11 ᠳ᠋ᠦ᠍ᠭᠡᠷ ᠰᠠᠷ᠎ᠠ ᠵᠢᠨ 11᠎ᠤ ᠡᠳᠦᠷ᠂ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠶ᠋ᠢᠯᠠᠩ 12 ᠳ᠋ᠤᠭ᠋ᠠᠷ ᠤᠳᠠᠭ᠋ᠠᠨ᠎ᠤ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠬᠤᠷᠢᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠠᠷᠪᠠᠨ ᠳᠣᠯᠣᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠮᠤᠵᠢ ᠶᠠᠮᠤᠨ᠎ᠤ ᠲᠡᠰ᠎ᠤᠨ ᠭᠤᠣᠯ ᠤᠳᠤᠷᠢᠳᠬᠤ ᠺᠠᠳ᠋ᠷ᠎ᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢᠴᠢ 《ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠨᠠᠮ᠎ᠤᠨ ᠬᠤᠷᠢᠶ᠎ᠠ)᠎ᠤᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》᠎ᠢ ᠤᠯᠠᠮᠵᠢᠯᠠᠨ ᠰᠤᠷᠤᠯᠴᠠᠪᠠ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠪᠠᠶ᠋ᠢᠭᠤᠯᠭ᠎ᠠ ᠵᠢᠨ ᠡᠯ᠎ᠡ ᠭᠠᠵᠠᠷ ᠬᠡᠷ᠂ ᠲᠣᠪᠴᠢᠶ᠎ᠠ ᠵᠢᠨ ᠬᠠᠷᠢᠶ᠎ᠠ ᠡᠯ᠎ᠡ ᠠᠵᠢᠯ ᠦᠢ᠍ᠯᠡᠰ᠎ᠤᠨ ᠨᠢᠭᠡᠴᠢ ᠵᠢᠨ ᠭᠤᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃
ᠬᠤᠷᠠᠯ᠎ᠠᠴᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠨᠠᠮ᠎ᠤᠨ ᠲᠥᠪ ᠬᠤᠷᠢᠶᠠᠨ᠎ᠤ ᠥᠭᠡᠷᠡᠴᠢᠯᠡᠯᠲᠡ ᠵᠢ ᠤᠯᠠᠮ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠡᠩ ᠪᠦᠬᠦ ᠲᠠᠯ᠎ᠠ᠎ᠪᠠᠷ ᠣᠨᠣᠪᠴᠢᠲᠠᠢ ᠣᠶ᠋ᠢᠯᠠᠭ᠋ᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠠᠶ᠋ᠢᠭ᠋ᠠᠳ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠬᠦᠷᠢᠶᠡᠨ᠎ᠳᠤ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠵᠤ᠂ ᠯᠠᠪᠳᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠬᠤ ᠬᠡᠷᠡᠭᠲᠡᠢ᠃ ᠨᠢᠭᠡ᠎ᠳᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠥᠭᠡᠷᠡᠴᠢᠯᠡᠯᠲᠡ ᠵᠢᠨ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠮᠠᠨ᠎ᠤ ᠲᠣᠪᠴᠢᠶᠠᠨ᠎ᠤ 《ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠬᠤ ᠲᠤᠬᠠᠢ ᠠᠵᠢᠯ᠎ᠤᠨ ᠲᠥᠰᠥᠯ》᠎ᠢ ᠨᠠᠷᠢᠨ ᠨᠢᠮᠪᠠᠢ ᠨᠠᠶ᠋ᠢᠳᠠᠪᠤᠷᠢᠵᠢᠭᠤᠯᠵᠤ᠂ ᠦᠨᠡᠨ ᠬᠦ᠌ ᠪᠦᠲᠦᠮᠵᠢᠲᠡᠢ ᠪᠠᠶ᠋ᠢᠯᠭ᠋ᠠᠬᠤ ᠵᠢ ᠪᠠᠲᠤᠯᠠᠬᠤ ᠬᠡᠷᠡᠭᠲᠡᠢ᠃ ᠬᠤᠶᠠᠷ᠎ᠲᠤ᠂ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ ᠵᠢᠨ ᠪᠠᠶ᠋ᠢᠷᠢ ᠲᠣᠭᠲᠠᠭ᠋ᠠᠯᠲᠠ᠎ᠪᠠᠨ ᠲᠣᠳᠣᠷᠬᠠᠶ᠋ᠢᠯᠠᠵᠤ᠂ ᠬᠠᠷᠢᠭᠤᠴᠠᠯᠭ᠎ᠠ ᠵᠢᠨ ᠲᠦᠷᠢᠮ ᠭᠡᠬᠦ ᠡᠨᠡ ᠬᠦ᠌ ᠵᠠᠩᠭᠢᠯᠠᠭ᠎ᠠ ᠵᠢ ᠠᠳᠬᠤᠵᠤ᠂ ᠴᠢᠨᠠᠷ ᠰᠠᠶ᠋ᠢᠲᠠᠢ ᠵᠢᠱ᠌ᠢᠶᠡᠴᠢ ᠪᠠᠶ᠋ᠢᠭᠤᠯᠭ᠎ᠠ ᠵᠢ ᠡᠭᠦᠳᠦᠨ ᠪᠠᠶ᠋ᠢᠭᠤᠯᠤᠭᠰᠠᠨ ᠦᠷ᠎ᠡ ᠪᠦᠲᠦᠮᠵᠢ᠎ᠪᠠᠷ ᠥᠪᠡᠷᠲᠡᠭᠡᠨ ᠵᠠᠰᠠᠬᠤ ᠣᠷᠣᠨ᠎ᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠷᠠᠳᠢᠣ᠋ ᠲᠧᠯᠸᠢᠰ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃ ᠭᠤᠷᠪᠠ᠎ᠳᠤ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠤᠷᠤᠰᠬᠠᠯ᠎ᠤᠨ ᠶᠠᠷᠢᠶ᠎ᠠ ᠬᠡᠯᠡᠯᠴᠡᠭᠡ ᠵᠢ ᠪᠠᠬᠢᠵᠢᠭᠦᠯᠦᠨ ᠪᠤᠵᠠᠭ᠋ᠠᠶ᠋ᠢᠷᠠᠭᠤᠯᠬᠤ ᠲᠠᠯ᠎ᠠ᠎ᠪᠠᠷ ᠰᠢᠨ᠎ᠡ ᠭᠡᠷᠡᠯ ᠭᠢᠯᠪᠠᠭ᠎ᠠ ᠭᠠᠷᠭ᠋ᠠᠵᠤ᠂ ᠰᠣᠳᠣᠨ ᠪᠦᠲᠦᠭᠡᠯ ᠵᠣᠬᠢᠶᠠᠨ ᠪᠦᠲᠦᠭᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠪᠦᠬᠦ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠲᠣᠭᠲᠠᠯᠴᠠᠭ᠋ᠠᠨ᠎ᠤ ᠪᠠᠶ᠋ᠢᠭᠤᠯᠤᠯᠲᠠ᠂ ᠤᠶᠤᠨᠲᠤ ᠷᠠᠳᠢᠣ᠋ ᠲᠧᠯᠸᠢᠰ᠎ᠤᠨ ᠬᠢᠯᠢ ᠬᠢᠵᠠᠭ᠋ᠠᠷ᠎ᠢ ᠪᠠᠬᠢᠵᠢᠭᠦᠯᠬᠦ ᠢᠨᠵᠧᠨᠧᠷᠢᠩ᠎ᠢ ᠠᠬᠢᠭᠤᠯᠵᠤ᠂ ᠠᠵᠢᠯ ᠲᠦᠷᠦᠯ᠎ᠤᠨ ᠵᠠᠰᠠᠯᠲᠠ ᠵᠢ ᠴᠢᠩᠭ᠋ᠠᠷᠠᠭᠤᠯᠵᠤ ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠪᠣᠯᠤᠨ ᠷᠠᠳᠢᠣ᠋ ᠲᠧᠯᠸᠢᠰ᠎ᠤᠨ ᠦᠵᠡᠵᠦ ᠰᠣᠨᠣᠰᠬᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠲᠦᠷᠪᠡ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠰᠡᠷᠡᠮᠵᠢᠯᠡᠭᠦᠯᠬᠦ ᠬᠥᠮᠦᠵᠢᠯ᠎ᠢ ᠰᠠᠶ᠋ᠢᠲᠤᠷ ᠬᠢᠵᠦ᠂ ᠣᠷᠣᠰᠢᠵᠤ ᠪᠠᠶ᠋ᠢᠭ᠎ᠠ ᠪᠠᠭᠤᠷᠠᠢ ᠭᠤᠭᠴᠤᠭ᠎ᠠ ᠵᠢ ᠨᠠᠷᠢᠨ ᠬᠢᠨᠠᠮᠠᠭ᠋ᠠᠢ ᠡᠮᠬᠢᠯᠡᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠤᠨ ᠱᠠᠭ᠋ᠠᠷᠳᠠᠯᠭ᠎ᠠ ᠪᠣᠯᠤᠨ ᠬᠠᠷᠢᠭᠤᠴᠠᠯᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )