9 ᠳ᠋ᠦ᠍ᠭᠡᠷ ᠰᠠᠷ᠎ᠠ ᠵᠢᠨ 9 ᠤ ᠡᠳᠦᠷ᠂ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ 9 ᠳ᠋ᠦᠭᠡᠷ ᠤᠳᠠᠭ᠋ᠠᠨ᠎ᠤ (ᠥᠷᠭᠡᠳᠬᠡᠭᠰᠡᠨ) ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠬᠡᠯᠪᠡᠷᠢᠴᠢ ᠦᠵᠡᠯ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠤᠬᠠᠢ ᠴᠢᠬᠤᠯᠠ ᠥᠭᠦᠯᠡᠯᠲᠡ ᠪᠣᠯᠣᠨ 《ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠣᠭᠲᠠᠭ᠋ᠠᠯ᠎ᠤᠳ》᠎ᠢ ᠤᠯᠠᠮᠵᠢᠯᠠᠨ ᠰᠤᠷᠤᠯᠴᠠᠬᠤ ᠵᠢᠨ ᠬᠠᠮᠲᠤ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠤᠬᠠᠢ ᠲᠤᠰᠬᠠᠢ ᠰᠡᠳᠦᠪᠲᠦ ᠰᠤᠳᠤᠯᠤᠨ ᠶᠠᠷᠢᠯᠴᠠᠯᠭ᠎ᠠ ᠵᠢ ᠥᠷᠨᠢᠭᠦᠯᠵᠡᠢ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠶᠡᠷᠦᠩᠬᠡᠢ ᠢᠨᠵᠧᠨᠧᠷ᠂ ᠪᠠᠢ᠌ᠭᠤᠯᠭ᠎ᠠ ᠵᠢᠨ ᠡᠯ᠎ᠡ ᠭᠠᠵᠠᠷ ᠭᠡᠷ᠂ ᠲᠣᠪᠴᠢᠶ᠎ᠠ ᠵᠢᠨ ᠬᠠᠷᠢᠶ᠎ᠠ ᠡᠯ᠎ᠡ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃
ᠬᠤᠷᠠᠯ᠎ᠠᠴᠠ᠂ ᠤᠯᠤᠰ ᠲᠦᠷᠦ ᠵᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠭ᠋ᠠᠭᠤᠯᠬᠤ ᠵᠢ ᠳᠤᠪᠤᠢ᠍ᠢ᠍ᠯᠭ᠋ᠠᠵᠤ᠂ ᠤᠳᠤᠷᠢᠳᠬᠤ ᠺᠠᠳ᠋ᠷ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠤᠯᠤᠰ ᠲᠦᠷᠦ ᠵᠢᠨ ᠡᠭᠦᠷᠭᠡᠯᠡᠯ᠎ᠢ ᠡᠷᠡᠰ ᠪᠠᠲᠤ ᠡᠭᠦᠷᠭᠡᠯᠡᠵᠦ᠂ 《ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠣᠭᠲᠠᠭ᠋ᠠᠯ᠎ᠤᠳ》 ᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃ ᠬᠠᠨᠳᠤᠯᠭ᠎ᠠ᠎ᠲᠠᠢ᠎ᠪᠠᠷ ᠵᠠᠰᠠᠬᠤ ᠵᠢ ᠪᠠᠷᠢᠮᠲᠠᠯᠠᠵᠤ᠂ ᠪᠦᠬᠦ ᠺᠠᠳ᠋ᠷ ᠠᠵᠢᠯᠲᠠᠨ ᠠᠵᠢᠯᠴᠢᠨ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠠᠵᠢᠯ᠎ᠤᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ 《ᠲᠣᠭᠲᠠᠭ᠋ᠠᠯ᠎ᠤᠳ》 ᠤᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠤ ᠲᠣᠪᠣᠢ᠌ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ᠎ᠤᠨ ᠪᠣᠲᠠᠲᠠᠢ᠎ᠳᠤ ᠰᠠᠭᠤᠷᠢᠯᠠᠵᠤ᠂ ᠠᠵᠢᠯ᠎ᠤᠨ ᠠᠷᠭ᠎ᠠ᠎ᠪᠠᠨ ᠢᠳᠡᠪᠬᠢᠲᠡᠢ ᠰᠢᠨᠡᠴᠢᠯᠡᠵᠦ᠂ ᠲᠣᠪᠣᠢ᠌ᠮ᠎ᠠ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠴᠡᠭᠴᠡᠯᠡᠨ ᠵᠠᠰᠠᠬᠤ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ᠃ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ ᠵᠢ ᠪᠠᠲᠤ ᠪᠤᠶ ᠪᠣᠯᠭ᠋ᠠᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠳᠠᠷᠤᠭ᠋ᠠᠰᠤ ᠵᠢ ᠬᠥᠩᠭᠡᠷᠡᠭᠦᠯᠦᠭᠰᠡᠨ ᠦᠷ᠎ᠡ ᠪᠦᠲᠦᠭᠡᠯ᠎ᠢ ᠦᠷᠭᠦᠯᠵᠢᠯᠡᠨ ᠭᠦᠨᠵᠡᠭᠡᠢ᠌ᠷᠡᠭᠦᠯᠦᠨ ᠥᠷᠭᠡᠳᠬᠡᠵᠦ᠂ ᠠᠵᠢᠯ᠎ᠤᠨ ᠣᠢ᠌ᠯᠠᠭ᠋ᠠᠭᠳᠠᠬᠤᠨ ᠪᠠ ᠠᠷᠭ᠎ᠠ ᠬᠡᠯᠪᠡᠷᠢ᠎ᠪᠠᠨ ᠬᠤᠪᠢᠷᠠᠭᠤᠯᠵᠤ᠂ 《ᠳᠠᠷᠤᠭ᠋ᠠᠰᠤ ᠵᠢ ᠬᠥᠩᠭᠡᠷᠡᠭᠦᠯᠬᠦ》᠎ᠨᠢ 《ᠬᠠᠷᠢᠭᠤᠴᠠᠯᠭ᠎ᠠ ᠵᠢ ᠪᠠᠭ᠋ᠠᠰᠬᠠᠬᠤ》 《ᠡᠭᠦᠷᠭᠡᠯᠡᠯ᠎ᠢ ᠪᠠᠭ᠋ᠠᠰᠬᠠᠬᠤ》 ᠶᠠᠪᠤᠳᠠᠯ ᠪᠢᠰᠢ ᠭᠡᠳᠡᠭ᠎ᠢ ᠭᠦᠨᠵᠡᠭᠡᠢ ᠲᠠᠨᠢᠵᠤ᠂ ᠠᠵᠢᠯ᠎ᠤᠨ ᠰᠤᠷᠲᠠᠯ ᠵᠶ᠋ᠠᠨ ᠭᠦᠨᠵᠡᠭᠡᠢ ᠬᠤᠪᠢᠷᠠᠭᠤᠯᠵᠤ᠂ ᠪᠠᠢ᠌ᠷᠢ ᠰᠣᠯᠢᠵᠤ ᠰᠡᠳᠬᠢᠬᠦ᠂ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ᠂ ᠨᠡᠩ ᠢᠳᠡᠪᠬᠢᠲᠡᠢ ᠰᠠᠨᠠᠭ᠋ᠠᠴᠢᠯᠠᠭ᠎ᠠ᠎ᠲᠠᠢ᠎ᠪᠠᠷ ᠵᠠᠮ ᠨᠡᠭᠡᠭᠡᠨ ᠤᠷᠤᠭᠰᠢᠯᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠎ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
(ᠪᠠᠢ᠌ᠭᠤᠯᠭ᠎ᠠ ᠵᠢᠨ ᠨᠠᠮ᠎ᠤᠨ ᠬᠣᠷᠢᠶ᠎ᠠ)