8 ᠳ᠋ᠤᠭ᠋ᠠᠷ ᠰᠠᠷ᠎ᠠ ᠵᠢᠨ 14᠎ᠤ ᠡᠳᠦᠷ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠎ᠤᠨ ᠨᠠᠮ᠎ᠤᠨ ᠶᠡᠷᠦᠩᠬᠡᠢ ᠡᠭᠦᠷ᠎ᠠᠴᠠ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠨ ᠺᠠᠳ᠋ᠷᠴᠤᠳ᠎ᠢ ᠵᠣᠬᠢᠶᠠᠨ ᠪᠠᠶ᠋ᠢᠭᠤᠯᠵᠤ ᠮᠧᠩ ᠼᠤᠤ ᠠᠮᠢ ᠠᠬᠤᠢ ᠵᠢᠨ ᠰᠠᠭᠤᠷᠢᠨ ᠭᠠᠵᠠᠷ᠎ᠲᠤ ᠬᠦᠷᠴᠦ 《ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠵᠦ • ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠳᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠶ᠎ᠡ》 ᠭᠡᠬᠦ ᠭᠤᠣᠯ ᠰᠡᠳᠦᠪᠲᠦ ᠨᠠᠮ᠎ᠤᠨ ᠡᠳᠦᠷ᠎ᠢ ᠥᠷᠨᠢᠭᠦᠯᠪᠡ᠃

ᠠᠵᠢᠯᠯᠠᠭ᠎ᠠ᠎ᠳᠤ ᠪᠥᠬᠦ ᠨᠠᠮ᠎ᠤᠨ ᠭᠡᠰᠢᠭᠦᠨ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠠᠨ ᠳᠠᠬᠢᠨ ᠡᠷᠭᠢᠴᠡᠭᠦᠯᠵᠦ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠵᠢᠨ ᠬᠠᠮᠲᠤ ᠮᠡᠳᠡᠯᠭᠡ ᠵᠢᠨ ᠥᠷᠢᠰᠦᠯᠳᠦᠭᠡᠨ ᠬᠠᠷᠢᠭᠤᠯᠬᠤ ᠵᠢ ᠥᠷᠨᠢᠭᠦᠯᠵᠦ ᠂ ᠮᠧᠩ ᠼᠤᠤ ᠪᠦᠯᠦᠭᠯᠡᠯ᠎ᠤᠨ ᠦᠷ᠎ᠡ ᠵᠢᠨ ᠦᠢ᠍ᠯᠡᠰ᠎ᠤᠨ ᠲᠥᠪ᠎ᠤᠨ ᠰᠢᠶᠤᠤ ᠼᠤᠤ ᠲᠣᠭ᠋ᠠᠵᠢᠭᠤᠯᠤᠭᠰᠠᠨ ᠲᠠᠪᠴᠠᠩ᠂ ᠲᠡᠵᠢᠭᠡᠯ ᠡᠪᠡᠰᠦᠨ᠎ᠤ ᠰᠤᠳᠤᠯᠤᠨ ᠨᠡᠭᠡᠭᠡᠬᠦ ᠲᠥᠪ᠂ ᠠᠮᠢ ᠠᠬᠤᠶ ᠵᠢ ᠰᠡᠷᠭᠦᠭᠡᠭᠰᠡᠨ ᠬᠡᠷᠡᠭ᠎ᠤᠨ ᠵᠢᠱ᠌ᠢᠶ᠎ᠡ ᠵᠢᠨ ᠲᠣᠭᠲᠠᠯᠴᠠᠭ᠎ᠠ᠂ ᠨᠠᠮ ᠪᠠ ᠣᠯᠠᠨ ᠲᠦᠮᠡᠨ᠎ᠤ ᠠᠵᠢᠯᠯᠠᠭ᠋ᠠᠨ᠎ᠤ ᠵᠢᠭᠰᠠᠭ᠋ᠠᠯ᠎ᠤᠨ ᠭᠠᠵᠠᠷ ᠵᠡᠷᠭᠡ ᠦᠵᠡᠭᠦᠯᠭᠡ ᠵᠢᠨ ᠲᠢᠩᠬᠢᠮ᠎ᠢ ᠲᠤᠬᠠᠶ ᠵᠢᠨ ᠭᠠᠵᠠᠷ᠎ᠲᠤᠨᠢ ᠲᠣᠭᠤᠷᠢᠨ ᠦᠵᠡᠭᠰᠡᠨ ᠪᠥᠭᠡᠳ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠲᠣᠭᠤᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃

ᠠᠵᠢᠯᠯᠠᠭ᠎ᠠ᠎ᠳᠤ ᠣᠷᠣᠯᠴᠠᠭᠰᠠᠨ ᠠᠬᠠᠮᠠᠳ ᠨᠠᠮ᠎ᠤᠨ ᠭᠡᠰᠢᠭᠦᠳ᠂ ᠬᠤᠶ᠋ᠢᠰᠢᠳᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠢᠳᠡᠪᠬᠢᠲᠡᠢ ᠦᠢ᠍ᠯᠡᠳᠦᠯᠭᠡᠵᠢᠭᠦᠯᠵᠦ᠂ ᠪᠡᠶ᠎ᠡ᠎ᠪᠠᠷ ᠵᠶ᠋ᠠᠨ ᠬᠡᠷᠡᠭᠵᠢᠭᠦᠯᠬᠦ᠎ᠪᠠᠷ ᠪᠠᠷᠠᠬᠤ ᠦᠭᠡᠢ ᠨᠡᠩ ᠴᠤ᠌ ᠤᠬᠠᠭᠤᠯᠭ᠎ᠠ ᠬᠥᠮᠦᠵᠢᠯ᠎ᠢ ᠰᠠᠶ᠋ᠢᠲᠤᠷ ᠬᠢᠵᠦ᠂ ᠳᠡᠷᠭᠡᠳᠡᠬᠢ ᠬᠥᠮᠦᠰ ᠵᠶ᠋ᠠᠨ ᠬᠦᠳᠦᠯᠦᠨ ᠵᠢᠯᠣᠭᠤᠳᠴᠤ ᠪᠠᠶ᠋ᠢᠭ᠋ᠠᠳ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ᠎ᠳᠤ ᠣᠷᠣᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠢ ᠪᠦᠳᠦᠭᠡᠨ ᠪᠠᠶ᠋ᠢᠭᠤᠯᠬᠤ᠎ᠳᠤ ᠷᠠᠳᠢᠣ᠋ ᠲᠧᠯᠸᠢᠰ᠎ᠤᠨ 《ᠪᠤᠭᠤᠷᠤᠯᠴᠤᠳ᠎ᠤᠨ ᠬᠦᠴᠦᠨ》 ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃
(ᠠᠵᠢᠯ᠎ᠠᠴᠠ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ)