ᠤᠯᠠᠭ᠋ᠠᠨᠬᠦᠦ ᠵᠢᠨ ᠰᠠᠭᠤᠷᠢ ᠮᠥᠩᠭᠦᠨ᠎ᠤ ᠨᠡᠶ᠋ᠢᠭᠡᠮᠯᠢᠭ᠎ᠤᠨ ᠠᠯᠪᠠᠨ ᠬᠡᠷ᠎ᠤᠨ ᠨᠠᠮ᠎ᠤᠨ ᠡᠭᠦᠷ᠎ᠤᠨ᠎ᠬᠢᠨ ᠲᠣᠪᠴᠢᠶᠠᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠠᠵᠠᠷ᠎ᠤᠨ ᠨᠠᠮ᠎ᠤᠨ ᠡᠭᠦᠷ᠎ᠲᠠᠢ ᠬᠠᠮᠲᠤᠷᠠᠨ ᠯᠢ ᠴᠧᠩ ᠨᠡᠶ᠋ᠢᠭᠡᠮ ᠲᠣᠭᠤᠷᠢᠭ᠎ᠲᠤ ᠬᠦᠷᠴᠦ ᠨᠠᠮ᠎ᠤᠨ ᠭᠡᠰᠢᠭᠦᠨ᠎ᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
2024-12-31



  《ᠬᠤᠶᠠᠷ  ᠨᠡᠷ᠎ᠡ ᠮᠡᠳᠡᠭᠦᠯᠬᠦ᠂ ᠬᠤᠶᠠᠷ ᠦᠢ᠍ᠯᠡᠴᠢᠯᠡᠭᠡ ᠂ ᠬᠤᠶᠠᠷ ᠮᠡᠳᠡᠭᠦᠯᠦᠯᠲᠡ 》 ᠠᠵᠢᠯ᠎ᠤᠨ ᠲᠦᠷᠢᠮ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠪᠥᠬᠦ ᠲᠠᠯ᠎ᠠ᠎ᠪᠠᠷ ᠠᠬᠢᠭᠤᠯᠵᠤ ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠵᠢᠨ ᠲᠤᠰᠠᠳᠠ ᠂ 12 ᠳ᠋ᠤᠭ᠋ᠠᠷ ᠰᠠᠷ᠎ᠠ ᠵᠢᠨ 26᠎ᠤ ᠡᠳᠦᠷ᠎ᠤᠨ ᠦᠳᠡ ᠵᠢᠨ ᠬᠤᠶ᠋ᠢᠨ᠎ᠠ᠂ ᠤᠯᠠᠭ᠋ᠠᠨᠬᠦᠦ ᠵᠢᠨ ᠰᠠᠭᠤᠷᠢ ᠮᠥᠩᠭᠦᠨ᠎ᠤ ᠨᠡᠶ᠋ᠢᠭᠡᠮᠯᠢᠭ᠎ᠤᠨ ᠠᠯᠪᠠᠨ ᠬᠡᠷ᠎ᠤᠨ ᠨᠠᠮ᠎ᠤᠨ ᠡᠭᠦᠷ᠎ᠤᠨ᠎ᠬᠢᠨ ᠲᠣᠪᠴᠢᠶᠠᠨ᠎ᠤ  ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠠᠵᠠᠷ᠎ᠤᠨ ᠨᠠᠮ᠎ᠤᠨ ᠡᠭᠦᠷ᠎ᠲᠠᠢ ᠬᠠᠮᠲᠤᠷᠠᠨ 《ᠨᠡᠶ᠋ᠢᠭᠡᠮ ᠲᠣᠭᠤᠷᠢᠭ᠎ᠲᠤ ᠦᠢ᠍ᠯᠡᠴᠢᠯᠡᠬᠦ᠂ ᠡᠩᠨᠡᠭᠡ ᠪᠠᠶ᠋ᠢᠭᠤᠯᠬᠤ》 ᠬᠤᠶᠠᠷ ᠵᠦᠢ᠍ᠯ᠎ᠤᠨ ᠡᠭᠦᠷᠭᠡ ᠵᠢᠨ ᠲᠣᠭᠤᠷᠢᠨ᠎ᠳᠤ᠂ ᠨᠠᠮ᠎ᠤᠨ ᠡᠭᠦᠷ᠎ᠤᠨ ᠨᠠᠮ᠎ᠤᠨ ᠭᠡᠰᠢᠭᠦᠳ᠎ᠤᠨ ᠨᠡᠶ᠋ᠢᠭᠡᠮ ᠲᠣᠭᠤᠷᠢᠭ᠎ᠲᠤ ᠢᠳᠡᠪᠬᠢᠲᠡᠶ ᠣᠴᠢᠬᠤ ᠵᠢ ᠱᠠᠯᠠᠪᠳᠠᠭᠤᠯᠵᠤ᠂ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠵᠣᠯᠭ᠋ᠠᠭᠤᠯᠵᠤ᠂ 《ᠬᠠᠶ᠋ᠢᠷ᠎ᠠ ᠬᠠᠯᠠᠮᠵᠢ ᠵᠢᠨ ᠠᠵᠢᠯᠯᠠᠭ᠎ᠠ᠎ᠳᠤ ᠰᠠᠶ᠋ᠢᠨ ᠳᠤᠷ᠎ᠠ᠎ᠠᠴᠠ᠎ᠪᠠᠨ ᠣᠷᠣᠯᠴᠠᠬᠤ》 ᠨᠠᠮ᠎ᠤᠨ ᠭᠡᠰᠢᠭᠦᠨ᠎ᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠪᠡ᠃

   ᠯᠢ ᠴᠧᠩ ᠨᠡᠶ᠋ᠢᠭᠡᠮ ᠲᠣᠭᠤᠷᠢᠭ᠎ᠤᠨ ᠠᠵᠢᠯᠲᠠᠳ ᠨᠡᠶ᠋ᠢᠭᠡᠮ ᠲᠣᠭᠤᠷᠢᠭ᠎ᠤᠨ ᠦᠨᠳᠦᠰᠦᠨ ᠪᠠᠶ᠋ᠢᠳᠠᠯ᠂ ᠦᠨᠳᠦᠰᠦᠨ ᠱᠠᠲᠤᠨ᠎ᠤ ᠵᠠᠰᠠᠯᠲᠠ ᠵᠢᠨ ᠠᠵᠢᠯ᠎ᠤᠨ ᠬᠦᠨᠳᠦ ᠬᠦᠴᠢᠷᠳᠡᠯ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠢᠯᠠᠰ ᠴᠡᠭ ᠵᠡᠷᠭᠡ ᠵᠢ ᠨᠠᠷᠢᠨ ᠲᠠᠨᠢᠯᠴᠠᠭᠤᠯᠪᠠ᠃ ᠤᠯᠠᠭ᠋ᠠᠨᠬᠦᠦ ᠵᠢᠨ ᠰᠠᠭᠤᠷᠢ ᠮᠥᠩᠭᠦᠨ᠎ᠤ ᠨᠡᠶ᠋ᠢᠭᠡᠮᠯᠢᠭ᠎ᠤᠨ ᠠᠯᠪᠠᠨ ᠭᠡᠷ᠎ᠤᠨ ᠨᠠᠮ᠎ᠤᠨ ᠡᠭᠦᠷ᠂ ᠲᠣᠪᠴᠢᠶᠠᠨ᠎ᠤ  ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠠᠵᠠᠷ᠎ᠤᠨ ᠨᠠᠮ᠎ᠤᠨ ᠡᠭᠦᠷ᠎ᠨᠢ ᠬᠡᠷᠬᠢᠨ ᠨᠡᠶ᠋ᠢᠭᠡᠮ ᠲᠣᠭᠤᠷᠢᠭ᠎ᠤᠨ ᠦᠢ᠍ᠯᠡᠴᠢᠯᠡᠭᠡ ᠵᠢ  ᠴᠢᠩᠭ᠋ᠠᠳᠬᠠᠬᠤ᠂ ᠨᠡᠶ᠋ᠢᠭᠡᠮ ᠲᠣᠭᠤᠷᠢᠭ᠎ᠤᠨ ᠵᠠᠰᠠᠯᠲᠠ ᠵᠢ ᠳᠡᠭᠡᠭᠰᠢᠯᠡᠭᠦᠯᠬᠦ᠂ ᠨᠡᠶ᠋ᠢᠭᠡᠮ ᠲᠣᠭᠤᠷᠢᠭ᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠡᠷᠭᠡ ᠠᠭᠤᠯᠭ᠎ᠠ ᠵᠢᠨ ᠲᠣᠭᠤᠷᠢᠨ᠎ᠳᠤ ᠶᠠᠷᠢᠯᠴᠠᠬᠤ ᠬᠤᠷᠠᠯ ᠬᠤᠷᠠᠯᠳᠤᠭᠤᠯᠪᠠ᠃

   ᠬᠤᠷᠠᠯ᠎ᠤᠨ ᠳᠠᠷᠠᠭ᠎ᠠ᠂ ᠤᠯᠠᠭ᠋ᠠᠨᠬᠦᠦ ᠵᠢᠨ ᠰᠠᠭᠤᠷᠢ ᠮᠥᠩᠭᠦᠨ᠎ᠤ ᠨᠡᠶ᠋ᠢᠭᠡᠮᠯᠢᠭ᠎ᠤᠨ ᠠᠯᠪᠠᠨ ᠬᠡᠷ᠎ᠤᠨ ᠨᠠᠮ᠎ᠤᠨ ᠡᠭᠦᠷ᠂ ᠲᠣᠪᠴᠢᠶᠠᠨ᠎ᠤ  ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ  ᠭᠠᠵᠠᠷ᠎ᠤᠨ ᠨᠠᠮ᠎ᠤᠨ ᠡᠭᠦᠷ᠎ᠠᠴᠠ ᠨᠡᠶ᠋ᠢᠭᠡᠮ ᠲᠣᠭᠤᠷᠢᠭ᠎ᠲᠤ ᠨᠣᠮ ᠪᠢᠴᠢᠭ ᠪᠠ ᠷᠠᠳᠢᠣ᠋ ᠬᠠᠨᠳᠢᠪᠯᠠᠭᠰᠠᠨ ᠪᠥᠭᠡᠳ ᠵᠠᠯᠠᠭᠤ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠠᠷᠢᠭᠤᠨ ᠴᠡᠪᠡᠷ ᠨᠡᠶ᠋ᠢᠭᠡᠮ ᠲᠣᠭᠤᠷᠢᠭ᠎ᠤᠨ ᠡᠷᠡᠭᠦᠯ ᠬᠠᠮᠠᠭ᠋ᠠᠯᠠᠯ᠎ᠤᠨ ᠡᠭᠦᠷᠭᠡ ᠵᠢ ᠢᠳᠡᠪᠬᠢᠲᠡᠶ ᠳᠠᠭ᠋ᠠᠭ᠋ᠠᠯᠭ᠋ᠠᠵᠤ ᠂ ᠨᠡᠶ᠋ᠢᠭᠡᠮ ᠲᠣᠭᠤᠷᠢᠭ᠎ᠤᠨ  ᠠᠷᠢᠭᠤᠨ ᠴᠡᠪᠡᠷ᠎ᠢ  ᠴᠢᠩᠭ᠋ᠠᠳᠬᠠᠪᠠ ᠃

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ