1 ᠳ᠋ᠦ᠍ᠭᠡᠷ ᠰᠠᠷ᠎ᠠ᠎ᠶᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠣᠯ ᠳᠤᠭᠤᠶ᠋ᠢᠯᠠᠩ 2026 ᠣᠨ᠎ᠤ 1 ᠳ᠋ᠦ᠍ᠭᠡᠷ ᠤᠳᠠᠭ᠋ᠠᠨ᠎ᠤ ( ᠥᠷᠭᠡᠳᠬᠡᠭᠰᠡᠨ ) ᠰᠤᠷᠤᠯᠴᠠᠯᠭ᠎ᠠ᠎ᠶᠢᠨ ᠬᠤᠷᠠᠯ ᠬᠤᠷᠠᠯᠳᠤᠭᠤᠯᠵᠤ᠂ 《 ᠥᠪᠥᠷ ᠮᠣᠩᠭᠤᠯ᠎ᠤᠨ ᠲᠤᠬᠠᠢ ᠶᠡᠷᠦᠩᠬᠡᠢ ᠱᠦᠵᠢ ᠰᠢ᠎ᠵᠢᠨ᠎ᠫᠢᠩ᠎ᠤᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ᠎ᠶᠢᠨ ᠵᠣᠷᠢᠭ ᠰᠠᠨᠠᠭ᠎ᠠ 》᠎ᠶᠢᠨ ᠲᠣᠭᠤᠷᠢᠨ᠎ᠳᠤ ᠬᠠᠮᠲᠤ᠎ᠶᠢᠨ ᠰᠤᠷᠤᠯᠴᠠᠯᠭ᠎ᠠ ᠥᠷᠨᠢᠭᠦᠯᠵᠦ᠂ ᠥᠪᠥᠷ ᠮᠣᠩᠭᠤᠯ᠎ᠤᠨ ᠨᠠᠮ᠎ᠤᠨ ᠰᠤᠷᠭ᠋ᠠᠭᠤᠯᠢ ( ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ )᠎ᠶᠢᠨ ᠳᠡᠳ᠋ ᠵᠠᠬᠢᠷᠤᠯ ᠠᠨ ᠵᠢᠩ ᠽᠧ ᠫᠷᠤᠹᠧᠰᠰᠤᠷ᠎ᠢ ᠣᠨᠴᠠᠭ᠋ᠠᠶ᠋ᠢᠯᠠᠨ ᠤᠷᠢᠵᠤ ᠲᠤᠰᠬᠠᠢ ᠰᠡᠳᠦᠪᠲᠦ ᠵᠢᠯᠣᠭᠤᠳᠤᠯᠭ᠎ᠠ ᠬᠢᠪᠡ᠃
ᠬᠤᠷᠠᠯ᠎ᠠᠴᠠ᠂ ᠨᠠᠮ᠎ᠤᠨ ᠰᠢᠨ᠎ᠡ᠎ᠶᠢ ᠡᠭᠦᠳᠬᠦ ᠤᠨᠤᠯ᠎ᠢ ᠰᠤᠷᠤᠯᠴᠠᠨ ᠲᠤᠭᠤᠰᠢᠯᠠᠭᠤᠯᠬᠤ᠎ᠶᠢ ᠲᠡᠷᠢᠭᠦᠨ ᠴᠢᠬᠤᠯᠠ ᠤᠯᠤᠰ ᠲᠥᠷᠥ᠎ᠶᠢᠨ ᠡᠭᠦᠷᠭᠡ ᠪᠣᠯᠭ᠋ᠠᠵᠤ᠂ ᠶᠡᠷᠦᠩᠬᠡᠶ ᠱᠦᠵᠢ ᠰᠢ᠎ᠵᠢᠨ᠎ᠫᠢᠩ᠎ᠤᠨ ᠥᠪᠥᠷ ᠮᠣᠩᠭᠤᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠶᠡᠷᠦᠩᠬᠡᠶ ᠱᠦᠵᠢ ᠰᠢ᠎ᠵᠢᠨ᠎ᠫᠢᠩ ᠪᠠ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠳᠤ ᠣᠯᠭᠤᠭᠰᠠᠨ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭ᠋ᠠᠯᠲᠠ ᠪᠠ ᠡᠭᠦᠷᠭᠡ ᠬᠠᠷᠢᠭᠤᠴᠠᠯᠭ᠎ᠠ᠎ᠶᠢᠨ ᠲᠣᠭᠤᠷᠢᠨ᠎ᠳᠤ ᠥᠪᠡᠷᠲᠡᠭᠡᠨ ᠵᠠᠰᠠᠬᠤ ᠣᠷᠣᠨ᠎ᠤ 《 1571 》ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠷᠠᠳᠢᠣ᠋ ᠲᠧᠯᠸᠢᠰ᠎ᠤᠨ ᠦᠵᠡᠵᠦ ᠰᠣᠨᠣᠰᠬᠤ ᠠᠵᠢᠯ᠎ᠢ ᠤᠬᠠᠮᠰᠠᠷ᠎ᠠᠴᠠ᠎ᠪᠠᠨ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠶᠡᠭᠡ ᠲᠠᠯ᠎ᠠ᠎ᠳᠤ ᠲᠠᠯᠪᠢᠨ ᠰᠢᠰᠲ᠋ᠧᠮ᠎ᠲᠠᠢ ᠲᠥᠯᠥᠪᠵᠢᠭᠦᠯᠵᠦ᠂ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠨᠠᠮ᠎ᠤᠨ ᠰᠢᠨ᠎ᠡ᠎ᠶᠢ ᠡᠭᠦᠳᠬᠦ ᠤᠨᠤᠯ᠎ᠤᠨ ᠬᠠᠮ ᠵᠠᠭᠤᠴᠢᠯᠠᠭᠤᠷ᠎ᠤᠨ ᠳᠠᠮᠵᠢᠭᠤᠯᠭ᠎ᠠ᠎ᠶᠢᠨ ᠰᠤᠳᠤᠯᠭ᠋ᠠᠨ᠎ᠢ ᠦᠷᠭᠦᠯᠵᠢᠯᠡᠨ ᠠᠬᠢᠭᠤᠯᠵᠤ᠂ ᠷᠠᠳᠢᠣ᠋ ᠲᠧᠯᠸᠢᠰ᠎ᠤᠨ ᠮᠡᠷᠭᠡᠵᠢᠯ᠎ᠤᠨ ᠳᠣᠣᠷ᠎ᠠ ᠠᠭ᠋ᠠᠷ᠎ᠤᠨ ᠠᠵᠤ ᠠᠬᠤᠢ᠂ 《 ᠵᠣᠬᠢᠶᠠᠮᠠᠯ ᠤᠶᠤᠨ ᠴᠢᠳᠠᠪᠤᠷᠢ + 》 ᠵᠡᠷᠭᠡ ᠰᠢᠨ᠎ᠡ᠎ᠪᠠᠷ ᠮᠠᠨᠳᠤᠭᠰᠠᠨ ᠬᠦᠷᠢᠶᠡᠨ᠎ᠳᠤ ᠰᠢᠨ᠎ᠡ᠎ᠶᠢ ᠡᠭᠦᠳᠬᠦ ᠬᠡᠷᠡᠭᠯᠡᠯᠲᠡ᠎ᠶᠢ ᠢᠳᠡᠪᠬᠢᠲᠡᠢ ᠰᠦᠪᠡᠭᠴᠢᠯᠡᠵᠦ᠂ ᠭᠠᠵᠠᠷ ᠣᠷᠣᠨ᠎ᠤ ᠪᠠᠶ᠋ᠢᠳᠠᠯ᠎ᠳᠦ᠎ᠪᠡᠨ ᠲᠤᠬᠢᠷᠠᠭᠤᠯᠤᠨ ᠡᠬᠢ ᠪᠠᠶᠠᠯᠢᠭ᠎ᠤᠨ ᠳᠠᠪᠠᠭᠤᠯᠢᠭ᠎ᠢᠶᠡᠨ ᠠᠵᠤ ᠦᠢ᠍ᠯᠡᠰ᠎ᠤᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠠᠵᠢᠯ ᠲᠦᠷᠦᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢᠨ ᠰᠢᠨ᠎ᠡ ᠬᠥᠳᠡᠯᠭᠡᠬᠦ ᠬᠦᠴᠦᠨ᠎ᠢ ᠲᠦᠷᠭᠡᠨ ᠪᠤᠶ᠋ᠢᠵᠢᠭᠤᠯᠬᠤ ᠬᠡᠷᠡᠭᠲᠡᠢ᠃ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭ᠋ᠠᠨ ᠦᠢ᠍ᠯᠡᠳᠦᠯᠭᠡᠵᠢᠭᠦᠯᠵᠦ᠂ ᠠᠵᠢᠯᠯᠠᠬᠤ᠎ᠶᠢ ᠲᠡᠷᠢᠭᠦᠨ᠎ᠳᠤ ᠲᠠᠯᠪᠢᠬᠤ᠎ᠶᠢ ᠪᠠᠷᠢᠮᠲᠠᠯᠠᠨ᠂ ᠯᠠᠪᠳᠠᠭᠤᠨ ᠪᠠᠲᠤᠲᠠᠶ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠴᠢᠳᠠᠮᠠᠭ᠋ᠠᠶ ᠬᠢᠵᠦ ᠴᠢᠳᠠᠮᠠᠭ᠋ᠠᠶ ᠪᠦᠲᠦᠭᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠶᠢᠨ ᠶᠡᠭᠡ ᠲᠠᠯ᠎ᠠ᠎ᠳᠤ ᠪᠥᠬᠦ ᠬᠦᠴᠦᠨ᠎ᠢᠶᠡᠷ᠎ᠢᠶᠡᠨ ᠦᠢ᠍ᠯᠡᠴᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠬᠤᠷᠠᠯ᠎ᠢ ᠡᠷᠭᠢᠯᠡᠵᠦ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠭᠡᠰᠢᠭᠦᠨ᠂ ᠲᠣᠪᠴᠢᠶ᠎ᠠ᠎ᠶᠢᠨ ᠪᠠᠶ᠋ᠢᠭᠤᠯᠭ᠎ᠠ᠎ᠶᠢᠨ ᠡᠯ᠎ᠡ ᠭᠠᠵᠠᠷ ᠬᠡᠷ ᠪᠠ ᠲᠣᠪᠴᠢᠶ᠎ᠠ᠎ᠶᠢᠨ ᠬᠠᠷᠢᠶ᠎ᠠ ᠡᠯ᠎ᠡ ᠠᠵᠢᠯ ᠦᠢ᠍ᠯᠡᠰ᠎ᠤᠨ ᠨᠢᠭᠡᠴᠢ᠂ ᠳᠠᠮᠵᠢᠭᠤᠯᠵᠤ ᠰᠠᠴᠤᠷᠠᠭᠤᠯᠬᠤ ᠲᠥᠪ᠎ᠤᠨ ᠡᠯ᠎ᠡ ᠬᠤᠪᠢᠶᠠᠷᠢ ᠪᠠᠶ᠋ᠢᠭᠤᠯᠤᠮᠵᠢ᠎ᠶᠢᠨ ᠪᠥᠬᠦ ᠨᠠᠮ᠎ᠤᠨ ᠭᠡᠰᠢᠭᠦᠨ ᠺᠠᠳ᠋ᠷ 700 ᠭᠠᠷᠤᠶ ᠬᠥᠮᠦᠨ ᠰᠤᠷᠤᠯᠴᠠᠯᠭ᠎ᠠ᠎ᠳᠤ ᠣᠷᠣᠯᠴᠠᠵᠠᠶ᠃
( ᠪᠠᠶ᠋ᠢᠭᠤᠯᠭ᠎ᠠ᠎ᠶᠢᠨ ᠨᠠᠮ᠎ᠤᠨ ᠬᠤᠷᠢᠶ᠎ᠠ )