9 ᠳ᠋ᠦ᠍ᠭᠡᠷ ᠰᠠᠷ᠎ᠠ ᠵᠢᠨ 29᠎ᠤ ᠡᠳᠦᠷ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ 10 ᠳ᠋ᠤᠭ᠋ᠠᠷ ᠤᠳᠠᠭ᠋ᠠᠨ᠎ᠤ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠤᠯᠠᠮᠵᠢᠯᠠᠨ ᠰᠤᠷᠤᠯᠴᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ ᠵᠢᠨ ᠲᠣᠭᠤᠷᠢᠨ᠎ᠳᠤ ᠲᠤᠰᠬᠠᠶ ᠰᠡᠳᠦᠪ ᠵᠶ᠋ᠡᠷ ᠰᠤᠳᠤᠯᠤᠨ ᠶᠠᠷᠢᠯᠴᠠᠪᠠ᠃ ᠲᠣᠭᠤᠷᠢᠨ ᠰᠣᠨᠣᠰᠴᠤ ᠰᠤᠯᠠ ᠰᠣᠨᠣᠰᠬᠤ ᠳᠤᠭᠤᠶ᠋ᠢᠯᠠᠩ᠎ᠤᠨ 4 ᠬᠥᠮᠦᠨ ᠬᠤᠷᠠᠯ᠎ᠳᠤ ᠣᠷᠣᠯᠴᠠᠵᠤ ᠵᠢᠭ᠋ᠠᠨ ᠵᠢᠯᠣᠭᠤᠳᠪᠠ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠶᠡᠷᠦᠩᠬᠡᠶ ᠢᠨᠵᠧᠨᠧᠷ᠂ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ᠂ ᠲᠣᠪᠴᠢᠶ᠎ᠠ ᠵᠢᠨ ᠬᠠᠷᠢᠶ᠎ᠠ ᠡᠯ᠎ᠡ ᠨᠢᠭᠡᠴᠢ ᠵᠢᠨ ᠭᠤᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃
ᠲᠣᠭᠤᠷᠢᠨ ᠰᠣᠨᠣᠰᠴᠤ ᠰᠤᠯᠠ ᠰᠣᠨᠣᠰᠬᠤ ᠳᠤᠭᠤᠶ᠋ᠢᠯᠠᠩ᠎ᠠᠴᠠ ᠭᠤᠣᠯ ᠳᠤᠭᠤᠶ᠋ᠢᠯᠠᠩ᠎ᠤᠨ ᠰᠤᠷᠤᠯᠴᠠᠯᠭ᠎ᠠ ᠵᠢ ᠦᠨᠡᠯᠡᠵᠦ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠲᠡᠷᠢᠭᠦᠨ ᠴᠢᠬᠤᠯᠠ ᠡᠭᠦᠷᠭᠡ ᠵᠢ ᠡᠵᠡᠮᠳᠡᠵᠦ᠂ ᠵᠢᠱ᠌ᠢᠶ᠎ᠡ ᠦᠵᠡᠭᠦᠯᠦᠨ ᠬᠦᠳᠦᠯᠦᠨ ᠳᠠᠭ᠋ᠠᠭᠤᠯᠬᠤ ᠠᠵᠢᠯ᠎ᠢ ᠰᠠᠶ᠋ᠢᠲᠤᠷ ᠬᠢᠵᠦ᠂ ᠰᠤᠷᠤᠯᠴᠠᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠤᠨᠤᠯ᠎ᠤᠨ ᠰᠤᠷᠤᠯᠴᠠᠯᠭ᠎ᠠ ᠪᠣᠯᠤᠨ ᠭᠦᠨᠵᠡᠭᠡᠢ ᠪᠣᠳᠣᠯᠬᠢᠯᠠᠯ᠎ᠢ ᠤᠶᠠᠯᠳᠤᠭᠤᠯᠵᠤ᠂ ᠰᠤᠳᠤᠯᠤᠨ ᠶᠠᠷᠢᠯᠴᠠᠵᠤ ᠰᠣᠯᠢᠯᠴᠠᠬᠤ ᠪᠠ ᠠᠵᠢᠯ ᠵᠶ᠋ᠠᠨ ᠠᠬᠢᠭᠤᠯᠬᠤ ᠵᠢ ᠤᠶᠠᠯᠳᠤᠭᠤᠯᠵᠤ᠂ ᠪᠠᠶ᠋ᠢᠴᠠᠭ᠋ᠠᠨ ᠰᠤᠳᠤᠯᠤᠯᠲᠠ ᠬᠢᠬᠦ ᠪᠠ ᠠᠰᠠᠭᠤᠳᠠᠯ᠎ᠢ ᠰᠢᠢ᠍ᠳᠪᠦᠷᠢᠯᠡᠬᠦ ᠵᠢ ᠤᠶᠠᠯᠳᠤᠭᠤᠯᠵᠤ᠂ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠴᠢᠨᠠᠷ ᠰᠠᠶ᠋ᠢᠲᠠᠢ ᠬᠥᠭᠵᠢᠯᠲᠡ᠎ᠪᠠᠷ ᠶᠡᠷᠦᠩᠬᠡᠢ ᠱᠦᠵᠢ ᠰᠢ ᠵᠢᠨ ᠫᠢᠩ᠎ᠤᠨ ᠲᠤᠰᠢᠶᠠᠭᠰᠠᠨ ᠬᠤᠶᠠᠷ ᠶᠡᠭᠡ ᠶᠠᠪᠤᠳᠠᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠦᠬᠦ ᠬᠦᠴᠦᠨ ᠵᠶ᠋ᠠᠷ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ ᠪᠣᠯᠤᠨ ᠦᠨᠳᠦᠰᠦᠲᠡᠨ᠎ᠤ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠣᠯ ᠱᠤᠭᠤᠮ᠎ᠤᠨ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ ᠪᠣᠯᠤᠨ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠱᠠᠭ᠋ᠠᠷᠳᠠᠯᠭ᠎ᠠ᠎ᠲᠠᠢ ᠦᠨᠡᠨ ᠬᠦ᠌ ᠨᠢᠭᠡᠳᠬᠡᠵᠦ᠂ ᠨᠠᠮ᠎ᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠵᠢᠨ ᠪᠤᠳᠤᠯᠭ᠎ᠠ ᠵᠢᠨ ᠬᠥᠮᠦᠵᠢᠯ᠎ᠢ ᠴᠢᠩᠭ᠋ᠠᠳᠬᠠᠵᠤ᠂ 《ᠵᠢᠷᠭᠤᠭ᠋ᠠᠨ ᠦᠭᠦᠯᠡᠪᠦᠷᠢ ᠵᠢᠨ ᠪᠣᠳᠠᠲᠤ ᠶᠠᠪᠤᠳᠠᠯ ᠪᠠ ᠶᠣᠰᠣ》 ᠵᠢ ᠲᠣᠳᠣᠷᠬᠠᠢ ᠶᠠᠷᠢᠵᠤ᠂ ᠦᠨᠡᠨ ᠬᠦ᠌ ᠲᠦᠷᠦᠭᠳᠡᠯ᠎ᠲᠠᠢ ᠪᠦᠲᠦᠮᠵᠢᠲᠡᠢ ᠪᠠᠶ᠋ᠢᠬᠤ ᠳᠡᠭᠡᠷ᠎ᠡ ᠨᠡᠩ ᠶᠡᠭᠡ ᠬᠦᠴᠦ ᠣᠷᠣᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠲᠤᠮᠰᠢᠭ ᠵᠶ᠋ᠠᠨ ᠬᠠᠮᠲᠤᠳᠬᠠᠬᠤ᠂ ᠦᠬᠦᠯ ᠰᠡᠬᠡᠯ ᠵᠶ᠋ᠡᠨ ᠬᠠᠮᠲᠤᠳᠬᠠᠬᠤ ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )