12 ᠳ᠋ᠤᠭ᠋ᠠᠷ ᠰᠠᠷ᠎ᠠ ᠵᠢᠨ 27᠎ᠤ ᠡᠳᠦᠷ᠂ ᠮᠠᠨ᠎ᠤ ᠲᠣᠪᠴᠢᠶ᠎ᠠ 2024 ᠣᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠳ ᠂ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠶᠡᠷᠦᠩᠬᠡᠶ ᠢᠨᠵᠧᠨᠧᠷ᠂ ᠪᠠᠶ᠋ᠢᠭᠤᠯᠭ᠎ᠠ ᠵᠢᠨ ᠠᠯᠪᠠᠲᠠᠨ᠂ ᠠᠵᠢᠯ ᠦᠢ᠍ᠯᠡᠰ᠎ᠤᠨ ᠨᠢᠭᠡᠴᠢ ᠵᠢᠨ ᠤᠳᠤᠷᠢᠳᠬᠤ ᠪᠠᠭ᠎ᠤᠨ ᠭᠡᠰᠢᠭᠦᠨ ᠵᠢᠴᠢ ᠳᠠᠮᠵᠢᠭᠤᠯᠤᠨ ᠰᠠᠴᠤᠷᠠᠭᠤᠯᠬᠤ ᠲᠥᠪ᠎ᠤᠨ ᠡᠯ᠎ᠡ ᠬᠤᠪᠢᠶᠠᠷᠢ ᠰᠠᠯᠪᠤᠷᠢ ᠪᠠᠶ᠋ᠢᠭᠤᠯᠤᠮᠵᠢ ᠵᠢᠨ ᠤᠳᠤᠷᠢᠳᠬᠤ ᠪᠠᠭ᠎ᠤᠨ ᠭᠡᠰᠢᠭᠦᠳ ᠬᠤᠷᠠᠯ᠎ᠳᠤ ᠣᠷᠣᠯᠴᠠᠪᠠ᠃
ᠬᠤᠷᠠᠯ ᠳᠡᠭᠡᠷ᠎ᠡ᠂ 16 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠲᠤᠰᠢᠶᠠᠯ᠎ᠤᠨ ᠮᠡᠳᠡᠭᠦᠯᠦᠯᠲᠡ ᠬᠢᠵᠦ᠂ ᠵᠠᠩ ᠢ ᠮᠢᠨ ᠨᠢᠭᠡᠳ ᠨᠢᠭᠡ᠎ᠪᠠᠷ ᠦᠨᠡᠯᠡᠯᠲᠡ ᠬᠢᠵᠦ᠂ ᠠᠮᠵᠢᠯᠲᠠ ᠵᠢ᠎ᠨᠢ ᠨᠤᠲᠠᠯᠠᠵᠤ᠂ ᠠᠰᠠᠭᠤᠳᠠᠯ᠎ᠢ᠎ᠨᠢ ᠵᠢᠭ᠋ᠠᠵᠤ ᠭᠠᠷᠭ᠋ᠠᠭᠰᠠᠨ ᠪᠥᠭᠡᠳ ᠲᠣᠪᠴᠢᠶᠠᠨ᠎ᠤ ᠰᠢᠰᠲ᠋ᠧᠮ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠲᠣᠳᠣᠷᠬᠠᠶ ᠱᠠᠭ᠋ᠠᠷᠳᠠᠯᠭ᠎ᠠ ᠳᠤᠷᠠᠳᠪᠠ᠃
ᠬᠤᠷᠠᠯ᠎ᠠᠴᠠ ᠂ ᠡᠨᠡ ᠵᠢᠯ᠎ᠠᠴᠠ ᠨᠠᠭ᠋ᠠᠰᠢ ᠲᠣᠪᠴᠢᠶᠠᠨ᠎ᠤ ᠰᠢᠰᠲ᠋ᠧᠮ᠎ᠤᠨ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠮ᠎ᠤᠨ ᠪᠠᠶ᠋ᠢᠭᠤᠯᠤᠯᠲᠠ ᠵᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠡᠳᠬᠡᠨ ᠰᠦᠭ ᠰᠦᠨᠡᠰᠦ᠎ᠪᠠᠨ ᠱᠤᠭᠤᠬᠤ ᠵᠢ ᠴᠥᠬᠦᠷᠡᠰᠢ ᠦᠭᠡᠢ ᠪᠠᠷᠢᠮᠲᠠᠯᠠᠵᠤ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠨᠠᠮ᠎ᠤᠨ ᠪᠠᠶ᠋ᠢᠭᠤᠯᠤᠯᠲᠠ᠎ᠪᠠᠷ ᠭᠤᠣᠯ ᠤᠷᠤᠰᠬᠠᠯ᠎ᠤᠨ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ ᠵᠢ ᠪᠤᠵᠠᠭ᠋ᠠᠶ᠋ᠢᠷᠠᠭᠤᠯᠵᠤ᠂ ᠷᠠᠳᠢᠣ᠋ ᠲᠧᠯᠸᠢᠰ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠦᠷ᠎ᠡ ᠪᠦᠲᠦᠮᠵᠢ ᠮᠡᠳᠡᠭᠳᠡᠮ᠎ᠡ ᠪᠠᠶ᠋ᠢᠵᠤ᠂ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭᠲᠦ ᠵᠢᠨ ᠪᠠᠶ᠋ᠢᠭᠤᠯᠤᠯᠲᠠ ᠦᠷᠭᠦᠯᠵᠢᠯᠡᠨ ᠬᠦᠴᠦᠲᠡᠢ ᠪᠠᠶ᠋ᠢᠵᠤ᠂ ᠡᠯ᠎ᠡ ᠵᠦᠢ᠍ᠯ᠎ᠤᠨ ᠴᠢᠬᠤᠯᠠ ᠠᠮᠤᠷ ᠲᠦᠪᠰᠢᠨ ᠨᠡᠪᠲᠡᠷᠡᠭᠦᠯᠭᠡ ᠵᠢᠨ ᠪᠠᠲᠤᠯᠠᠭ᠎ᠠ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ ᠂ ᠲᠣᠪᠴᠢᠶᠠᠨ᠎ᠤ ᠰᠢᠰᠲ᠋ᠧᠮ᠎ᠤᠨ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠰᠢ ᠵᠢᠨ ᠫᠢᠩ ᠶᠡᠷᠦᠩᠬᠡᠶ ᠱᠦᠵᠢ ᠵᠢᠨ ᠨᠠᠮ᠎ᠤᠨ ᠪᠠᠶ᠋ᠢᠭᠤᠯᠤᠯᠲᠠ ᠵᠢᠨ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠠᠵᠢᠯ᠎ᠤᠨ ᠭᠤᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ ᠂ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ ᠪᠣᠯᠤᠨ ᠲᠤᠬᠠᠶ᠋ᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠨ ᠬᠠᠷᠢᠯᠴᠠᠨ ᠠᠬᠢᠭᠤᠯᠬᠤ ᠵᠢ ᠠᠬᠢᠭᠤᠯᠵᠤ᠂ ᠤᠮᠠᠷᠠᠲᠤ ᠬᠢᠯᠢ ᠵᠢᠨ ᠵᠢᠱ᠌ᠢᠶᠡᠴᠢ ᠪᠠᠶ᠋ᠢᠭᠤᠯᠭ᠎ᠠ ᠵᠢᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠨᠠᠮ᠎ᠤᠨ ᠡᠭᠦᠷ᠎ᠢ ᠪᠦᠬᠦ ᠲᠠᠯ᠎ᠠ ᠵᠢᠨ ᠨᠠᠮ᠎ᠤᠨ ᠭᠡᠰᠢᠭᠦᠨ ᠺᠠᠳ᠋ᠷᠴᠤᠳ᠎ᠢ ᠳᠠᠭ᠋ᠠᠭᠤᠯᠤᠨ ᠳᠠᠶ᠋ᠢᠴᠢᠯᠠᠵᠤ ᠪᠠᠶ᠋ᠢᠭ᠋ᠠᠳ ᠥᠭᠡᠷᠡᠴᠢᠯᠡᠯᠲᠡ ᠵᠢᠨ ᠡᠭᠦᠷᠭᠡ ᠵᠢ ᠠᠬᠢᠭᠤᠯᠬᠤ ᠬᠦᠴᠢᠷ᠎ᠢ ᠲᠤᠭᠤᠯᠤᠨ ᠪᠡᠷᠬᠡ ᠵᠢ ᠳᠠᠪᠠᠭ᠍ᠤ ᠪᠠᠬᠢᠯᠡᠯᠲᠡ ᠪᠣᠯᠭ᠋ᠠᠨ ᠪᠠᠶ᠋ᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠪᠠᠶ᠋ᠢᠩᠭᠤᠵᠢᠭᠤᠯᠤᠨ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠣᠯᠭ᠋ᠠᠬᠤ ᠵᠢ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠰᠠᠬᠢᠯᠭ᠎ᠠ ᠪᠠᠲᠤ ᠶᠣᠰᠣ ᠲᠦᠷᠢᠮ᠎ᠢ ᠦᠨᠡᠨ ᠬᠦ᠌ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠠᠵᠢᠯᠯᠠᠭ᠋ᠠᠨ᠎ᠤ ᠤᠬᠠᠮᠰᠠᠷ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠤᠯᠤᠰ ᠲᠦᠷᠦ ᠵᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠤᠯᠤᠰ ᠲᠦᠷᠦ ᠵᠢᠨ ᠡᠭᠦᠷᠭᠡᠯᠡᠯ ᠵᠶ᠋ᠠᠨ ᠴᠢᠩᠭ᠋ᠠᠷᠠᠭᠤᠯᠵᠤ ᠂ ᠠᠵᠢᠯ᠎ᠤᠨ ᠨᠠᠶ᠋ᠢᠳᠠᠪᠤᠷᠢᠵᠢᠭᠤᠯᠤᠯᠲᠠ᠎ᠪᠠᠨ ᠰᠠᠶ᠋ᠢᠲᠤᠷ ᠠᠳᠬᠤᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠴᠦ᠂ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠪᠠᠬᠢ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠱᠠᠭ᠋ᠠᠷᠳᠠᠪᠠ᠃
(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )