《ᠬᠤᠣᠰ ᠨᠡᠷ᠎ᠡ ᠮᠡᠳᠡᠭᠦᠯᠦᠯᠲᠡ ᠂ ᠬᠤᠣᠰ ᠦᠢ᠍ᠯᠡᠴᠢᠯᠡᠭᠡ᠂ ᠬᠤᠣᠰ ᠮᠡᠳᠡᠭᠦᠯᠦᠯᠲᠡ》 ᠵᠢᠨ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ 《ᠨᠠᠮ᠎ᠤᠨ ᠠᠴᠢ ᠵᠢ ᠮᠡᠳᠡᠷᠡᠬᠦ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ》 ᠤᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠵᠢᠨ ᠲᠤᠰᠠᠳᠠ ᠂ 12 ᠳ᠋ᠤᠭ᠋ᠠᠷ ᠰᠠᠷ᠎ᠠ ᠵᠢᠨ 12᠎ᠤᠨ ᠡᠳᠦᠷ᠂ ᠪᠢᠴᠢᠯ ᠳᠣᠯᠭᠢᠶᠠᠨ᠎ᠤ ᠳᠠᠮᠵᠢᠭᠤᠯᠭ᠎ᠠ ᠵᠢᠨ ᠶᠡᠷᠦᠩᠬᠡᠢ ᠦᠷᠳᠡᠭᠡᠨ᠎ᠤ ᠨᠠᠮ᠎ᠤᠨ ᠶᠡᠷᠦᠩᠬᠡᠢ ᠡᠭᠦᠷ᠎ᠤᠨ᠎ᠬᠢᠨ ᠯᠢ ᠴᠧᠩ ᠨᠡᠶ᠋ᠢᠭᠡᠮ ᠲᠣᠭᠤᠷᠢᠭ᠎ᠤᠨ ᠨᠠᠮ᠎ᠤᠨ ᠡᠭᠦᠷ᠎ᠲᠠᠢ ᠬᠠᠮᠲᠤᠷᠠᠨ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ᠂ ᠨᠡᠶ᠋ᠢᠭᠡᠮ ᠲᠣᠭᠤᠷᠢᠭ᠎ᠤᠨ ᠠᠷᠠᠳ᠎ᠤᠨ ᠠᠮᠢᠳᠤᠷᠠᠯ᠎ᠢ ᠬᠦᠴᠦᠷᠬᠡᠭᠵᠢᠭᠦᠯᠬᠦ᠎ᠳᠤ ᠬᠦᠴᠦᠨ ᠨᠡᠮᠡᠷᠢᠯᠡᠨ᠎ᠡ》 ᠭᠡᠬᠦ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
ᠯᠢ ᠴᠧᠩ ᠨᠡᠶ᠋ᠢᠭᠡᠮ ᠲᠣᠭᠤᠷᠢᠭ᠎ᠲᠤ᠂ ᠨᠡᠶ᠋ᠢᠭᠡᠮ ᠲᠣᠭᠤᠷᠢᠭ᠎ᠤᠨ ᠠᠵᠢᠯᠲᠠᠳ᠎ᠠᠴᠠ ᠯᠢ ᠴᠧᠩ ᠨᠡᠶ᠋ᠢᠭᠡᠮ ᠲᠣᠭᠤᠷᠢᠭ᠎ᠤᠨ ᠦᠨᠳᠦᠰᠦᠨ ᠪᠠᠶ᠋ᠢᠳᠠᠯ᠂ ᠦᠨᠳᠦᠰᠦᠨ ᠱᠠᠲᠤᠨ᠎ᠤ ᠵᠠᠰᠠᠯᠲᠠ ᠵᠢᠨ ᠠᠵᠢᠯ᠎ᠤᠨ ᠬᠦᠨᠳᠦ ᠬᠦᠴᠢᠷᠳᠡᠯ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠢᠯᠠᠰ ᠴᠡᠭ ᠵᠡᠷᠭᠡ ᠪᠠᠶ᠋ᠢᠳᠠᠯ᠎ᠢ ᠨᠠᠷᠢᠨ ᠲᠠᠨᠢᠯᠴᠠᠭᠤᠯᠪᠠ᠃ ᠪᠢᠴᠢᠯ ᠳᠣᠯᠭᠢᠶᠠᠨ᠎ᠤ ᠳᠠᠮᠵᠢᠭᠤᠯᠭ᠎ᠠ ᠵᠢᠨ ᠶᠡᠷᠦᠩᠬᠡᠢ ᠥᠷᠲᠡᠭᠡᠨ᠎ᠤ ᠨᠠᠮ᠎ᠤᠨ ᠶᠡᠷᠦᠩᠬᠡᠢ ᠡᠭᠦᠷ᠎ᠨᠢ ᠯᠢ ᠴᠧᠩ ᠨᠡᠶ᠋ᠢᠭᠡᠮ ᠲᠣᠭᠤᠷᠢᠭ᠎ᠤᠨ ᠨᠠᠮ᠎ᠤᠨ ᠡᠭᠦᠷ᠎ᠲᠠᠢ ᠨᠡᠶ᠋ᠢᠭᠡᠮ ᠲᠣᠭᠤᠷᠢᠭ᠎ᠤᠨ ᠬᠡᠷᠡᠭᠴᠡᠭᠡ᠂ ᠨᠡᠶ᠋ᠢᠭᠡᠮ ᠲᠣᠭᠤᠷᠢᠭ᠎ᠤᠨ ᠡᠬᠢ ᠪᠠᠶᠠᠯᠢᠭ ᠪᠣᠯᠣᠨ 《 ᠬᠤᠣᠰ ᠨᠡᠷ᠎ᠡ ᠮᠡᠳᠡᠭᠦᠯᠦᠯᠲᠡ᠂ ᠬᠤᠣᠰ ᠦᠢ᠍ᠯᠡᠴᠢᠯᠡᠭᠡ᠂ ᠬᠤᠣᠰ ᠮᠡᠳᠡᠭᠦᠯᠦᠯᠲᠡ 》 ᠵᠢᠨ ᠠᠵᠢᠯ ᠵᠡᠷᠭᠡ ᠵᠢᠨ ᠲᠣᠭᠤᠷᠢᠨ᠎ᠳᠤ ᠭᠦᠨᠵᠡᠭᠡᠢ ᠨᠡᠪᠲᠡᠷᠡᠯᠴᠡᠬᠦ ᠵᠢᠨ ᠬᠠᠮᠲᠤ ᠬᠤᠶ᠋ᠢᠰᠢᠳᠠ ᠵᠢᠨ ᠤᠯᠠᠨ ᠲᠦᠮᠡᠨ᠎ᠳᠤ ᠬᠡᠷᠬᠢᠨ ᠨᠡᠩ ᠰᠠᠶ᠋ᠢᠨ ᠦᠢ᠍ᠯᠡᠴᠢᠯᠡᠬᠦ᠂ ᠠᠷᠠᠳ᠎ᠤᠨ ᠠᠮᠢᠳᠤᠷᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠰᠤᠳᠤᠯᠤᠨ ᠶᠠᠷᠢᠯᠴᠠᠪᠠ᠃ ᠪᠢᠴᠢᠯ ᠳᠣᠯᠭᠢᠶᠠᠨ᠎ᠤ ᠳᠠᠮᠵᠢᠭᠤᠯᠭ᠎ᠠ ᠵᠢᠨ ᠶᠡᠷᠦᠩᠬᠡᠶ ᠥᠷᠲᠡᠭᠡ ᠠᠮᠤ ᠪᠤᠳᠠᠭ᠎ᠠ ᠭᠤᠯᠢᠷ ᠲᠣᠰᠣ ᠵᠡᠷᠭᠡ ᠠᠮᠢᠳᠤᠷᠠᠯ᠎ᠤᠨ ᠡᠳ᠋ ᠪᠣᠳᠠᠰ ᠬᠠᠨᠳᠢᠪᠯᠠᠵᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠨᠡᠶ᠋ᠢᠭᠡᠮ ᠲᠣᠭᠤᠷᠢᠭ᠎ᠤᠨ ᠬᠦᠴᠢᠷᠳᠡᠯᠲᠡᠶ ᠣᠯᠠᠨ ᠲᠦᠮᠡᠨ᠎ᠢ ᠲᠣᠬᠤᠨᠢᠭᠤᠯᠬᠤ᠎ᠳᠤ ᠬᠡᠷᠡᠭᠯᠡᠵᠦ᠂ ᠷᠠᠳᠢᠣ᠋᠂ ᠰᠠᠭᠰᠤᠨ ᠪᠥᠮᠪᠦᠭᠡ ᠵᠡᠷᠭᠡ ᠰᠣᠶᠣᠯ ᠪᠡᠶ᠎ᠡ ᠵᠢᠨ ᠲᠠᠮᠢᠷ᠎ᠤᠨ ᠬᠡᠷᠡᠭᠰᠡᠯ ᠬᠠᠨᠳᠢᠪᠯᠠᠵᠤ᠂ ᠣᠯᠠᠨ ᠲᠦᠮᠡᠨ᠎ᠤ 《ᠥᠴᠦᠬᠡᠨ ᠬᠦᠰᠡᠯ》᠎ᠢ᠎ᠨᠢ ᠬᠠᠪᠰᠤᠷᠤᠨ ᠪᠡᠶᠡᠯᠡᠭᠦᠯᠪᠡ ᠃
ᠳᠠᠷᠠᠭ᠋ᠠᠴᠢ ᠵᠢᠨ ᠠᠯᠬᠤᠮ᠎ᠳᠤ᠂ ᠪᠢᠴᠢᠯ ᠳᠣᠯᠭᠢᠶᠠᠨ᠎ᠤ ᠳᠠᠮᠵᠢᠭᠤᠯᠭ᠎ᠠ ᠵᠢᠨ ᠶᠡᠷᠦᠩᠬᠡᠢ ᠦᠷᠳᠡᠭᠡ᠎ᠨᠢ ᠠᠵᠢᠯ᠎ᠤᠨ ᠪᠣᠳᠠᠲᠤ ᠪᠠᠶ᠋ᠢᠳᠠᠯ᠎ᠳᠤ᠎ᠪᠠᠨ ᠰᠠᠭᠤᠷᠢᠯᠠᠵᠤ᠂ ᠨᠡᠶ᠋ᠢᠭᠡᠮ ᠲᠣᠭᠤᠷᠢᠭ᠎ᠤᠨ ᠤᠯᠠᠨ ᠲᠦᠮᠡᠨ᠎ᠤ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠵᠤ᠂ ᠦᠢ᠍ᠯᠡᠴᠢᠯᠡᠭᠡᠨ᠎ᠤ ᠲᠣᠭᠲᠠᠴᠠ ᠵᠢ ᠭᠦᠨᠵᠡᠭᠡᠶ᠋ᠢᠷᠡᠭᠦᠯᠵᠦ᠂ ᠨᠠᠮ᠎ᠤᠨ ᠭᠡᠰᠢᠭᠦᠨ᠎ᠤ ᠤᠯᠠᠨ ᠲᠦᠮᠡᠨ᠎ᠳᠤ ᠦᠢ᠍ᠯᠡᠴᠢᠯᠡᠬᠦ ᠢᠳᠡᠪᠬᠢᠵᠢᠯ᠎ᠢ ᠭᠦᠢ᠍ᠴᠡᠳ ᠳᠠᠶ᠋ᠢᠴᠢᠯᠠᠵᠤ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠵᠦ᠂ ᠬᠠᠶ᠋ᠢᠷ᠎ᠠ ᠬᠠᠯᠠᠮᠵᠢ ᠵᠢ ᠤᠯᠠᠨ ᠲᠦᠮᠡᠨ᠎ᠤ ᠰᠡᠳᠬᠢᠯ᠎ᠳᠤ ᠬᠦᠷᠭᠡᠨ᠎ᠡ᠃
(ᠪᠢᠴᠢᠯ ᠳᠣᠯᠭᠢᠶᠠᠨ᠎ᠤ ᠳᠠᠮᠵᠢᠭᠤᠯᠭ᠎ᠠ ᠵᠢᠨ ᠶᠡᠷᠦᠩᠬᠡᠢ ᠥᠷᠲᠡᠭᠡ)