11 ᠳ᠋ᠦ᠍ᠭᠡᠷ ᠰᠠᠷ᠎ᠠ ᠵᠢᠨ 4᠎ᠤ ᠡᠳᠦᠷ᠂ ᠳᠠᠮᠵᠢᠭᠤᠯᠤᠨ ᠰᠠᠴᠤᠷᠠᠭᠤᠯᠬᠤ ᠲᠥᠪ᠎ᠤᠨ ᠨᠠᠮ᠎ᠤᠨ ᠶᠠᠪᠤᠳᠠᠯ᠂ ᠵᠠᠰᠠᠭ᠎ᠤᠨ ᠶᠠᠪᠤᠳᠠᠯ᠎ᠤᠨ ᠶᠡᠷᠦᠩᠬᠡᠶ᠋ᠢᠯᠡᠭᠰᠡᠨ ᠪᠣᠯᠪᠠᠰᠤᠷᠠᠯ᠎ᠤᠨ ᠠᠩᠭᠢ ᠥᠪᠥᠷ ᠮᠣᠩᠭᠤᠯ᠎ᠤᠨ ᠠᠤᠬᠠᠨ᠎ᠤ ᠺᠠᠳ᠋ᠷ᠎ᠤᠨ ᠳᠡᠭᠡᠳᠦ ᠰᠤᠷᠭ᠋ᠠᠭᠤᠯᠢ᠎ᠳᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠭᠤᠯᠵᠤ ᠂ ᠲᠥᠪ ᠵᠢᠴᠢ 13 ᠬᠤᠪᠢᠶᠠᠷᠢ ᠪᠠᠶ᠋ᠢᠭᠤᠯᠤᠮᠵᠢ ᠵᠢᠨ ᠨᠡᠶ᠋ᠢᠲᠡ 41 ᠨᠠᠮ᠎ᠤᠨ ᠭᠡᠰᠢᠭᠦᠨ ᠺᠠᠳ᠋ᠷ ᠪᠣᠯᠪᠠᠰᠤᠷᠠᠯ᠎ᠳᠤ ᠣᠷᠣᠯᠴᠠᠪᠠ᠃

ᠲᠣᠰ ᠤᠳᠠᠭ᠋ᠠᠨ᠎ᠤ ᠪᠣᠯᠪᠠᠰᠤᠷᠠᠯ᠎ᠤᠨ ᠠᠩᠭᠢ᠎ᠨᠢ 《ᠨᠠᠮᠴᠢ ᠴᠢᠨᠠᠷ᠎ᠢ ᠴᠢᠩᠭ᠋ᠠᠳᠬᠠᠬᠤ᠂ ᠬᠡᠪ ᠴᠢᠨᠠᠷ᠎ᠢ ᠳᠡᠭᠡᠭᠰᠢᠯᠡᠭᠦᠯᠬᠦ᠂ ᠬᠥᠭᠵᠢᠯᠲᠡ ᠵᠢ ᠠᠬᠢᠭᠤᠯᠬᠤ》᠎ᠪᠠᠷ ᠭᠤᠤᠯ ᠰᠡᠳᠦᠪ ᠪᠣᠯᠭ᠋ᠠᠵᠤ᠂ ᠨᠠᠮ᠎ᠤᠨ ᠶᠠᠪᠤᠳᠠᠯ ᠵᠠᠰᠠᠭ᠎ᠤᠨ ᠶᠠᠪᠤᠳᠠᠯ᠎ᠤᠨ ᠠᠭᠤᠰᠤᠯᠴᠠᠨ ᠬᠥᠭᠵᠢᠬᠦ ᠵᠢ ᠪᠥᠬᠦ ᠲᠠᠯ᠎ᠠ᠎ᠪᠠᠷ ᠠᠬᠢᠭᠤᠯᠵᠤ᠂ ᠺᠠᠳ᠋ᠷ᠎ᠤᠨ ᠡᠩᠨᠡᠭᠡ ᠵᠢᠨ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠂ ᠬᠠᠮ ᠴᠢᠳᠠᠪᠤᠷᠢᠲᠠᠨ᠎ᠢ ᠬᠥᠮᠦᠵᠢᠭᠦᠯᠪᠡ᠃ 5 ᠡᠳᠦᠷ᠎ᠤᠨ ᠬᠤᠭᠤᠴᠠᠭ᠎ᠠ᠎ᠲᠠᠢ ᠪᠣᠯᠪᠠᠰᠤᠷᠠᠯ ᠳᠤᠮᠳᠠ᠂ ᠲᠤᠰᠬᠠᠶ ᠰᠡᠳᠦᠪᠲᠦ ᠲᠠᠶ᠋ᠢᠯᠤᠮᠵᠢ᠂ ᠸᠢᠳᠢᠣ᠋ ᠵᠢᠭ᠋ᠠᠨ ᠰᠤᠷᠭ᠋ᠠᠯᠲᠠ᠂ ᠲᠤᠬᠠᠶ ᠵᠢᠨ ᠲᠠᠯᠠᠪᠤᠷ᠎ᠲᠤ ᠲᠣᠭᠤᠷᠢᠨ ᠦᠵᠡᠬᠦ᠂ ᠬᠠᠷᠢᠯᠴᠠᠨ ᠪᠡᠶᠡᠴᠢᠯᠡᠨ ᠣᠢ᠌ᠯᠠᠭ᠋ᠠᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠰᠢᠰᠲ᠋ᠧᠮ᠎ᠲᠠᠢ ᠵᠢᠭ᠋ᠠᠨ ᠰᠤᠷᠭ᠋ᠠᠯᠲᠠ ᠬᠢᠵᠦ᠂ ᠦᠢ᠍ᠯᠡᠳᠦᠯᠭᠡ ᠵᠢᠨ ᠳᠤᠮᠳᠠ ᠴᠢᠳᠠᠪᠤᠷᠢ ᠵᠢ ᠪᠣᠯᠪᠠᠰᠤᠷᠠᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ ᠵᠢ᠎ᠨᠢ ᠦᠨᠡᠨ ᠬᠦ᠌ ᠴᠢᠩᠭ᠋ᠠᠳᠬᠠᠪᠠ ᠃
( ᠳᠠᠮᠵᠢᠭᠤᠯᠤᠨ ᠰᠠᠴᠤᠷᠠᠭᠤᠯᠬᠤ ᠲᠥᠪ)