ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ ᠠᠩᠬᠠᠳᠤᠭ᠋ᠠᠷ ᠤᠳᠠᠭ᠋ᠠᠨ᠎ᠤ (ᠥᠷᠭᠡᠳᠬᠡᠭᠰᠡᠨ) ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
2025-01-25



  1 ᠳ᠋ᠦ᠍ᠭᠡᠷ ᠰᠠᠷ᠎ᠠ ᠵᠢᠨ 24᠎ᠤ ᠡᠳᠦᠷ᠂ ᠲᠣᠪᠴᠢᠶᠠᠨ᠎ᠤ  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ 2025 ᠣᠨ᠎ᠤ ᠠᠩᠬᠠᠳᠤᠭ᠋ᠠᠷ ᠤᠳᠠᠭ᠋ᠠᠨ᠎ᠤ ᠥᠷᠭᠡᠳᠬᠡᠭᠰᠡᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ 2024 ᠣᠨ᠎ᠤ ᠠᠷᠠᠳᠴᠢᠯᠠᠯ᠎ᠤᠨ  ᠠᠮᠢᠳᠤᠷᠠᠯ᠎ᠤᠨ ᠬᠤᠷᠠᠯ᠎ᠤᠨ ᠭᠤᠤᠯ ᠰᠡᠳᠦᠪ᠎ᠤᠨ ᠲᠣᠭᠤᠷᠢᠨ᠎ᠳᠤ ᠭᠦᠨᠵᠡᠭᠡᠶ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠲᠣᠪᠴᠢᠶᠠᠨ᠎ᠤ  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠵᠠᠩ ᠢ ᠮᠢᠨ ᠬᠤᠷᠠᠯ᠎ᠢ ᠡᠷᠭᠢᠯᠡᠵᠦ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠲᠣᠭᠤᠷᠢᠨ ᠪᠠᠶ᠋ᠢᠴᠠᠭ᠋ᠠᠭᠴᠢ᠂ ᠶᠡᠷᠦᠩᠬᠡᠶ ᠢᠨᠵᠧᠨᠧᠷ᠂ ᠪᠠᠶ᠋ᠢᠭᠤᠯᠭ᠎ᠠ ᠵᠢᠨ ᠡᠯ᠎ᠡ ᠭᠠᠵᠠᠷ ᠬᠡᠷ᠂ ᠲᠣᠪᠴᠢᠶᠠᠨ᠎ᠤ  ᠬᠠᠷᠢᠶ᠎ᠠ ᠡᠯ᠎ᠡ ᠠᠵᠢᠯ ᠦᠢ᠍ᠯᠡᠰ᠎ᠤᠨ  ᠨᠢᠭᠡᠴᠢ ᠵᠢᠨ ᠭᠤᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃

   ᠬᠤᠷᠠᠯ᠎ᠠᠴᠠ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠳᠤᠷᠢᠳᠬᠤ ᠪᠠᠭ᠎ᠤᠨ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠣᠯ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠲᠣᠭ᠋ᠠᠯᠠᠨ ᠪᠦᠷᠢᠳᠬᠡᠬᠦ᠂ ᠪᠠᠶ᠋ᠢᠴᠠᠭ᠋ᠠᠨ ᠦᠵᠡᠬᠦ ᠶᠠᠪᠤᠳᠠᠯ ᠮᠥᠨ᠂ ᠤᠳᠤᠷᠢᠳᠬᠤ ᠪᠠᠭ᠎ᠤᠨ ᠰᠤᠷᠤᠯᠴᠠᠯᠭ᠎ᠠ ᠵᠢᠨ ᠶᠠᠰᠤ ᠴᠢᠨᠠᠷ ᠦᠷ᠎ᠡ ᠪᠦᠲᠦᠮᠵᠢ ᠵᠢᠨ ᠨᠢᠭᠡ ᠤᠳᠠᠭ᠋ᠠᠨ᠎ᠤ ᠤᠯᠤᠰ ᠲᠦᠷᠦ ᠵᠢᠨ ᠪᠠᠶ᠋ᠢᠴᠠᠭ᠋ᠠᠯᠲᠠ ᠮᠥᠨ᠂ ᠪᠠᠰᠠ ᠴᠤ᠌ ᠤᠳᠤᠷᠢᠳᠬᠤ ᠪᠠᠭ᠎ᠤᠨ ᠭᠡᠰᠢᠭᠦᠳ᠎ᠤᠨ  ᠦᠵᠡᠯ ᠰᠠᠨᠠᠭ᠋ᠠᠨ᠎ᠤ ᠨᠢᠭᠡ ᠤᠳᠠᠭ᠋ᠠᠨ᠎ᠤ ᠤᠯᠤᠰ ᠲᠦᠷᠦ ᠵᠢᠨ ᠠᠷᠢᠭᠤᠳᠬᠠᠯ ᠮᠥᠨ᠂ ᠦᠵᠡᠯ ᠰᠠᠨᠠᠭ᠋ᠠᠨ᠎ᠤ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠤᠰ ᠲᠦᠷᠦ ᠵᠢᠨ ᠲᠠᠯ᠎ᠠ᠎ᠪᠠᠷ ᠲᠥᠪ ᠴᠢᠩᠭ᠎ᠠ ᠬᠠᠨᠳᠤᠵᠤ᠂ ᠠᠵᠢᠯᠯᠠᠭ᠎ᠠ ᠵᠢᠨ ᠲᠠᠯ᠎ᠠ᠎ᠪᠠᠷ ᠭᠦᠢ᠍ᠴᠡᠳ ᠪᠡᠯᠡᠳᠬᠡᠯ ᠬᠢᠵᠦ᠂ ᠲᠥᠰᠦᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠢ ᠲᠥᠪ ᠴᠢᠩᠭ᠎ᠠ ᠪᠣᠯᠭ᠋ᠠᠵᠤ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠴᠢᠨᠠᠷ ᠰᠠᠶ᠋ᠢᠲᠠᠢ ᠰᠠᠶ᠋ᠢᠲᠤᠷ ᠬᠤᠷᠠᠯᠳᠤᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

   ᠬᠤᠷᠠᠯ᠎ᠠᠴᠠ ᠂ ᠲᠣᠪᠴᠢᠶᠠᠨ᠎ᠤ  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠳᠤᠷᠢᠳᠬᠤ ᠪᠠᠭ᠎ᠤᠨ ᠭᠡᠰᠢᠭᠦᠳ  ᠰᠡᠳᠬᠢᠯ ᠨᠢᠭᠡᠳᠦᠨ ᠰᠦᠭ ᠰᠦᠨᠡᠰᠦ᠎ᠪᠠᠨ  ᠨᠢᠭᠲᠠᠷᠠᠭᠤᠯᠵᠤ᠂ ᠥᠪᠡᠷ᠎ᠤᠨ ᠰᠤᠷᠤᠯᠴᠠᠯᠭ᠎ᠠ᠎ᠪᠠᠨ  ᠴᠢᠩᠭ᠋ᠠᠳᠬᠠᠵᠤ᠂ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ᠎ᠪᠠᠨ ᠨᠢᠭᠡᠳᠬᠡᠵᠦ᠂ ᠤᠬᠠᠮᠰᠠᠷ ᠵᠶ᠋ᠠᠨ ᠴᠢᠩᠭ᠋ᠠᠳᠬᠠᠵᠤ᠂ ᠦᠵᠡᠯ ᠰᠠᠨᠠᠭ᠋ᠠᠨ᠎ᠤ ᠰᠠᠭᠤᠷᠢ᠎ᠪᠠᠨ ᠪᠠᠲᠤᠳᠬᠠᠬᠤ ᠬᠡᠷᠡᠭᠲᠡᠢ; ᠦᠨᠡᠨ᠎ᠠᠴᠠ ᠵᠥᠪ᠎ᠢ ᠡᠷᠢᠵᠦ᠂ ᠪᠣᠳᠠᠲᠠᠶ᠎ᠲᠠᠢ ᠤᠶᠠᠯᠳᠤᠭᠤᠯᠤᠨ᠂ ᠬᠠᠷᠠᠯᠲᠠ᠎ᠲᠠᠢ᠎ᠪᠠᠷ ᠰᠤᠮᠤ ᠬᠠᠷᠪᠤᠵᠤ᠂ ᠠᠰᠠᠭᠤᠳᠠᠯ᠎ᠢ ᠣᠨᠣᠪᠴᠢᠲᠠᠶ ᠡᠷᠢᠵᠦ᠂ ᠪᠦᠷᠢᠨ ᠭᠦᠢ᠍ᠴᠡᠳ ᠡᠷᠢᠬᠦ ᠬᠡᠷᠡᠭᠲᠡᠶ; ᠭᠤᠣᠯ ᠰᠡᠳᠦᠪ ᠪᠣᠯᠤᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠤᠣᠯ ᠰᠡᠳᠦᠪ ᠪᠣᠯᠤᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠬᠦ ᠵᠢ ᠪᠠᠷᠢᠮᠲᠠᠯᠠᠵᠤ᠂ ᠥᠪᠡᠷ᠎ᠢ᠎ᠪᠠᠨ ᠪᠠᠭᠲᠠᠭ᠋ᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠭᠲᠠᠭ᠋ᠠᠵᠤ᠂ ᠠᠵᠢᠯ ᠵᠶ᠋ᠠᠨ ᠪᠠᠭᠲᠠᠭ᠋ᠠᠵᠤ᠂ ᠭᠦᠨᠵᠡᠭᠡᠢ ᠵᠠᠳᠠᠯᠤᠨ ᠪᠠᠶ᠋ᠢᠴᠠᠭ᠋ᠠᠬᠤ ᠬᠡᠷᠡᠭᠲᠡᠢ; ᠬᠠᠲᠠᠭᠤ᠎ᠲᠠᠢ ᠬᠠᠯᠳᠠᠵᠤ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠤᠨ ᠬᠦᠴᠦᠲᠦ ᠵᠡᠪᠰᠡᠭ᠎ᠢ ᠰᠠᠶ᠋ᠢᠲᠤᠷ ᠬᠡᠷᠡᠭᠯᠡᠵᠦ᠂ ᠨᠢᠭᠤᠵᠤ ᠳᠠᠯᠳᠠᠯᠠᠬᠤ ᠦᠭᠡᠢ᠂ ᠬᠦᠨᠳᠦ᠎ᠠᠴᠠ ᠵᠠᠶ᠋ᠢᠯᠠᠵᠤ ᠬᠥᠩᠭᠡᠨ᠎ᠢ ᠡᠷᠢᠬᠦ ᠦᠭᠡᠢ ᠪᠠᠶ᠋ᠢᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠵᠢ ᠡᠷᠬᠢᠮᠯᠡᠵᠦ᠂ ᠴᠡᠭᠴᠡᠯᠡᠨ ᠰᠠᠶ᠋ᠢᠵᠢᠷᠠᠭᠤᠯᠬᠤ ᠲᠥᠰᠦᠯ ᠲᠣᠭᠲᠠᠭ᠋ᠠᠵᠤ᠂ ᠠᠰᠠᠭᠤᠳᠠᠯ᠎ᠤᠨ ᠨᠠᠷᠢᠨ ᠳᠠᠩᠰᠠ ᠵᠢ ᠵᠢᠭᠰᠠᠭ᠋ᠠᠵᠤ᠂ ᠬᠠᠨᠳᠤᠯᠭ᠋ᠠᠲᠤ ᠴᠢᠨᠠᠷᠲᠠᠶ ᠪᠠ ᠬᠡᠷᠡᠭᠵᠢᠭᠦᠯᠵᠦ ᠪᠣᠯᠬᠤᠶ᠋ᠢᠴᠠ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠳᠤᠷᠠᠳᠴᠤ᠂ ᠠᠰᠠᠭᠤᠳᠠᠯ᠎ᠢ ᠲᠤᠭᠤᠰᠢᠲᠠᠢ ᠴᠡᠭᠴᠡᠯᠡᠨ ᠰᠠᠶ᠋ᠢᠵᠢᠷᠠᠭᠤᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

   ᠬᠤᠷᠠᠯ᠎ᠠᠴᠠ ᠂ ᠲᠣᠪᠴᠢᠶᠠᠨ᠎ᠤ  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠳᠤᠷᠢᠳᠬᠤ ᠪᠠᠭ᠎ᠤᠨ ᠭᠡᠰᠢᠭᠦᠳ  ᠬᠢᠨᠠᠨ ᠵᠢᠯᠣᠭᠤᠳᠬᠤ ᠳᠤᠭᠤᠶ᠋ᠢᠯᠠᠩ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠪᠦᠬᠦ ᠶᠠᠪᠤᠴᠠ᠎ᠳᠤ ᠬᠢᠨᠠᠯᠲᠠ ᠲᠠᠯᠪᠢᠵᠤ ᠵᠢᠭ᠋ᠠᠨ ᠵᠢᠯᠣᠭᠤᠳᠬᠤ᠎ᠳᠤ ᠢᠳᠡᠪᠬᠢᠲᠡᠢ ᠬᠠᠮᠵᠢᠯᠴᠠᠵᠤ᠂ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ ᠵᠣᠬᠢᠶᠠᠨ ᠪᠠᠶ᠋ᠢᠭᠤᠯᠵᠤ ᠵᠣᠬᠢᠴᠠᠭᠤᠯᠬᠤ᠎ᠪᠠᠨ ᠴᠢᠩᠭ᠋ᠠᠳᠬᠠᠵᠤ᠂ ᠬᠤᠷᠠᠯ᠎ᠠᠴᠠ ᠡᠮᠦᠨᠡᠬᠢ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠰᠠᠶ᠋ᠢᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ᠃

(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ