ᠳᠠᠮᠵᠢᠭᠤᠯᠤᠨ ᠰᠠᠴᠤᠷᠠᠭᠤᠯᠬᠤ ᠲᠥᠪ᠎ᠤᠨ ᠨᠠᠮ᠎ᠤᠨ ᠶᠡᠷᠦᠩᠬᠡᠶ ᠡᠭᠦᠷ 《ᠬᠤᠪᠢᠰᠬᠠᠯᠲᠤ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠵᠤ ᠡᠭᠦᠷᠭᠡ ᠬᠠᠷᠢᠭᠤᠴᠠᠯᠭ᠎ᠠ ᠵᠢ ᠦᠢ᠍ᠯᠡᠳᠦᠯᠭᠡᠵᠢᠭᠦᠯᠬᠦ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
2024-08-05




  97 ᠳ᠋ᠤᠭ᠋ᠠᠷ ᠤᠳᠠᠭ᠋ᠠᠨ᠎ᠤ 《8 • 1》᠎ᠤ ᠴᠡᠷᠢᠭ ᠪᠠᠶ᠋ᠢᠭᠤᠯᠤᠭᠳᠠᠭᠰᠠᠨ ᠪᠠᠶᠠᠷ᠎ᠢ ᠪᠡᠯᠭᠡᠯᠡᠬᠦ ᠵᠢᠨ ᠲᠥᠯᠥᠭᠡ᠂ 8 ᠳ᠋ᠤᠭ᠋ᠠᠷ ᠰᠠᠷ᠎ᠠ ᠵᠢᠨ 2᠎ᠤᠨ ᠡᠳᠦᠷ᠂ ᠳᠠᠮᠵᠢᠭᠤᠯᠤᠨ ᠰᠠᠴᠤᠷᠠᠭᠤᠯᠬᠤ  ᠲᠥᠪ᠎ᠤᠨ ᠨᠠᠮ᠎ᠤᠨ ᠶᠡᠷᠦᠩᠬᠡᠶ ᠡᠭᠦᠷ᠎ᠠᠴᠠ 40 ᠭᠠᠷᠤᠶ ᠺᠠᠳ᠋ᠷ ᠠᠵᠢᠯᠲᠠᠨ᠎ᠢ ᠵᠣᠬᠢᠶᠠᠨ ᠪᠠᠶ᠋ᠢᠭᠤᠯᠵᠤ ᠥᠪᠥᠷ ᠮᠣᠩᠭᠤᠯ᠎ᠤᠨ ᠵᠡᠪᠰᠡᠭᠲᠦ ᠴᠠᠭᠳᠠᠭ᠋ᠠᠨ᠎ᠤ  ᠪᠡᠯᠡᠳᠬᠡᠯ ᠰᠠᠯᠪᠤᠷᠢ ᠠᠩᠭᠢ᠎ᠳᠤ ᠬᠦᠷᠴᠦ 《ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠵᠤ ᠡᠭᠦᠷᠭᠡ ᠬᠠᠷᠢᠭᠤᠴᠠᠯᠭ᠎ᠠ ᠵᠢ ᠦᠢ᠍ᠯᠡᠳᠦᠯᠭᠡᠵᠢᠭᠦᠯᠬᠦ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃


W020240805634905050873_ORIGIN.png


   ᠠᠵᠢᠯᠯᠠᠭ᠎ᠠ᠎ᠳᠤ᠂ ᠲᠠᠶ᠋ᠢᠯᠪᠤᠷᠢᠯᠠᠭᠴᠢ ᠵᠢᠨ ᠳᠠᠭ᠋ᠠᠭᠤᠯᠭ᠎ᠠ ᠳᠣᠤᠷ᠎ᠠ᠂ ᠪᠥᠬᠦ ᠺᠠᠳ᠋ᠷ ᠠᠵᠢᠯᠲᠠᠨ ᠡᠯ᠎ᠡ ᠲᠥᠷᠥᠯ᠎ᠤᠨ ᠵᠡᠪᠰᠡᠭ ᠲᠣᠨᠣᠭᠯᠠᠯ ᠂ ᠴᠡᠷᠢᠭ᠎ᠤᠨ ᠪᠣᠯᠪᠠᠰᠤᠷᠠᠯ᠂ ᠵᠢᠯᠣᠭᠤᠴᠢ ᠥᠬᠡᠶ ᠨᠢᠰᠬᠡᠯ᠎ᠤᠨ ᠪᠣᠳᠠᠲᠤ ᠪᠠᠶ᠋ᠢᠯᠳᠤᠭ᠋ᠠᠨ᠎ᠤ ᠦᠵᠡᠭᠦᠯᠭᠡ ᠵᠢᠴᠢ ᠴᠡᠷᠢᠭ ᠨᠣᠬᠠᠶ ᠵᠢᠨ ᠰᠣᠷᠢᠯᠲᠠ ᠵᠢ ᠲᠣᠭᠤᠷᠢᠨ ᠦᠵᠡᠵᠦ᠂ ᠣᠯᠠᠨ ᠵᠶ᠋ᠠᠷ ᠵᠶ᠋ᠠᠨ ᠴᠡᠷᠢᠭ᠎ᠤᠨ ᠰᠦᠭ ᠰᠦᠨᠡᠰᠦ ᠵᠢᠨ ᠴᠤᠭ ᠵᠢᠪᠬᠤᠭ᠎ᠠ ᠵᠢ ᠭᠦᠨᠵᠡᠭᠡᠶ ᠣᠶ᠋ᠢᠯᠠᠭ᠋ᠠᠵᠤ᠂ ᠨᠠᠮ ᠵᠶ᠋ᠠᠨ ᠬᠠᠶ᠋ᠢᠷᠠᠯᠠᠵᠤ ᠤᠯᠤᠰ ᠵᠶ᠋ᠠᠨ ᠬᠠᠶ᠋ᠢᠷᠠᠯᠠᠬᠤ ᠬᠠᠯᠠᠭᠤᠨ ᠰᠡᠳᠬᠢᠯᠭᠡ ᠵᠢ ᠤᠯᠠᠮ ᠨᠢᠭᠡ ᠠᠯᠬᠤᠮ ᠬᠥᠭᠵᠢᠭᠡᠪᠡ᠃ ᠤᠯᠠᠨ ᠵᠶ᠋ᠠᠷ ᠵᠶ᠋ᠠᠨ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠬᠢ ᠵᠢᠨ ᠰᠢᠯᠢᠳᠡᠭ ᠰᠤᠷᠲᠠᠯ ᠪᠣᠯᠤᠨ ᠲᠠᠶ᠋ᠢᠴᠢᠨ ᠵᠣᠷᠢᠭ ᠰᠠᠨᠠᠭ᠎ᠠ ᠵᠢ ᠡᠳᠦᠷ ᠳᠤᠳᠤᠮ᠎ᠤᠨ ᠠᠵᠢᠯ᠎ᠳᠤ ᠠᠭᠤᠰᠤᠯᠴᠠᠭᠤᠯᠵᠤ᠂ ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠎ᠠ ᠰᠠᠬᠢᠵᠤ᠂ ᠰᠢᠯᠭ᠋ᠠᠷᠠᠭᠰᠠᠨ ᠰᠤᠷᠲᠠᠯ ᠵᠶ᠋ᠠᠨ ᠳᠠᠪᠲᠠᠨ ᠪᠣᠯᠪᠠᠰᠤᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠂  ᠳᠠᠮᠵᠢᠭᠤᠯᠭ᠎ᠠ ᠰᠠᠴᠤᠷᠠᠭᠤᠯᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠭᠡᠵᠡᠭᠡᠪᠡ᠃

(ᠳᠠᠮᠵᠢᠭᠤᠯᠤᠨ ᠰᠠᠴᠤᠷᠠᠭᠤᠯᠬᠤ ᠲᠥᠪ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ