ᠳᠠᠮᠵᠢᠭᠤᠯᠤᠨ ᠰᠠᠴᠤᠷᠠᠭᠤᠯᠬᠤ ᠲᠥᠪ᠎ᠤᠨ ᠨᠠᠮ᠎ᠤᠨ ᠶᠡᠷᠦᠩᠬᠡᠢ ᠡᠭᠦᠷ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠡᠳᠦᠪᠲᠦ ᠨᠠᠮ᠎ᠤᠨ ᠡᠳᠦᠷᠯᠢᠭ᠎ᠢ ᠥᠷᠨᠢᠭᠦᠯᠪᠡ
2024-12-12



  12 ᠳ᠋ᠤᠭ᠋ᠠᠷ ᠰᠠᠷ᠎ᠠ ᠵᠢᠨ 12᠎ᠤᠨ ᠡᠳᠦᠷ᠂ ᠳᠠᠮᠵᠢᠭᠤᠯᠤᠨ ᠰᠠᠴᠤᠷᠠᠭᠤᠯᠬᠤ  ᠲᠥᠪ᠎ᠤᠨ ᠨᠠᠮ᠎ᠤᠨ ᠶᠡᠷᠦᠩᠬᠡᠶ ᠡᠭᠦᠷ᠎ᠠᠴᠠ ᠬᠥᠬᠡᠬᠤᠲᠠ᠎ᠳᠤ ᠰᠠᠭᠤᠭ᠎ᠠ ᠰᠠᠯᠪᠤᠷᠢ ᠪᠠᠶ᠋ᠢᠭᠤᠯᠤᠮᠵᠢ ᠵᠢᠨ ᠨᠠᠮ᠎ᠤᠨ ᠡᠭᠦᠷ᠎ᠤᠨ ᠨᠠᠮ᠎ᠤᠨ ᠭᠡᠰᠢᠭᠦᠨ᠎ᠤ ᠲᠥᠯᠥᠭᠡᠯᠡᠭᠴᠢ᠂ ᠠᠷᠠᠳᠴᠢᠯᠠᠭᠰᠠᠨ ᠨᠠᠮ ᠪᠦᠯᠦᠭ᠎ᠤᠨ ᠬᠥᠮᠦᠰ ᠪᠠ ᠨᠠᠮ᠎ᠤᠨ ᠭᠠᠳᠠᠨᠠᠬᠢ ᠰᠡᠬᠡᠭᠡᠲᠡᠨ ᠨᠡᠶ᠋ᠢᠲᠡ 65 ᠬᠥᠮᠦᠨ ᠪᠠᠶ᠋ᠢᠵᠤ᠂ ᠥᠪᠥᠷ ᠮᠣᠩᠭᠤᠯ᠎ᠤᠨ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ᠎ᠳᠤ ᠬᠦᠷᠴᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ ᠦᠢ᠍ᠯᠡᠳᠦᠯᠭᠡ ᠵᠢᠨ ᠣᠷᠳᠣᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠣᠨᠲ᠎ᠤᠨ ᠲᠡᠦᠬᠡ ᠵᠢᠨ ᠥᠪᠥᠷ ᠮᠣᠩᠭᠤᠯ᠎ᠤᠨ ᠦᠵᠡᠭᠦᠯᠭᠡ ᠵᠢᠨ ᠣᠷᠳᠣᠨ ᠵᠶ᠋ᠠᠷ ᠲᠣᠭᠤᠷᠢᠨ ᠦᠵᠡᠪᠡ᠃


W020241212589872781209.jpg


   ᠲᠣᠭᠤᠷᠢᠨ ᠦᠵᠡᠬᠦ᠎ᠪᠠᠷ ᠳᠠᠮᠵᠢᠨ᠂ ᠤᠯᠠᠨ ᠵᠶ᠋ᠠᠷ ᠵᠶ᠋ᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠣᠨᠲ᠎ᠤᠨ ᠲᠡᠦᠬᠡ᠂ ᠨᠢᠭᠡᠳᠦᠮᠡᠯ ᠹᠷᠣᠨᠲ᠎ᠤᠨ ᠥᠪᠥᠷ ᠮᠣᠩᠭᠤᠯ᠎ᠳᠠᠬᠢ ᠪᠣᠳᠠᠲᠠᠢ ᠦᠢ᠍ᠯᠡᠳᠦᠯᠭᠡ ᠪᠣᠯᠤᠨ ᠰᠢᠨ᠎ᠡ ᠴᠠᠭ ᠦᠶ᠎ᠡ ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠣᠯᠤᠭᠰᠠᠨ ᠠᠮᠵᠢᠯᠲᠠ ᠵᠢ  ᠭᠦᠨᠵᠡᠭᠡᠢ   ᠣᠶ᠋ᠢᠯᠠᠭ᠋ᠠᠵᠤ᠂ 《ᠲᠦᠷᠪᠡᠨ ᠬᠠᠮᠲᠤ》 ᠵᠢᠨ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ ᠪᠣᠯᠤᠨ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ ᠵᠢᠨ ᠴᠢᠬᠤᠯᠠ ᠠᠴᠢ ᠬᠤᠯᠪᠣᠭᠳᠠᠯ᠎ᠢ ᠣᠶ᠋ᠢᠯᠠᠭ᠋ᠠᠪᠠ᠃

   ᠤᠯᠠᠨ ᠵᠶ᠋ᠠᠷ ᠵᠶ᠋ᠠᠨ᠂ ᠨᠢᠭᠡᠳᠦᠮᠡᠯ ᠹᠷᠣᠨᠲ᠎ᠤᠨ ᠬᠥᠭᠵᠢᠯᠲᠡ ᠵᠢᠨ ᠲᠡᠦᠬᠡᠨ ᠶᠠᠪᠤᠴᠠ᠎ᠳᠠᠬᠢ ᠤᠶᠤᠨ ᠤᠬᠠᠭ᠋ᠠᠨ ᠪᠠ ᠬᠦᠴᠦᠨ ᠴᠢᠳᠠᠯ᠎ᠢ ᠭᠦᠨᠵᠡᠭᠡᠢ ᠰᠢᠩᠭᠡᠭᠡᠨ ᠠᠪᠴᠤ᠂ ᠰᠢᠯᠢᠳᠡᠭ ᠤᠯᠠᠮᠵᠢᠯᠠᠯ᠎ᠢ ᠵᠠᠯᠭ᠋ᠠᠮᠵᠢᠯᠠᠵᠤ᠂ ᠬᠤᠪᠢᠰᠬᠠᠯ᠎ᠤᠨ ᠠᠮᠢᠨ ᠰᠤᠳᠠᠰᠤ ᠵᠢ ᠵᠠᠯᠭ᠋ᠠᠮᠵᠢᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠨᠢᠭᠡᠳᠦᠮᠡᠯ ᠹᠷᠣᠨᠲ᠎ᠤᠨ ᠠᠵᠢᠯ᠎ᠤᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠦᠷᠭᠦᠯᠵᠢᠯᠡᠨ ᠠᠬᠢᠭᠤᠯᠤᠨ᠎ᠠ ᠭᠡᠵᠦ ᠢᠯᠡᠳᠬᠡᠵᠡᠭᠡᠪᠡ᠃

(ᠳᠠᠮᠵᠢᠭᠤᠯᠤᠨ  ᠰᠠᠴᠤᠷᠠᠭᠤᠯᠬᠤ ᠲᠥᠪ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ