ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠪᠠᠶᠠᠷ ᠬᠥᠷ᠎ᠲᠠᠢ ᠥᠯᠵᠡᠶ ᠪᠡᠯᠭᠡᠲᠦ ᠪᠠᠶᠠᠷ᠎ᠤᠨ ᠡᠳᠦᠷ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠵᠢᠨ ᠲᠤᠰᠠᠳᠠ ᠂ 1 ᠳ᠋ᠦ᠍ᠭᠡᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ 2025 ᠣᠨ᠎ᠤ ᠴᠠᠭ᠋ᠠᠨ ᠰᠠᠷ᠎ᠠ ᠵᠢᠨ 《ᠬᠤᠤᠰ ᠤᠶᠠᠩᠭ᠎ᠠ ᠪᠢᠴᠢᠵᠦ᠂ ᠮᠡᠨᠳᠦᠴᠢᠯᠡᠯ ᠳᠡᠪᠰᠢᠭᠦᠯᠬᠦ》 ᠠᠵᠢᠯᠯᠠᠭ᠎ᠠ ᠵᠢ ᠥᠷᠨᠢᠭᠦᠯᠵᠦ᠂ ᠥᠪᠥᠷ ᠮᠣᠩᠭᠤᠯ᠎ᠤᠨ ᠤᠷᠠᠨ ᠪᠢᠴᠢᠯᠭᠡᠲᠡᠨ᠎ᠤ ᠨᠡᠶ᠋ᠢᠭᠡᠮᠯᠢᠭ᠎ᠤᠨ ᠤᠷᠠᠨ ᠪᠢᠴᠢᠯᠭᠡᠲᠡᠳᠢ ᠤᠷᠢᠵᠤ ᠲᠤᠬᠠᠶ ᠵᠢᠨ ᠲᠠᠯᠠᠪᠠᠶ᠎ᠳᠤ ᠬᠤᠣᠰ ᠤᠶᠠᠩᠭ᠎ᠠ ᠪᠢᠴᠢᠭᠦᠯᠵᠦ ᠂ ᠮᠡᠨᠳᠦᠴᠢᠯᠡᠯ ᠳᠡᠪᠰᠢᠭᠦᠯᠪᠡ᠃ ᠲᠣᠪᠴᠢᠶᠠᠨ᠎ᠤ ᠤᠳᠤᠷᠢᠳᠤᠯᠭ᠎ᠠ᠂ ᠲᠣᠪᠴᠢᠶᠠᠨ᠎ᠤ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠨ ᠠᠬᠠᠮᠠᠳ ᠺᠠᠳ᠋ᠷ᠂ ᠡᠯ᠎ᠡ ᠭᠠᠵᠠᠷ ᠠᠯᠪᠠᠨ ᠬᠡᠷ ᠨᠢᠭᠡᠴᠢ ᠵᠢᠨ ᠠᠵᠢᠯᠲᠠᠨ ᠨᠡᠶ᠋ᠢᠲᠡ 70 ᠭᠠᠷᠤᠶ ᠬᠥᠮᠦᠨ ᠠᠵᠢᠯᠯᠠᠭ᠎ᠠ᠎ᠳᠤ ᠣᠷᠣᠯᠴᠠᠵᠠᠶ᠃

ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠤᠷᠠᠨ ᠪᠢᠴᠢᠯᠭᠡᠲᠡᠳ ᠪᠢᠷ ᠪᠡᠬᠡᠰ ᠵᠶ᠋ᠠᠨ ᠬᠤᠷᠦ᠋ᠢ᠍ᠯᠠᠵᠤ᠂ ᠪᠢᠷ᠎ᠤᠨ ᠦᠵᠦᠭᠦᠷ᠎ᠤᠨ ᠢᠳᠡᠷᠡᠭᠦᠨ ᠵᠣᠷᠢᠭ ᠵᠶ᠋ᠠᠷ ᠤᠯᠠᠮᠵᠢᠯᠠᠯᠲᠤ ᠴᠠᠭ᠋ᠠᠨ ᠰᠠᠷ᠎ᠠ ᠵᠢᠨ ᠦᠨᠦᠷ ᠠᠮᠲᠠ ᠵᠢ ᠪᠢᠯᠬᠠᠭᠤᠯᠵᠤ ᠂ ᠰᠠᠶ᠋ᠢᠨ ᠰᠠᠶ᠋ᠢᠬᠠᠨ ᠢᠷᠥᠭᠡᠯ ᠵᠥᠩᠨᠡᠯ ᠪᠠ ᠭᠦᠨ ᠵᠤᠵᠠᠭ᠋ᠠᠨ ᠰᠣᠶᠣᠯ᠎ᠤᠨ ᠠᠭᠤᠯᠬᠤᠨ᠎ᠢ ᠬᠤᠣᠰ ᠤᠶᠠᠩᠭᠠᠳᠤ ᠠᠭᠤᠰᠤᠯᠴᠠᠭᠤᠯᠵᠤ᠂ ᠺᠠᠳ᠋ᠷ ᠠᠵᠢᠯᠳᠠᠨ᠎ᠤ ᠤᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠴᠠᠭ᠋ᠠᠨ ᠰᠠᠷ᠎ᠠ ᠵᠢᠨ ᠪᠠᠶᠠᠷᠲᠤ ᠭᠦᠨ ᠵᠤᠵᠠᠭ᠋ᠠᠨ ᠰᠣᠶᠣᠯ᠎ᠤᠨ ᠠᠭᠤᠷ ᠠᠮᠢᠰᠬᠤᠯ᠎ᠢ ᠨᠡᠮᠡᠷᠢᠯᠡᠭᠰᠡᠨ ᠪᠠᠶ᠋ᠢᠨ᠎ᠠ᠃ ᠲᠤᠬᠠᠶ ᠵᠢᠨ ᠲᠠᠯᠠᠪᠠᠢ᠎ᠳᠤ ᠪᠠᠰᠠ ᠴᠣᠩᠬᠣᠨ᠎ᠤ ᠴᠠᠭ᠋ᠠᠰᠤᠨ ᠬᠠᠢ᠌ᠴᠢᠯᠠᠮᠠᠯ ᠬᠠᠶ᠋ᠢᠴᠢᠯᠠᠬᠤ ᠬᠥᠳᠡᠯᠭᠡᠭᠡᠨ ᠥᠷᠨᠢᠭᠦᠯᠵᠦ ᠂ ᠺᠠᠳ᠋ᠷ ᠠᠵᠢᠯᠲᠠᠨ ᠠᠵᠢᠯᠴᠢᠨ᠎ᠳᠤ ᠳᠤᠮᠳᠠᠳᠤ ᠵᠢᠨ ᠤᠯᠠᠮᠵᠢᠯᠠᠯᠲᠤ ᠴᠠᠭ᠋ᠠᠰᠤᠨ ᠬᠠᠶ᠋ᠢᠴᠢᠯᠠᠮᠠᠯ᠎ᠤᠨ ᠤᠷᠠᠯᠢᠭ᠎ᠤᠨ ᠷᠢᠳᠢ ᠰᠢᠳᠢ ᠵᠢ ᠪᠡᠶᠡᠴᠢᠯᠡᠨ ᠣᠢ᠌ᠯᠠᠭ᠋ᠠᠭᠤᠯᠪᠠ ᠃
(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )