1 ᠳ᠋ᠦ᠍ᠭᠡᠷ ᠰᠠᠷ᠎ᠠ ᠵᠢᠨ 14᠎ᠤ ᠡᠳᠦᠷ᠎ᠤᠨ ᠦᠳᠡ ᠵᠢᠨ ᠡᠮᠦᠨᠡᠬᠢ 9 ᠴᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ ᠥᠪᠥᠷ ᠮᠣᠩᠭᠤᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠲᠧᠯᠸᠢᠰ᠂ ᠰᠦᠯᠵᠢᠶ᠎ᠡ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠬᠦᠯᠢᠶᠡᠨ ᠠᠪᠴᠤ ᠰᠣᠨᠣᠰᠪᠠ ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠪᠠᠶ᠋ᠢᠭᠤᠯᠭ᠎ᠠ ᠵᠢᠨ ᠠᠯᠪᠠᠲᠠᠨ ᠪᠠ ᠲᠣᠪᠴᠢᠶ᠎ᠠ ᠵᠢᠨ ᠬᠠᠷᠢᠶ᠎ᠠ ᠡᠯ᠎ᠡ ᠠᠵᠢᠯ ᠦᠢ᠍ᠯᠡᠰ᠎ᠤᠨ ᠨᠢᠭᠡᠴᠢ ᠵᠢᠨ ᠨᠠᠮ᠎ᠤᠨ ᠭᠡᠰᠢᠭᠦᠨ ᠺᠠᠳ᠋ᠷ ᠨᠡᠶ᠋ᠢᠲᠡ 875 ᠬᠥᠮᠦᠨ ᠡᠬᠢᠯᠡᠯᠲᠡ ᠵᠢᠨ ᠬᠤᠷᠠᠯ᠎ᠤᠨ ᠪᠣᠳᠠᠲᠤ ᠪᠠᠶ᠋ᠢᠳᠠᠯ᠎ᠢ ᠬᠦᠯᠢᠶᠡᠨ ᠠᠪᠴᠤ ᠦᠵᠡᠪᠡ ᠃
ᠤᠯᠠᠨ ᠵᠶ᠋ᠠᠷ ᠵᠶ᠋ᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠭᠤᠣᠯᠳᠠᠯᠭ᠎ᠠ ᠲᠤᠪᠤᠶ᠋ᠢᠮ᠎ᠠ᠂ ᠪᠣᠲᠠᠲᠤ ᠵᠦᠢ᠍ᠯ ᠣᠯᠠᠨ ᠂ ᠬᠢᠯᠠᠰ ᠴᠡᠭ ᠵᠠᠯᠭ᠋ᠠᠭ᠎ᠠ᠎ᠪᠠᠷ ᠢᠯᠡᠷᠡᠵᠦ᠂ ᠴᠤᠭ ᠵᠢᠪᠬᠤᠭ᠎ᠠ ᠵᠢ ᠪᠠᠳᠠᠷᠠᠭᠤᠯᠵᠤ᠂ ᠡᠷᠴᠢ ᠵᠣᠷᠢᠭ ᠵᠶ᠋ᠠᠨ ᠬᠥᠪᠴᠢᠯᠡᠭᠰᠡᠨ ᠰᠠᠶ᠋ᠢᠨ ᠮᠡᠳᠡᠭᠦᠯᠦᠯᠲᠡ ᠪᠣᠯᠵᠤ᠂ ᠳᠠᠷᠠᠭ᠋ᠠᠴᠢ ᠵᠢᠨ ᠠᠯᠬᠤᠮ᠎ᠤᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ᠎ᠳᠤ ᠴᠢᠭᠯᠡᠯ᠎ᠢ ᠲᠣᠳᠣᠷᠬᠠᠢ ᠵᠢᠭ᠋ᠠᠵᠤ᠂ ᠬᠦᠴᠦᠨ ᠴᠢᠳᠠᠯ᠎ᠢ ᠨᠢᠭᠲᠠᠷᠠᠭᠤᠯᠪᠠ᠂ ᠶᠡᠭᠡ ᠬᠤᠷᠠᠯ ᠬᠤᠷᠠᠯᠳᠤᠭᠰᠠᠨ᠎ᠨᠢ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠠᠶ᠋ᠢᠭ᠋ᠠᠳ ᠥᠪᠥᠷ ᠮᠣᠩᠭᠤᠯ᠎ᠤᠨ ᠶᠠᠪᠤᠳᠠᠯ᠎ᠢ ᠨᠡᠩ ᠰᠠᠶ᠋ᠢᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠨ᠎ᠡ ᠭᠡᠵᠡᠭᠡᠪᠡ ᠃ ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠦᠢ᠍ᠯᠡᠴᠢᠯᠡᠭᠡᠨ᠎ᠤ ᠲᠣᠭᠤᠷᠢᠨ᠎ᠳᠤ 《ᠲᠠᠪᠤᠨ ᠶᠡᠭᠡ ᠡᠭᠦᠷᠭᠡ》 ᠵᠢ ᠦᠷᠭᠦᠯᠵᠢᠯᠡᠨ ᠠᠬᠢᠭᠤᠯᠬᠤ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠶ᠋ᠢᠭᠤᠯᠤᠨ ᠥᠷᠨᠢᠭᠦᠯᠵᠤ᠂ ᠳᠣᠲᠣᠭ᠋ᠠᠳᠤ᠎ᠳᠤ᠎ᠪᠠᠨ ᠪᠠ ᠭᠠᠳᠠᠭ᠋ᠠᠳᠤ᠎ᠳᠤ ᠬᠠᠨᠳᠤᠭᠤᠯᠤᠭᠰᠠᠨ ᠡᠯ᠎ᠡ ᠲᠥᠷᠥᠯ᠎ᠤᠨ ᠤᠬᠠᠭᠤᠯᠭ᠎ᠠ ᠵᠢᠨ ᠡᠬᠢ ᠪᠠᠶᠠᠯᠢᠭ᠎ᠢ ᠨᠢᠭᠡᠳᠦᠯᠲᠡᠢ ᠲᠦᠯᠦᠪᠯᠡᠨ ᠂ ᠨᠡᠮᠡᠭᠳᠡᠯ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠵᠢ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠵᠢᠱ᠌ᠢᠯᠲᠡ ᠪᠠ ᠢᠲᠡᠭᠡᠯ᠎ᠢ ᠦᠷᠭᠦᠯᠵᠢᠯᠡᠨ ᠬᠥᠭᠵᠢᠭᠡᠵᠦ᠂ ᠳᠤᠮᠳᠠᠳᠤ ᠤᠯᠤᠰ᠎ᠤᠨ ᠠᠵᠤ ᠠᠬᠤᠢ ᠵᠢᠨ ᠭᠡᠭᠡᠨ ᠰᠠᠷᠠᠭᠤᠯ ᠤᠨᠤᠯ᠎ᠢ ᠦᠷᠭᠦᠯᠵᠢᠯᠡᠨ ᠴᠤᠤᠷᠢᠶᠠᠲᠤᠭᠤᠯᠵᠤ᠂ ᠪᠦᠬᠦ ᠣᠷᠣᠨ᠎ᠤ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ᠎ᠳᠤ ᠬᠦᠴᠦᠨ ᠨᠡᠮᠡᠷᠢᠯᠡᠬᠦ ᠪᠣᠯᠣᠨ᠎ᠠ ᠃
ᠠᠯᠪᠠᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ