ᠮᠠᠨ᠎ᠤ ᠲᠣᠪᠴᠢᠶ᠎ᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠰᠬᠠᠢ ᠰᠡᠳᠦᠪ ᠵᠶ᠋ᠠᠷ ᠤᠬᠠᠭᠤᠯᠤᠨ ᠲᠠᠶ᠋ᠢᠯᠪᠤᠷᠢᠯᠠᠪᠠ
2024-09-25

 

 

  9  ᠳ᠋ᠦ᠍ᠭᠡᠷ ᠰᠠᠷ᠎ᠠ ᠵᠢᠨ 23᠎ᠤ ᠡᠳᠦᠷ᠂ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠰᠢᠶᠣᠤ ᠲᠢᠶᠧ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠶ᠎ᠠ》 ᠭᠡᠬᠦ ᠰᠡᠳᠦᠪ ᠵᠶ᠋ᠠᠷ᠂ ᠪᠥᠬᠦᠳᠡ ᠬᠤᠷᠠᠯ᠎ᠤᠨ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠠᠨᠢᠬᠤ᠂ 《ᠲᠣᠭᠲᠠᠭ᠋ᠠᠯ》᠎ᠤᠨ ᠪᠠᠶᠠᠯᠢᠭ ᠠᠭᠤᠯᠤᠭᠳᠠᠬᠤᠨ᠎ᠢ ᠭᠦᠨᠵᠡᠭᠡᠶ ᠲᠠᠨᠢᠬᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠬᠡᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠰᠢᠨ᠎ᠡ ᠬᠠᠭᠤᠳᠠᠰᠤ ᠵᠢ ᠪᠢᠴᠢᠭᠯᠡᠬᠦ ᠵᠡᠷᠭᠡ 5 ᠲᠠᠯ᠎ᠠ ᠵᠢᠨ ᠠᠭᠤᠯᠭ᠎ᠠ ᠵᠢᠨ ᠲᠣᠭᠤᠷᠢᠨ᠎ᠳᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠰᠬᠠᠶ ᠰᠡᠳᠦᠪ ᠵᠶ᠋ᠠᠷ ᠤᠬᠠᠭᠤᠯᠤᠨ ᠲᠠᠶ᠋ᠢᠯᠪᠤᠷᠢᠯᠠᠪᠠ᠃

 

图片1.png


   ᠸᠠᠩ ᠰᠢᠶᠤᠤ ᠲᠢᠶᠧ ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ  ᠶᠡᠷᠦᠩᠬᠡᠢ ᠱᠦᠵᠢ ᠰᠢ ᠵᠢᠨ ᠫᠢᠩ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠵᠢ ᠰᠤᠷᠤᠯᠴᠠᠨ ᠣᠶ᠋ᠢᠯᠠᠭ᠋ᠠᠬᠤ᠎ᠲᠠᠢ ᠤᠶᠠᠯᠳᠤᠭᠤᠯᠵᠤ᠂ ᠡᠷᠡᠰ ᠰᠢᠭᠤᠷᠬᠠᠢ᠎ᠪᠠᠷ ᠤᠷᠤᠭᠰᠢᠯᠠᠨ ᠲᠠᠪᠰᠢᠵᠤ᠂ ᠦᠨᠡᠨ ᠬᠦ᠌  ᠠᠳᠬᠤᠨ ᠪᠣᠳᠠᠲᠠᠢ ᠠᠵᠢᠯᠯᠠᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠷᠠᠳᠢᠣ᠋ ᠲᠧᠯᠸᠢᠰ᠎ᠤᠨ ᠠᠵᠢᠯ᠎ᠤᠨ ᠡᠯ᠎ᠡ ᠲᠠᠯ᠎ᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠭᠡᠷᠡᠴᠢᠯᠡᠯᠲᠡ ᠵᠢᠨ ᠰᠢᠨ᠎ᠡ ᠵᠢᠳᠬᠦᠯ ᠴᠢᠷᠮᠠᠶ᠋ᠢᠯᠭ᠎ᠠ᠂ ᠰᠢᠨ᠎ᠡ ᠳᠦᠷᠰᠦ ᠪᠠᠶ᠋ᠢᠳᠠᠯ ᠵᠶ᠋ᠠᠷ ᠷᠠᠳᠢᠣ᠋ ᠲᠧᠯᠸᠢᠰ ᠪᠠ ᠰᠦᠯᠵᠢᠶᠡᠨ᠎ᠤ ᠡᠯ᠎ᠡ ᠵᠦᠢ᠍ᠯ᠎ᠤᠨ ᠠᠵᠢᠯ᠎ᠤᠨ ᠰᠢᠨ᠎ᠡ ᠬᠥᠭᠵᠢᠯᠲᠡ᠎ᠲᠠᠢ ᠪᠣᠯᠬᠤ᠂ ᠰᠢᠨ᠎ᠡ ᠳᠠᠪᠠᠯᠲᠠ ᠵᠢ ᠪᠡᠶᠡᠯᠡᠭᠦᠯᠬᠦ ᠵᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢ ᠰᠠᠶ᠋ᠢᠲᠤᠷ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠷᠠᠳᠢᠣ᠋ ᠲᠧᠯᠸᠢᠰ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ ᠃ ᠲᠣᠪᠴᠢᠶ᠎ᠠ ᠵᠢᠨ ᠠᠯᠪᠠᠨ ᠬᠡᠷ᠂ ᠠᠵᠢᠯᠲᠠᠨ᠎ᠤ ᠶᠠᠪᠤᠳᠠᠯ᠎ᠤᠨ ᠭᠠᠵᠠᠷ᠂ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ᠂ ᠳᠠᠮᠵᠢᠭᠤᠯᠤᠨ ᠰᠠᠴᠤᠷᠠᠭᠤᠯᠬᠤ  ᠲᠥᠪ᠎ᠤᠨ 706 ᠬᠣᠷᠢᠶ᠎ᠠ ᠵᠢᠨ ᠨᠠᠮ᠎ᠤᠨ ᠭᠡᠰᠢᠭᠦᠳ ᠺᠠᠳ᠋ᠷᠴᠤᠳ ᠣᠷᠣᠯᠴᠠᠵᠠᠶ᠃

(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ