8 ᠳ᠋ᠤᠭ᠋ᠠᠷ ᠰᠠᠷ᠎ᠠ ᠵᠢᠨ 8᠎ᠤ ᠡᠳᠦᠷ᠂ ᠲᠣᠪᠴᠢᠶᠠᠨ᠎ᠤ ᠪᠠᠶ᠋ᠢᠭᠤᠯᠭ᠎ᠠ ᠵᠢᠨ ᠡᠮᠡᠭᠲᠡᠶ᠋ᠢᠴᠦᠳ᠎ᠤᠨ ᠵᠥᠪᠯᠡᠯ᠂ ᠳᠠᠮᠵᠢᠭᠤᠯᠤᠨ ᠰᠠᠴᠤᠷᠠᠭᠤᠯᠬᠤ ᠲᠥᠪ᠎ᠤᠨ 841 ᠬᠣᠷᠢᠶ᠎ᠠ ᠵᠢᠨ ᠨᠠᠮ᠎ᠤᠨ ᠡᠭᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠬᠢᠨ᠎ᠤ ᠡᠮᠨᠡᠯᠭᠡ ᠵᠢᠨ ᠬᠤᠷᠢᠶᠠᠨ᠎ᠤ ᠡᠮᠴᠢᠯᠡᠭᠡᠨ᠎ᠤ ᠹᠢᠽᠢᠺ᠎ᠤᠨ ᠣᠨᠣᠰᠢᠯᠠᠨ ᠡᠮᠨᠡᠬᠦ ᠵᠢᠨ ᠨᠠᠮ᠎ᠤᠨ ᠡᠭᠦᠷ᠂ ᠵᠣᠪᠠᠨᠢᠯ ᠭᠠᠩᠰᠠᠷᠠᠯ᠎ᠤᠨ ᠲᠥᠪ᠎ᠤᠨ ᠨᠠᠮ᠎ᠤᠨ ᠡᠭᠦᠷ᠂ ᠠᠮᠠᠨ ᠬᠥᠨᠳᠡᠶ ᠰᠢᠳᠦᠨᠤ ᠲᠠᠷᠢᠮᠠᠯ᠎ᠤᠨ ᠨᠠᠮ᠎ᠤᠨ ᠡᠭᠦᠷ᠎ᠲᠠᠢ ᠬᠠᠮᠲᠤᠷᠠᠨ 《ᠲᠤᠳᠤᠨᠤᠰᠤᠭ ᠷᠠᠳᠢᠣ᠋ ᠲᠧᠯᠸᠢᠰ᠂ ᠡᠷᠡᠭᠦᠯ ᠮᠡᠨᠳᠦ᠎ᠲᠠᠢ ᠬᠠᠮᠲᠤ᠎ᠪᠠᠷ ᠣᠷᠤᠭᠰᠢᠯᠠᠬᠤ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃

ᠠᠵᠢᠯᠯᠠᠭ᠎ᠠ ᠵᠢᠨ ᠬᠤᠭᠤᠴᠠᠭ᠋ᠠᠨ᠎ᠳᠤ᠂ ᠪᠦᠬᠦ ᠨᠠᠮ᠎ᠤᠨ ᠭᠡᠰᠢᠭᠦᠨ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠠᠨ ᠬᠠᠮᠲᠤ᠎ᠪᠠᠷ ᠲᠠᠬᠢᠨ ᠡᠷᠭᠢᠴᠡᠭᠦᠯᠵᠦ᠂ ᠬᠠᠩᠭᠢᠨᠠᠮ᠎ᠠ ᠬᠦᠴᠦᠲᠡᠢ ᠲᠠᠩᠭ᠋ᠠᠷᠢᠭ᠎ᠤᠨ ᠦᠭᠡᠰ᠎ᠨᠢ ᠲᠤᠬᠠᠢ ᠵᠢᠨ ᠲᠠᠯᠠᠪᠠᠢ᠎ᠳᠤ ᠴᠤᠤᠷᠢᠶᠠᠲᠤᠵᠤ᠂ ᠲᠤᠬᠠᠢ ᠵᠢᠨ ᠲᠠᠯᠠᠪᠠᠢ᠎ᠳᠤ ᠪᠠᠶ᠋ᠢᠭ᠎ᠠ ᠨᠠᠮ᠎ᠤᠨ ᠭᠡᠰᠢᠭᠦᠨ᠎ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠪᠠᠨ ᠤᠯᠠᠮ ᠴᠢᠨᠠᠭᠰᠢᠳᠠ ᠪᠠᠲᠤᠳᠬᠠᠪᠠ᠃ ᠥᠪᠡᠷᠲᠡᠭᠡᠨ ᠵᠠᠰᠠᠬᠤ ᠣᠷᠣᠨ᠎ᠤ ᠲᠠᠷᠢᠬᠢᠨ᠎ᠤ ᠡᠮᠨᠡᠯᠭᠡ ᠵᠢᠨ ᠬᠤᠷᠢᠶᠠᠨ᠎ᠤ ᠲᠤᠰᠬᠠᠶ ᠮᠡᠷᠭᠡᠵᠢᠯᠲᠡᠨ ᠡᠮᠴᠢ ᠲᠤᠰᠬᠠᠶ ᠮᠡᠷᠭᠡᠵᠢᠯ᠎ᠤᠨ ᠣᠨᠴᠠ ᠴᠢᠳᠠᠪᠤᠷᠢ᠎ᠲᠠᠢ᠎ᠪᠠᠨ ᠤᠶᠠᠯᠳᠤᠭᠤᠯᠤᠨ 《 ᠨᠢᠭᠡ ᠨᠠᠰᠤᠨ᠎ᠤ᠎ᠪᠠᠨ ᠬᠠᠭ᠋ᠠᠰ᠎ᠢ 《ᠰᠡᠳᠬᠢᠯ》᠎ᠠᠴᠠ᠎ᠪᠠᠨ ᠡᠬᠢᠯᠡᠭᠦᠯᠬᠦ — ᠥᠪᠡᠷ᠎ᠲᠠᠢ᠎ᠪᠠᠨ ᠨᠡᠩ ᠰᠠᠢ᠌ᠨ ᠶᠠᠷᠢᠯᠴᠠᠭ᠎ᠠ ᠬᠢᠬᠦ》 ᠲᠤᠰᠬᠠᠶ ᠰᠡᠳᠦᠪᠲᠦ ᠲᠠᠶ᠋ᠢᠯᠤᠮᠵᠢ ᠬᠢᠵᠦ᠂ ᠺᠠᠳ᠋ᠷ ᠠᠵᠢᠯᠲᠠᠨ᠎ᠤ ᠵᠣᠪᠠᠨᠢᠯ ᠭᠠᠩᠰᠠᠷᠠᠯ᠂ ᠤᠷᠮ᠎ᠠ ᠰᠡᠳᠬᠢᠯᠭᠡ ᠠᠭᠤᠵᠢᠭᠤ ᠲᠠᠯᠪᠢᠭᠤ ᠪᠠ ᠤᠨᠲᠠᠯᠭ᠎ᠠ ᠵᠢᠨ ᠶᠠᠰᠤ ᠴᠢᠨᠠᠷ ᠵᠡᠷᠭᠡ ᠠᠰᠠᠭᠤᠳᠠᠯ᠎ᠢ ᠲᠤᠬᠠᠶ ᠵᠢᠨ ᠲᠠᠯᠠᠪᠠᠶ᠎ᠳᠤ ᠬᠠᠷᠢᠭᠤᠯᠬᠤ ᠵᠢᠨ ᠬᠠᠮᠲᠤ ᠵᠦᠶ ᠵᠣᠬᠢᠰᠲᠠᠶ ᠰᠠᠨᠠᠭᠤᠯᠭ᠎ᠠ ᠳᠤᠷᠠᠳᠴᠠᠶ᠃ ᠷᠠᠳᠢᠣ᠋ ᠲᠧᠯᠸᠢᠰ᠎ᠤᠨ ᠰᠠᠴᠤᠷᠠᠭᠤᠯᠬᠤ ᠥᠷᠲᠡᠭᠡ ᠵᠢ ᠲᠣᠭᠤᠷᠢᠨ ᠦᠵᠡᠬᠦ᠎ᠪᠠᠷ ᠳᠠᠮᠵᠢᠭᠤᠯᠤᠨ᠂ ᠲᠤᠬᠠᠢ ᠵᠢᠨ ᠲᠠᠯᠠᠪᠠᠢ᠎ᠳᠤ ᠪᠠᠶ᠋ᠢᠭ᠎ᠠ ᠡᠮᠴᠢ ᠨᠠᠷ ᠳᠠᠪᠲᠠᠮᠵᠢᠲᠤ ᠷᠠᠳᠢᠣ᠋᠂ ᠳᠣᠬᠢᠶᠠᠨ᠎ᠤ ᠳᠠᠮᠵᠢᠭᠤᠯᠭ᠎ᠠ ᠪᠠ ᠲᠢᠶᠠᠨ ᠳᠢᠶᠤᠤ ᠰᠦᠯᠵᠢᠶ᠎ᠡ ᠵᠡᠷᠭᠡ ᠷᠠᠳᠢᠣ᠋ ᠲᠧᠯᠸᠢᠰ᠎ᠤᠨ ᠲᠤᠰᠬᠠᠢ ᠮᠡᠷᠭᠡᠵᠢᠯ᠎ᠤᠨ ᠮᠡᠳᠡᠯᠭᠡ ᠵᠢᠨ ᠲᠤᠬᠠᠢ ᠴᠣ᠋ ᠰᠢᠨ᠎ᠡ ᠲᠠᠨᠢᠯᠲᠠ᠎ᠲᠠᠢ ᠪᠣᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠢ ᠰᠠᠶ᠋ᠢᠲᠤᠷ ᠰᠠᠬᠢᠬᠤ ᠵᠢᠨ ᠴᠢᠬᠤᠯᠠ ᠴᠢᠨᠠᠷ᠎ᠢ ᠨᠡᠩ ᠭᠦᠨᠵᠡᠭᠡᠢ ᠣᠶ᠋ᠢᠯᠠᠭ᠋ᠠᠪᠠ᠃
ᠲᠣᠰ ᠤᠳᠠᠭ᠋ᠠᠨ᠎ᠤ ᠬᠠᠮᠲᠤᠷᠠᠭᠰᠠᠨ ᠨᠠᠮ᠎ᠤᠨ ᠡᠳᠦᠷ᠎ᠤᠨ ᠠᠵᠢᠯᠯᠠᠭ᠎ᠠ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠤᠨ ᠦᠢ᠍ᠯᠡᠴᠢᠯᠡᠭᠡᠨ᠎ᠤ ᠤᠬᠠᠮᠰᠠᠷ ᠪᠠ ᠡᠷᠡᠭᠦᠯ ᠮᠡᠨᠳᠦ ᠵᠢᠨ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠶ ᠱᠦᠵᠢ ᠵᠢᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠬᠤᠶᠠᠷ ᠶᠡᠭᠡ ᠶᠠᠪᠤᠳᠠᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠪᠡᠶᠡᠯᠡᠭᠦᠯᠵᠦ᠂ ᠷᠠᠳᠢᠣ᠋ ᠲᠧᠯᠸᠢᠰ ᠪᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠪᠠ᠃
(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ᠂ ᠪᠠᠶ᠋ᠢᠭᠤᠯᠭ᠎ᠠ ᠵᠢᠨ ᠡᠮᠡᠭᠲᠡᠶ᠋ᠢᠴᠦᠳ᠎ᠤᠨ ᠵᠦᠪᠯᠡᠯ᠂ ᠳᠠᠮᠵᠢᠭᠤᠯᠤᠨ ᠰᠠᠴᠤᠷᠠᠭᠤᠯᠬᠤ ᠲᠦᠪ᠎ᠤᠨ 841 ᠬᠣᠷᠢᠶ᠎ᠠ )