨᠵᠡᠭᠡᠢ ᠡᠷᠭᠢᠴᠡᠭᠦᠯᠪᠡ᠃
ᠲᠣᠭᠤᠷᠢᠨ ᠦᠵᠡᠵᠦ ᠳᠠᠭᠤᠰᠤᠭᠰᠠᠨ᠎ᠤ ᠳᠠᠷᠠᠭ᠎ᠠ᠂ ᠠᠬᠠᠮᠠᠳ ᠨᠥᠬᠦᠳ᠎ᠤᠳ ᠲᠣᠰ ᠤᠳᠠᠭ᠋ᠠᠨ᠎ᠤ ᠠᠵᠢᠯᠯᠠᠭ᠎ᠠ᠎ᠨᠢ ᠲᠡᠳᠡᠨ᠎ᠤ ᠥᠪᠡᠷ᠎ᠤᠨ ᠰᠠᠭᠤᠭ᠎ᠠ ᠬᠤᠲᠠ ᠵᠢᠨ ᠬᠤᠪᠢᠷᠠᠯᠲᠠ᠂ ᠬᠥᠭᠵᠢᠯᠲᠡ ᠵᠢᠨ ᠲᠤᠬᠠᠶ ᠲᠠᠨᠢᠯᠲᠠ᠎ᠪᠠᠨ ᠭᠦᠨᠵᠡᠭᠡᠶ᠋ᠢᠷᠡᠭᠦᠯᠵᠦ᠂ ᠲᠡᠳᠡᠨ᠎ᠤ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢ ᠦᠷᠭᠦᠯᠵᠢᠯᠡᠨ ᠬᠠᠯᠠᠮᠵᠢᠯᠠᠨ ᠳᠡᠮᠵᠢᠬᠦ ᠬᠠᠯᠠᠭᠤᠨ ᠰᠡᠳᠬᠢᠯᠭᠡ ᠵᠢ ᠨᠠᠩ ᠬᠥᠭᠵᠢᠭᠡᠪᠡ᠂ ᠲᠡᠳᠡ ᠢᠮᠠᠭᠲᠠ ᠨᠠᠮ᠎ᠤᠨ ᠭᠡᠰᠢᠭᠦᠨ ᠭᠡᠳᠡᠭ ᠵᠶ᠋ᠡᠨ ᠪᠠᠲᠤ ᠴᠡᠭᠡᠵᠢᠯᠡᠵᠦ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠬᠤᠪᠢᠰᠬᠠᠯ᠎ᠤᠨ ᠭᠧᠨ᠎ᠢ ᠤᠯᠠᠮᠵᠢᠯᠠᠬᠤ᠂ ᠡᠷᠡᠯᠬᠡᠭᠯᠡᠨ ᠤᠷᠤᠭᠰᠢᠯᠠᠬᠤ ᠬᠦᠴᠦᠨ᠎ᠢ ᠨᠢᠭᠲᠠᠷᠠᠭᠤᠯᠬᠤ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠨ᠎ᠡ ᠭᠡᠵᠦ ᠰᠠᠨᠠᠯ ᠨᠢᠭᠡᠲᠡᠢ ᠦᠵᠡᠵᠡᠭᠡᠪᠡ᠃
(ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ)