ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠤᠨᠤᠯ ᠰᠤᠷᠤᠯᠴᠠᠬᠤ ᠭᠤᠣᠯ ᠳᠤᠭᠤᠶ᠋ᠢᠯᠠᠩ᠎ᠤᠨ 11 ᠳ᠋ᠦ᠍ᠭᠡᠷ ᠤᠳᠠᠭ᠋ᠠᠨ᠎ᠤ (ᠥᠷᠭᠡᠳᠬᠡᠭᠰᠡᠨ) ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
2024-10-23



  10 ᠳ᠋ᠤᠭ᠋ᠠᠷ ᠰᠠᠷ᠎ᠠ ᠵᠢᠨ 23᠎ᠤ ᠡᠳᠦᠷ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ 11 ᠳ᠋ᠦ᠍ᠭᠡᠷ ᠤᠳᠠᠭ᠋ᠠᠨ᠎ᠤ (ᠥᠷᠭᠡᠳᠬᠡᠭᠰᠡᠨ) ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠤᠳᠬ᠎ᠠ ᠤᠷᠠᠯᠢᠭ᠎ᠤᠨ ᠠᠵᠢᠯ᠎ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠶ ᠴᠢᠬᠤᠯᠠ ᠵᠢᠭ᠋ᠠᠪᠤᠷᠢ᠂ ᠶᠡᠷᠦᠩᠬᠡᠶ ᠱᠦᠵᠢ ᠰᠢ ᠵᠢᠨ ᠫᠢᠩ᠎ᠤᠨ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠪᠠᠷᠢᠮᠲᠠᠯᠠᠬᠤ ᠲᠤᠬᠠᠶ ᠴᠢᠬᠤᠯᠠ ᠥᠭᠦᠯᠡᠯᠲᠡ᠂ ᠶᠡᠷᠦᠩᠬᠡᠶ ᠱᠦᠵᠢ ᠰᠢ ᠵᠢᠨ ᠫᠢᠩ᠎ᠤᠨ ᠨᠡᠶ᠋ᠢᠭᠡᠮ ᠵᠢᠷᠤᠮ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠲᠤᠬᠠᠶ ᠴᠢᠬᠤᠯᠠ ᠥᠭᠦᠯᠡᠯᠲᠡ ᠵᠢ ᠤᠯᠠᠮᠵᠢᠯᠠᠨ ᠰᠤᠷᠤᠯᠴᠠᠪᠠ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠪᠠᠶ᠋ᠢᠭᠤᠯᠭ᠎ᠠ ᠵᠢᠨ ᠡᠯ᠎ᠡ ᠭᠠᠵᠠᠷ ᠬᠡᠷ᠂ ᠲᠣᠪᠴᠢᠶ᠎ᠠ ᠵᠢᠨ ᠬᠠᠷᠢᠶ᠎ᠠ ᠡᠯ᠎ᠡ ᠨᠢᠭᠡᠴᠢ ᠵᠢᠨ ᠭᠤᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃

   ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠪᠣᠳᠠᠲᠠᠢ ᠠᠵᠢᠯ᠎ᠤᠨ ᠳᠤᠮᠳᠠ᠎ᠪᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠢ᠃ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠦᠨ᠂ ᠰᠡᠳᠦᠪ ᠰᠣᠩᠭᠤᠨ ᠲᠥᠰᠦᠪᠯᠡᠬᠦ᠂ ᠫᠷᠤᠭ᠌ᠷᠠᠮ᠎ᠤᠨ ᠲᠥᠷᠥᠯ ᠵᠦᠢ᠍ᠯ᠎ᠢ ᠨᠥᠭᠡᠴᠡᠯᠡᠬᠦ ᠪᠠ ᠲᠥᠷᠥ ᠵᠢᠨ ᠪᠣᠳᠣᠯᠭ᠎ᠠ ᠵᠢᠨ ᠲᠡᠳᠬᠦᠮᠵᠢ ᠵᠢ ᠴᠢᠩᠭ᠋ᠠᠳᠬᠠᠵᠤ᠂ ᠷᠠᠳᠢᠣ᠋ ᠲᠧᠯᠸᠢᠰ᠎ᠤᠨ ᠰᠣᠳᠣᠨ ᠪᠦᠲᠦᠭᠡᠯ ᠭᠠᠷᠭ᠋ᠠᠬᠤ ᠲᠥᠷᠥᠯ ᠵᠦᠢ᠍ᠯ᠎ᠢ ᠬᠡᠷᠡᠭᠵᠢᠭᠦᠯᠦᠨ᠂ ᠦᠵᠡᠯ ᠰᠠᠨᠠᠭ᠎ᠠ᠎ᠨᠢ ᠭᠦᠨᠵᠡᠭᠡᠶ᠂ ᠤᠷᠠᠯᠢᠭ᠎ᠨᠢ ᠨᠠᠷᠢᠯᠢᠭ᠂ ᠵᠣᠬᠢᠶᠠᠨ ᠪᠦᠲᠦᠭᠡᠯᠭᠡ᠎ᠨᠢ ᠨᠠᠷᠢᠯᠢᠭ ᠰᠠᠶ᠋ᠢᠬᠠᠨ ᠷᠠᠳᠢᠣ᠋ ᠲᠧᠯᠸᠢᠰ᠎ᠤᠨ ᠦᠵᠡᠵᠦ ᠰᠣᠨᠣᠰᠬᠤ ᠪᠦᠲᠦᠭᠡᠯ᠎ᠢ ᠨᠠᠩ ᠣᠯᠠᠨ ᠭᠠᠷᠭ᠋ᠠᠬᠤ ᠬᠡᠷᠡᠭᠲᠡᠶ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠭᠦᠨᠵᠡᠭᠡᠶ᠋ᠢᠷᠡᠭᠦᠯᠵᠦ᠂ ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠷᠠᠭᠤᠯᠵᠤ ᠂ ᠬᠡᠷᠡᠭ ᠵᠶ᠋ᠠᠷ ᠰᠤᠷᠤᠯᠴᠠᠯᠭ᠎ᠠ ᠪᠠ  ᠵᠠᠰᠠᠯᠲᠠ ᠵᠢ  ᠠᠬᠢᠭᠤᠯᠬᠤ ᠵᠢ ᠰᠠᠶ᠋ᠢᠲᠤᠷ ᠠᠳᠬᠤᠵᠤ᠂ ᠨᠠᠮ᠎ᠤᠨ ᠰᠠᠬᠢᠯᠭ᠎ᠠ ᠪᠠᠲᠤ ᠵᠢᠨ ᠬᠥᠮᠦᠵᠢᠯ᠎ᠢ ᠪᠠᠶ᠋ᠢᠩᠭᠤᠵᠢᠭᠤᠯᠬᠤ᠂ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠠᠶ᠋ᠢᠯᠭ᠋ᠠᠬᠤ ᠵᠢ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠦᠷᠭᠦᠯᠵᠢᠲᠡ  ᠰᠠᠬᠢᠯᠭ᠎ᠠ ᠪᠠᠲᠤ ᠵᠢ ᠰᠤᠷᠤᠯᠴᠠᠬᠤ  ᠰᠠᠬᠢᠯᠭ᠎ᠠ ᠪᠠᠲᠤ ᠵᠢ ᠮᠡᠳᠡᠬᠦ ᠰᠠᠬᠢᠯᠭ᠎ᠠ ᠪᠠᠲᠤ ᠵᠢ ᠣᠢ᠌ᠯᠠᠭ᠋ᠠᠬᠤ  ᠰᠠᠬᠢᠯᠭ᠎ᠠ ᠪᠠᠲᠤ ᠵᠢ  ᠰᠠᠬᠢᠬᠤ ᠵᠢ ᠬᠦᠲᠦᠯᠦᠨ ᠵᠢᠯᠤᠭᠤᠳᠬᠤ ᠬᠡᠷᠡᠭᠲᠡᠢ᠃  ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠡᠷᠡᠰ ᠭᠤᠶ᠋ᠢᠪᠢᠰᠢ ᠦᠭᠡᠢ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ ᠤᠯᠤᠰ᠎ᠤᠨ ᠠᠮᠤᠷ ᠲᠦᠪᠰᠢᠨ᠎ᠤ ᠤᠬᠠᠮᠰᠠᠷ᠎ᠤᠨ ᠬᠥᠮᠦᠵᠢᠯ᠎ᠢ ᠴᠢᠩᠭ᠋ᠠᠳᠬᠠᠵᠤ᠂ ᠠᠮᠤᠷ ᠲᠦᠪᠰᠢᠨ᠎ᠤ  ᠲᠦᠭᠰᠢᠭᠦᠷᠢ ᠵᠢ ᠰᠡᠷᠭᠡᠶ᠋ᠢᠯᠡᠬᠦ ᠪᠠ ᠡᠰᠡᠷᠭᠦᠴᠡᠬᠦ ᠴᠢᠳᠠᠪᠤᠷᠢ᠎ᠪᠠᠨ ᠳᠡᠭᠡᠭᠰᠢᠯᠡᠭᠦᠯᠵᠦ ᠂ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠤᠯᠤᠰ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠦᠨᠡᠨ ᠬᠦ᠌ ᠪᠠᠬᠢᠵᠢᠭᠦᠯᠬᠦ ᠬᠡᠷᠡᠭᠲᠡᠢ᠃ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠳᠠᠪᠠᠭᠤᠯᠢᠭ᠎ᠢ ᠪᠠᠳᠠᠷᠠᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠰᠠᠶ᠋ᠢᠲᠤᠷ ᠤᠬᠠᠭᠤᠯᠵᠤ᠂ ᠥᠪᠥᠷ ᠮᠣᠩᠭᠤᠯ᠎ᠤᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠠᠮᠢᠳᠤᠯᠢᠭ ᠦᠢ᠍ᠯᠡᠳᠦᠯᠭᠡ ᠵᠢ ᠰᠠᠶ᠋ᠢᠲᠤᠷ ᠲᠣᠳᠣᠷᠬᠠᠶ᠋ᠢᠯᠠᠨ ᠥᠭᠦᠯᠡᠵᠦ᠂ ᠪᠣᠬᠢᠷᠲᠤᠯ ᠦᠭᠡᠢ  ᠳᠣᠣᠷ᠎ᠠ  ᠨᠡᠭᠦᠷᠡᠰᠦᠲᠥ᠋ᠷᠥᠭᠴᠢᠲᠦ  ᠬᠡᠷᠡᠭᠯᠡᠭᠡ ᠵᠢᠨ ᠣᠶ᠋ᠢᠯᠠᠭ᠋ᠠᠭᠳᠠᠬᠤᠨ ᠪᠠ ᠡᠷᠡᠭᠦᠯ ᠪᠣᠯᠪᠠᠰᠤᠨ ᠠᠮᠢᠳᠤᠷᠠᠯ᠎ᠤᠨ ᠠᠷᠭ᠎ᠠ ᠬᠡᠯᠪᠡᠷᠢ ᠵᠢ ᠰᠠᠨᠠᠭ᠋ᠠᠴᠢᠯᠠᠵᠤ᠂ ᠠᠮᠢ ᠠᠬᠤᠢ ᠵᠢᠨ ᠪᠣᠯᠪᠠᠰᠤᠨ᠎ᠢ ᠡᠷᠬᠢᠮᠯᠡᠬᠦ ᠰᠠᠶ᠋ᠢᠨ ᠰᠠᠶ᠋ᠢᠬᠠᠨ ᠬᠡᠪ ᠰᠤᠷᠲᠠᠯ᠎ᠢ ᠪᠤᠢ ᠪᠣᠯᠭ᠋ᠠᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ