ᠪᠥᠬᠦ ᠠᠵᠢᠯᠲᠠᠳ᠎ᠤᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠤᠷᠭ᠋ᠠᠨ ᠬᠥᠮᠦᠵᠢᠯ᠎ᠤᠨ ᠬᠡᠪ ᠴᠢᠨᠠᠷ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠵᠶ᠋ᠠᠨ ᠬᠠᠶ᠋ᠢᠷᠠᠯᠠᠬᠤ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠵᠢ ᠵᠤᠵᠠᠭ᠋ᠠᠳᠬᠠᠬᠤ ᠵᠢᠨ ᠲᠤᠰᠠᠳᠠ᠂ 9 ᠳ᠋ᠦ᠍ᠭᠡᠷ ᠰᠠᠷ᠎ᠠ ᠵᠢᠨ 10᠎ᠤ ᠡᠳᠦᠷ᠂ ᠤᠯᠠᠭ᠋ᠠᠨᠬᠦᠦ ᠵᠢᠨ ᠰᠠᠭᠤᠷᠢ ᠮᠥᠩᠭᠦᠨ᠎ᠤ ᠨᠡᠶ᠋ᠢᠭᠡᠮᠯᠢᠭ᠎ᠤᠨ ᠠᠯᠪᠠᠨ ᠭᠡᠷ᠎ᠤᠨ ᠨᠠᠮ᠎ᠤᠨ ᠡᠭᠦᠷ᠎ᠤᠨ ᠨᠠᠮ᠎ᠤᠨ ᠭᠡᠰᠢᠭᠦᠨ ᠺᠠᠳ᠋ᠷᠴᠤᠳ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠤᠨ ᠴᠡᠷᠢᠭ᠎ᠤᠨ ᠲᠡᠦᠬᠡ ᠵᠢᠨ ᠣᠷᠳᠣᠨ᠂ ᠲᠠᠪᠤᠨᠰᠠᠢ᠌ᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠲᠤ ᠬᠦᠷᠴᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠤᠨ ᠴᠡᠷᠢᠭ᠎ᠤᠨ ᠲᠡᠦᠬᠡ ᠵᠢᠨ ᠣᠷᠳᠣᠨ᠎ᠳᠤ᠂ ᠨᠠᠮ᠎ᠤᠨ ᠭᠡᠰᠢᠭᠦᠨ ᠺᠠᠳ᠋ᠷᠴᠤᠳ ᠪᠣᠳᠠᠲᠤ ᠪᠣᠳᠠᠰ᠂ ᠱᠤᠭᠤᠮᠠᠯ᠂ ᠵᠢᠷᠤᠭ ᠪᠢᠴᠢᠭ ᠵᠡᠷᠭᠡ ᠬᠡᠯᠪᠡᠷᠢ᠎ᠪᠠᠷ ᠳᠠᠮᠵᠢᠭᠤᠯᠤᠨ᠂ ᠶᠠᠫᠣᠨ᠎ᠢ ᠡᠰᠡᠷᠭᠦᠴᠡᠬᠦ ᠳᠠᠶ᠋ᠢᠨ᠂ ᠴᠢᠯᠥᠭᠡᠯᠡᠬᠦ ᠳᠠᠶ᠋ᠢᠨ᠂ ᠨᠡᠶ᠋ᠢᠭᠡᠮ ᠵᠢᠷᠤᠮ᠎ᠤᠨ ᠪᠥᠲᠥᠭᠡᠨ ᠪᠠᠶ᠋ᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠵᠢᠨ ᠴᠠᠭ ᠦᠶ᠎ᠡ ᠵᠢᠨ ᠴᠢᠬᠤᠯᠠ ᠶᠡᠭᠡ ᠬᠡᠷᠡᠭ ᠶᠠᠪᠤᠳᠠᠯ ᠪᠠ ᠭᠤᠤᠯ ᠠᠵᠢᠯ᠎ᠢ ᠭᠦᠨᠵᠡᠭᠡᠶ ᠣᠶ᠋ᠢᠯᠠᠭ᠋ᠠᠵᠤ᠂ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠤᠨ ᠪᠥᠲᠥᠭᠡᠨ ᠪᠠᠶ᠋ᠢᠭᠤᠯᠤᠯᠲᠠ ᠵᠢᠨ ᠯᠤᠲᠤ ᠶᠡᠭᠡ ᠠᠮᠵᠢᠯᠲᠠ ᠪᠦᠲᠦᠮᠵᠢ ᠵᠢᠴᠢ ᠣᠷᠳᠣ ᠬᠤᠭᠤᠴᠠᠭ᠋ᠠᠨ᠎ᠤ ᠬᠤᠪᠢᠰᠬᠠᠯᠲᠤ ᠲᠡᠮᠡᠴᠡᠯ ᠪᠠ ᠪᠥᠲᠥᠭᠡᠨ ᠪᠠᠶ᠋ᠢᠭᠤᠯᠤᠯᠲᠠ ᠵᠢᠨ ᠦᠢ᠍ᠯᠡᠳᠦᠯᠭᠡ ᠵᠢᠨ ᠳᠤᠮᠳᠠ ᠪᠦᠷᠢᠯᠳᠦᠭᠰᠡᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ᠎ᠢ ᠭᠦᠨᠵᠡᠭᠡᠶ ᠰᠤᠷᠤᠯᠴᠠᠪᠠ᠃
ᠲᠠᠪᠤᠨᠰᠠᠢ᠌ᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠲᠤ᠂ ᠨᠠᠮ᠎ᠤᠨ ᠭᠡᠰᠢᠭᠦᠨ ᠺᠠᠳ᠋ᠷᠴᠤᠳ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠣᠯᠪᠣᠭᠳᠠᠯ ᠪᠥᠬᠦᠶ ᠮᠡᠳᠡᠯᠭᠡ ᠵᠢ ᠰᠤᠷᠤᠯᠴᠠᠵᠤ᠂ ᠲᠡᠶ᠋ᠢᠷᠦᠯᠲᠦ ᠣᠬᠣᠷ ᠫᠤᠤ ᠵᠢᠨ ᠬᠠᠷᠪᠤᠯᠲᠠ᠂ ᠮᠢᠨᠠᠮᠢᠶᠤᠲᠤᠨ ᠬᠠᠷᠪᠤᠯᠲᠠ᠂ 95 ᠬᠡᠯᠪᠡᠷᠢ ᠵᠢᠨ ᠯᠠᠢ᠌ᠰᠸᠷ ᠠᠦ᠋ᠲ᠋ᠣ᠋ ᠶᠠᠪᠠᠭ᠋ᠠᠨ ᠫᠤᠤ ᠵᠢᠨ ᠳᠠᠭᠤᠷᠢᠶᠠᠮᠠᠯ ᠫᠤᠤᠳᠠᠯᠭ᠎ᠠ ᠵᠢᠨ ᠬᠥᠳᠡᠯᠭᠡᠭᠡᠨ᠎ᠢ ᠪᠡᠶᠡᠴᠢᠯᠡᠨ ᠣᠶ᠋ᠢᠯᠠᠭ᠋ᠠᠪᠠ᠃
ᠲᠤᠰ ᠤᠳᠠᠭ᠋ᠠᠨ᠎ᠤ ᠠᠵᠢᠯᠯᠠᠭ᠎ᠠ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ ᠠᠬᠠᠮᠠᠳ ᠨᠢᠭᠡ ᠦᠶ᠎ᠡ ᠵᠢᠨ ᠬᠤᠪᠢᠰᠬᠠᠯᠲᠤ ᠴᠡᠷᠢᠭ᠎ᠤᠨ ᠬᠠᠷᠠᠮ ᠦᠭᠡᠢ ᠡᠷᠭᠦᠨ ᠵᠣᠷᠢᠭᠤᠯᠬᠤ ᠵᠣᠷᠢᠭ ᠰᠠᠨᠠᠭ᠎ᠠ ᠵᠢ ᠭᠦᠨᠵᠡᠭᠡᠢ ᠮᠡᠳᠡᠷᠡᠵᠦ᠂ ᠨᠠᠮ᠎ᠤᠨ ᠤᠳᠤᠷᠢᠳᠤᠯᠭ᠎ᠠ᠎ᠠᠴᠠ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠦᠴᠦᠷᠬᠡᠭ ᠶᠡᠬᠡ ᠵᠢ ᠴᠣᠭᠴᠠᠯᠠᠭᠰᠠᠨ ᠭᠡᠳᠡᠭ᠎ᠢ ᠭᠦᠨᠵᠡᠭᠡᠶ ᠣᠶ᠋ᠢᠯᠠᠭ᠋ᠠᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢ ᠬᠠᠯᠠᠮᠵᠢᠯᠠᠬᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢ ᠬᠠᠶ᠋ᠢᠷᠠᠯᠠᠬᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢ ᠪᠦᠲᠦᠭᠡᠨ ᠪᠠᠶ᠋ᠢᠭᠤᠯᠬᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢ ᠬᠠᠮᠠᠭ᠋ᠠᠯᠠᠬᠤ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠪᠠ᠃
(ᠤᠯᠠᠭ᠋ᠠᠨᠬᠦᠦ ᠵᠢᠨ ᠰᠠᠭᠤᠷᠢ ᠮᠥᠩᠭᠦᠨ᠎ᠤ ᠨᠡᠶ᠋ᠢᠭᠡᠮᠯᠢᠭ᠎ᠤᠨ ᠠᠯᠪᠠᠨ ᠭᠡᠷ)