ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠬᠤᠶᠠᠳᠤᠭ᠋ᠠᠷ ᠤᠳᠠᠭ᠋ᠠᠨ᠎ᠤ ᠨᠠᠮ᠎ᠤᠨ ᠭᠡᠰᠢᠭᠦᠨ᠎ᠤ ᠲᠥᠯᠥᠭᠡᠯᠡᠭᠴᠢᠳ᠎ᠤᠨ ᠶᠡᠭᠡ ᠬᠤᠷᠠᠯ ᠬᠤᠷᠠᠯᠳᠤᠪᠠ
2025-07-08

7 ᠳ᠋ᠤᠭ᠋ᠠᠷ ᠰᠠᠷ᠎ᠠ ᠵᠢᠨ 2᠎ᠤᠨ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠬᠤᠶᠠᠳᠤᠭ᠋ᠠᠷ ᠤᠳᠠᠭ᠋ᠠᠨ᠎ᠤ ᠨᠠᠮ᠎ᠤᠨ ᠭᠡᠰᠢᠭᠦᠨ᠎ᠤ ᠲᠥᠯᠥᠭᠡᠯᠡᠭᠴᠢᠳ᠎ᠤᠨ ᠶᠡᠭᠡ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠵᠠᠩ ᠢ ᠮᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠠᠩᠬᠠᠳᠤᠭ᠋ᠠᠷ ᠬᠤᠭᠤᠴᠠᠭ᠋ᠠᠨ᠎ᠤ ᠪᠠᠶ᠋ᠢᠭᠤᠯᠭ᠎ᠠ ᠵᠢᠨ ᠬᠣᠷᠢᠶ᠎ᠠ ᠵᠢ ᠲᠥᠯᠥᠭᠡᠯᠡᠨ ᠶᠡᠭᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠪᠠ᠃

ᠶᠡᠭᠡ ᠬᠤᠷᠠᠯ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠠᠩᠬᠠᠳᠤᠭ᠋ᠠᠷ ᠬᠤᠭᠤᠴᠠᠭ᠋ᠠᠨ᠎ᠤ ᠪᠠᠶ᠋ᠢᠭᠤᠯᠭ᠎ᠠ ᠵᠢᠨ ᠬᠤᠷᠢᠶ᠎ᠠ᠂ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠠ ᠨᠠᠮ᠎ᠤᠨ ᠰᠦᠢ᠍ᠳᠬᠡᠯ᠎ᠢ ᠬᠤᠷᠢᠶᠠᠨ ᠠᠪᠴᠤ ᠬᠡᠷᠡᠭᠯᠡᠬᠦ ᠬᠠᠮᠢᠶᠠᠷᠤᠯᠲᠠ ᠵᠢᠨ ᠪᠠᠶ᠋ᠢᠳᠠᠯ᠎ᠤᠨ ᠮᠡᠳᠡᠭᠦᠯᠦᠯᠲᠡ ᠵᠢ ᠬᠢᠨᠠᠨ ᠪᠠᠲᠣᠯᠠᠭ᠋ᠠᠳ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠬᠤᠶᠠᠳᠤᠭ᠋ᠠᠷ ᠬᠤᠭᠤᠴᠠᠭ᠋ᠠᠨ᠎ᠤ ᠪᠠᠶ᠋ᠢᠭᠤᠯᠭ᠎ᠠ ᠵᠢᠨ ᠬᠤᠷᠢᠶ᠎ᠠ᠂ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠡᠰᠢᠭᠦᠨ᠎ᠢ ᠰᠣᠩᠭᠣᠭᠣᠯᠢ᠎ᠪᠠᠷ ᠭᠠᠷᠭ᠋ᠠᠪᠠ᠃

ᠬᠤᠷᠠᠯ᠎ᠠᠴᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠤᠯᠤᠰ ᠲᠦᠷᠦ ᠵᠢᠨ ᠪᠠᠶ᠋ᠢᠭᠤᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠬᠤᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠰᠡᠳᠬᠢᠯ ᠰᠠᠨᠠᠭ᠎ᠠ᠎ᠪᠠᠨ ᠨᠢᠭᠡᠳᠬᠡᠨ ᠰᠦᠭ ᠰᠦᠨᠡᠰᠦ᠎ᠪᠠᠨ ᠱᠤᠭᠤᠬᠤ ᠵᠢ ᠪᠠᠷᠢᠮᠲᠠᠯᠠᠵᠤ᠂ 《ᠨᠠᠮ᠎ᠤᠨ ᠰᠢᠨ᠎ᠡ ᠵᠢ ᠡᠭᠦᠳᠬᠦ ᠤᠨᠤᠯ᠎ᠤᠨ ᠳᠠᠮᠵᠢᠭᠣᠯᠭ᠎ᠠ ᠵᠢᠨ ᠢᠨᠵᠧᠨᠧᠷᠢᠩ》᠎ᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠠᠵᠢᠯ᠎ᠤᠨ ᠤᠳᠤᠷᠢᠳᠤᠮᠵᠢ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠣᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠬᠤᠶᠠᠷ ᠶᠡᠭᠡ ᠶᠠᠪᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠵᠦ᠂ ᠠᠷᠠᠳ ᠤᠯᠠᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠲᠤᠬᠠᠢ ᠰᠢᠨ᠎ᠡ ᠬᠦᠰᠡᠯ ᠰᠢᠨ᠎ᠡ ᠬᠡᠷᠡᠭᠴᠡᠭᠡ ᠱᠠᠭ᠋ᠠᠷᠳᠠᠯᠭ᠎ᠠ᠎ᠳᠤ ᠢᠳᠡᠪᠬᠢᠲᠡᠢ ᠬᠠᠷᠢᠭᠤᠯᠲᠠ ᠦᠭᠬᠦ ᠬᠡᠷᠡᠭᠲᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠯᠤᠰ ᠲᠥᠷᠥ ᠵᠢᠨ ᠴᠢᠳᠠᠮᠵᠢ ᠪᠠ ᠵᠣᠬᠢᠶᠠᠨ ᠪᠠᠶ᠋ᠢᠭᠤᠯᠤᠯᠲᠠ ᠵᠢᠨ ᠴᠢᠳᠠᠮᠵᠢ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠦᠲᠦᠭᠡᠨ ᠪᠠᠢ᠌ᠭᠣᠯᠣᠯᠲᠠ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢ ᠲᠦᠯᠬᠢᠨ ᠠᠬᠢᠭᠣᠯᠬᠤ ᠬᠡᠷᠡᠭᠲᠡᠢ᠃ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠰᠢᠨᠲᠠᠷᠠᠰᠢ ᠦᠭᠡᠢ ᠴᠢᠷᠮᠠᠢ᠌ᠨ ᠨᠠᠶ᠋ᠢᠳᠠᠪᠤᠷᠢᠵᠢᠭᠤᠯᠵᠤ᠂ ᠰᠤᠷᠲᠠᠯ᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠴᠢᠨᠠᠷ ᠰᠠᠶ᠋ᠢᠲᠠᠶ ᠪᠠᠶ᠋ᠢᠭᠤᠯᠭ᠎ᠠ ᠵᠢᠨ ᠨᠠᠮ᠎ᠤᠨ ᠪᠦᠲᠦᠭᠡᠨ ᠪᠠᠶ᠋ᠢᠭᠤᠯᠤᠯᠲᠠ᠎ᠪᠠᠷ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠴᠢᠨᠠᠷ ᠰᠠᠶ᠋ᠢᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠬᠠᠭᠤᠳᠠᠰᠤ ᠵᠢ ᠪᠢᠴᠢᠭᠯᠡᠬᠦ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠤᠨ ᠲᠠᠷᠠᠭ᠎ᠠ᠂ ᠰᠢᠨ᠎ᠡ ᠨᠢᠭᠡ ᠬᠤᠭᠤᠴᠠᠭ᠋ᠠᠨ᠎ᠤ ᠪᠠᠶ᠋ᠢᠭᠤᠯᠭ᠎ᠠ ᠵᠢᠨ ᠬᠤᠷᠢᠶ᠎ᠠ᠂ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠲᠤᠰ ᠲᠤᠰ ᠠᠩᠬᠠᠳᠤᠭ᠋ᠠᠷ ᠤᠳᠠᠭ᠋ᠠᠨ᠎ᠤ ᠪᠦᠬᠦ ᠭᠡᠰᠢᠭᠦᠳ᠎ᠤᠨ ᠬᠤᠷᠠᠯ᠎ᠢ ᠬᠤᠷᠠᠯᠳᠤᠭᠤᠯᠵᠤ᠂ ᠪᠠᠶ᠋ᠢᠭᠤᠯᠭ᠎ᠠ ᠵᠢᠨ ᠨᠠᠮ᠎ᠤᠨ ᠬᠤᠷᠢᠶᠠᠨ᠎ᠤ ᠱᠦᠵᠢ᠂ ᠳᠡᠳ᠋ ᠱᠦᠵᠢ ᠪᠣᠯᠤᠨ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠱᠦᠵᠢ ᠵᠢ ᠰᠣᠩᠭᠣᠭᠣᠯᠢ᠎ᠪᠠᠷ ᠭᠠᠷᠭ᠋ᠠᠪᠠ᠃

(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ)

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ