ᠮᠠᠨ᠎ᠤ ᠲᠣᠪᠴᠢᠶ᠎ᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠲᠠᠶ᠋ᠢᠯᠤᠮᠵᠢ ᠵᠢ ᠡᠷᠬᠢᠯᠡᠪᠡ
2024-08-30




  8 ᠳ᠋ᠤᠭ᠋ᠠᠷ ᠰᠠᠷ᠎ᠠ ᠵᠢᠨ 30᠎ᠤ ᠡᠳᠦᠷ᠂ ᠮᠠᠨ᠎ᠤ ᠲᠣᠪᠴᠢᠶ᠎ᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠲᠠᠶ᠋ᠢᠯᠤᠮᠵᠢ ᠵᠢ ᠡᠷᠭᠢᠯᠡᠵᠦ᠂ ᠥᠪᠥᠷ ᠮᠣᠩᠭᠤᠯ᠎ᠤᠨ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠵᠣᠣ ᠵᠢᠩ ᠬᠤᠸᠠ ᠵᠢ ᠤᠷᠢᠵᠤ ᠲᠤᠰᠬᠠᠶ ᠰᠡᠳᠦᠪᠲᠦ ᠤᠬᠠᠭᠤᠯᠤᠨ ᠲᠠᠶ᠋ᠢᠯᠪᠤᠷᠢᠯᠠᠯᠲᠠ ᠬᠢᠯᠭᠡᠪᠡ᠃ ᠵᠤᠤ ᠵᠢᠩ ᠬᠤᠸᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠴᠢᠬᠤᠯᠠ ᠶᠡᠭᠡ ᠠᠴᠢ ᠬᠤᠯᠪᠣᠭᠳᠠᠯ᠎ᠢ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠬᠤ ᠵᠢᠨ ᠲᠣᠭᠤᠷᠢᠨ᠎ᠳᠤ᠂ 《ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠴᠢᠨᠠᠭᠰᠢᠳᠠ ᠭᠦᠨᠵᠡᠭᠡᠶ᠋ᠢᠷᠡᠭᠦᠯᠬᠦ ᠶᠡᠷᠦᠩᠬᠡᠢ ᠱᠠᠭ᠋ᠠᠷᠳᠠᠯᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ 《ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠣᠨᠣᠪᠴᠢᠲᠠᠢ ᠣᠶ᠋ᠢᠯᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠵᠡᠷᠭᠡ ᠲᠠᠯ᠎ᠠ᠎ᠪᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠪᠠ᠃

   ᠬᠤᠷᠠᠯ᠎ᠠᠴᠠ᠂ ᠲᠤᠰ ᠤᠳᠠᠭ᠋ᠠᠨ᠎ᠤ ᠲᠤᠰᠬᠠᠢ ᠰᠡᠳᠦᠪᠲᠦ ᠲᠠᠶ᠋ᠢᠯᠤᠮᠵᠢ᠎ᠪᠠᠷ ᠠᠵᠠ ᠲᠣᠬᠢᠶᠠᠯ ᠪᠣᠯᠭ᠋ᠠᠵᠤ᠂ ᠨᠠᠮ᠎ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠪᠦᠬᠦᠳᠡ ᠬᠤᠷᠠᠯ᠎ᠤᠨ ᠡᠯ᠎ᠡ ᠵᠦᠢ᠍ᠯ᠎ᠤᠨ ᠪᠠᠶ᠋ᠢᠷᠢᠯᠠᠭᠤᠯᠤᠯᠲᠠ ᠡᠭᠦᠷᠭᠡ ᠵᠢ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠠᠵᠢᠯ᠎ᠤᠨ ᠡᠯ᠎ᠡ ᠲᠠᠯ᠎ᠠ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠢ᠃ ᠰᠣᠶᠣᠯ᠎ᠤᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠨ ᠴᠢᠬᠤᠯᠠ ᠶᠡᠭᠡ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠲᠠᠢ ᠤᠶᠠᠯᠳᠤᠭᠤᠯᠵᠤ᠂ ᠷᠠᠳᠢᠣ᠋ ᠲᠧᠯᠸᠢᠰ᠎ᠤᠨ 《ᠬᠤᠶᠠᠷ ᠭᠤᠷᠪᠠ ᠳᠥᠷᠪᠡ》 ᠠᠵᠢᠯ᠎ᠤᠨ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠵᠦ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠪᠠᠶ᠋ᠢᠴᠠᠭ᠋ᠠᠨ ᠰᠤᠳᠤᠯᠤᠯᠲᠠ ᠵᠢ ᠭᠦᠨᠵᠡᠭᠡᠢ ᠥᠷᠨᠢᠭᠦᠯᠵᠦ᠂ ᠥᠭᠡᠷᠡᠴᠢᠯᠡᠯᠲᠡ ᠵᠢ ᠰᠢᠰᠲ᠋ᠧᠮ᠎ᠲᠠᠢ ᠲᠥᠯᠥᠪᠵᠢᠭᠦᠯᠵᠦ᠂ ᠷᠠᠳᠢᠣ᠋ ᠲᠧᠯᠸᠢᠰ᠎ᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠤᠶ᠋ᠢᠵᠢᠭᠤᠯᠤᠨ ᠬᠥᠭᠵᠢᠭᠦᠯᠵᠦ᠂ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

   ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠶᠡᠷᠦᠩᠬᠡᠶ ᠢᠨᠵᠧᠨᠧᠷ᠂ ᠲᠣᠪᠴᠢᠶ᠎ᠠ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠂ ᠪᠠᠶ᠋ᠢᠭᠤᠯᠭ᠎ᠠ ᠵᠢᠨ ᠡᠯ᠎ᠡ ᠭᠠᠵᠠᠷ ᠬᠡᠷ ᠪᠠ ᠲᠣᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠨᠠᠮ᠎ᠤᠨ ᠭᠡᠰᠢᠭᠦᠨ ᠺᠠᠳ᠋ᠷ ᠨᠡᠶ᠋ᠢᠲᠡ 723 ᠬᠥᠮᠦᠨ ᠸᠢᠳᠢᠣ᠋ ᠬᠡᠯᠪᠡᠷᠢ᠎ᠪᠠᠷ ᠬᠤᠷᠠᠯ᠎ᠳᠤ ᠣᠷᠣᠯᠴᠠᠪᠠ᠃

(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ