| | ᠰᠢᠢᠳᠪᠦᠷᠢᠲᠦ ᠪᠣᠳᠣᠯᠭ᠎ᠠ ᠶᠢᠨ ᠠᠬᠤᠢ ᠪᠠᠶᠢᠳᠠᠯ᠂ ᠪᠣᠳᠠᠲᠤ ᠬᠡᠷᠡᠭ ᠤᠨ ᠦᠨᠳᠦᠰᠦᠯᠡᠯ᠂ ᠰᠤᠳᠤᠯᠤᠨ ᠮᠠᠭᠠᠳᠯᠠᠭᠰᠠᠨ ᠶᠠᠪᠤᠴᠠ | ᠣᠶᠤᠨᠴᠢ ᠷᠠᠳᠢᠣ᠋ ᠲᠧᠯᠸᠢᠰ ᠤᠨ ᠵᠠᠭᠤᠴᠢᠯᠠᠭᠤᠷ ᠢ ᠪᠠᠶᠢᠭᠤᠯᠬᠤ᠂ 5G ᠶᠢᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠰᠢ ᠶᠢᠨ ᠫᠢᠩ | ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠤᠰᠠᠳᠠ ᠂ ᠷᠠᠳᠢᠣ᠋ ᠲᠧᠯᠸᠢᠰ ᠤᠨ ᠤᠲᠠᠰᠤ ᠥᠬᠡᠶ ᠳᠠᠮᠵᠢᠭᠤᠯᠬᠤ | ᠪᠦᠷᠬᠦᠴᠡ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠥᠬᠦ ᠲᠠᠯ᠎ᠠ ᠪᠠᠷ ᠠᠬᠢᠭᠤᠯᠵᠤ᠂ ᠷᠠᠳᠢᠣ᠋ ᠲᠧᠯᠸᠢᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠂ ᠥᠷᠭᠡᠨ ᠣᠯᠠᠨ ᠲᠦᠮᠡᠨ ᠳᠤ ᠨᠠᠩ ᠰᠠᠶᠢᠨ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠤᠯᠤᠰ ᠤᠨ ᠷᠠᠳᠢᠣ᠋ ᠲᠧᠯᠸᠢᠰ ᠤᠨ | ᠶᠡᠷᠦᠩᠬᠡᠶ ᠲᠣᠪᠴᠢᠶ᠎ᠠ ᠶᠢᠨ ︽ᠪᠥᠬᠦ ᠤᠯᠤᠰ ᠤᠨ ᠭᠠᠵᠠᠷ ᠳᠡᠭᠡᠷᠡᠬᠢ ᠲᠣᠭᠠᠴᠢᠯᠠᠭᠰᠠᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠳᠠᠪᠲᠠᠮᠵᠢ ᠶᠢᠨ ᠲᠥᠯᠥᠪᠵᠢᠭᠦᠯᠭᠡ︾ ᠪᠠ ︽ | ᠭᠠᠵᠠᠷ ᠳᠡᠭᠡᠷᠡᠬᠢ ᠳᠠᠭᠤᠷᠢᠶᠠᠮᠠᠯ ᠲᠧᠯᠸᠢᠰ ᠢ ᠲᠦᠯᠦᠪᠵᠢᠭᠦᠯᠭᠡ ᠶᠤᠰᠤᠭᠠᠷ ᠬᠠᠭᠠᠵᠤ ᠵᠤᠭᠰᠤᠭᠠᠬᠤ ᠬᠠᠮᠢᠶ᠎ᠠ ᠪᠥᠬᠦᠶ ᠠᠵᠢᠯ ᠤᠨ ᠲᠣᠬᠢᠷᠠᠭᠤᠯᠤᠯᠲᠠ ᠶᠢᠨ ᠲᠤᠬᠠᠶ ᠤᠯᠤᠰ ᠤᠨ | ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠷᠠᠳᠢᠣ᠋ ᠲᠧᠯᠸᠢᠰ ᠤᠨ ᠳᠣᠬᠢᠶ᠎ᠠ ᠶᠢ ᠬᠠᠭᠠᠵᠤ ᠵᠣᠭᠰᠣᠭᠠᠬᠤ ᠠᠵᠢᠯ ᠤᠨ ᠲᠥᠰᠦᠯ︾ ᠢ ᠲᠣᠭᠲᠠᠭᠠᠵᠤ ᠂ 2020 ᠣᠨ ᠤ | 6 ᠳ᠋ᠤᠭᠠᠷ ᠰᠠᠷ᠎ᠠ ᠶᠢᠨ 16 ᠤ ᠡᠳᠦᠷ ᠪᠥᠬᠦ ᠣᠷᠣᠨ ᠤ ᠡᠯ᠎ᠡ ᠬᠤᠯᠪᠤᠭᠳᠠᠯ ᠪᠥᠬᠦᠶ ᠨᠢᠭᠡᠴᠢ ᠳᠤ ᠳᠠᠷᠤᠮᠠᠯᠯᠠᠨ ᠲᠠᠷᠬᠠᠭᠠᠵᠤ ᠵᠣᠬᠢᠶᠠᠨ ᠪᠠᠶᠢᠭᠤᠯᠵᠤ ᠬᠡᠷᠡᠭᠵᠢᠭᠦᠯᠪᠡ᠃ | ᠥᠷᠭᠡᠨ ᠣᠯᠠᠨ ᠠᠷᠠᠳ ᠲᠦᠮᠡᠨ ᠤ ᠬᠦᠯᠢᠶᠡᠨ ᠠᠪᠴᠤ ᠦᠵᠡᠬᠦ ᠡᠷᠬᠡ ᠠᠰᠢᠭ ᠢ ᠪᠠᠲᠤᠯᠠᠭᠰᠠᠨ ᠤᠷᠢᠲᠠᠯ ᠳᠣᠤᠷ᠎ᠠ᠂ ᠮᠠᠨ ᠤ ᠲᠣᠪᠴᠢᠶ᠎ᠠ ᠪᠥᠬᠦ ᠣᠷᠣᠨ ᠤ ᠡᠯ᠎ᠡ | ᠬᠤᠯᠪᠤᠭᠳᠠᠯ ᠪᠦᠬᠦᠢ ᠨᠢᠭᠡᠴᠢ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠳᠠᠭᠤᠷᠢᠶᠠᠮᠠᠯ ᠲᠧᠯᠸᠢᠰ ᠢ ᠬᠠᠭᠠᠵᠤ ᠵᠣᠭᠰᠣᠭᠠᠬᠤ ᠠᠵᠢᠯ ᠢ ᠬᠡᠷᠡᠭᠵᠢᠭᠦᠯᠪᠡ᠃ 9 ᠳ᠋ᠦ᠋ᠭᠡᠷ | ᠰᠠᠷ᠎ᠠ ᠶᠢᠨ 30 ᠤ ᠡᠳᠦᠷ ᠪᠣᠯᠲᠠᠯ᠎ᠠ᠂ ᠮᠠᠨ ᠤ ᠣᠷᠣᠨ ᠪᠥᠬᠦ ᠳᠠᠭᠤᠷᠢᠶᠠᠮᠠᠯ ᠲᠧᠯᠸᠢᠰ ᠤᠨ ᠫᠷᠤᠭ᠍ᠷᠠᠮ ᠢ ᠬᠠᠭᠠᠵᠤ᠂ ᠳᠠᠭᠤᠷᠢᠶᠠᠮᠠᠯ ᠲᠧᠯᠸᠢᠰ ᠢ ᠬᠠᠭᠠᠵᠤ ᠵᠣᠭᠰᠣᠭᠠᠬᠤ | ᠠᠵᠢᠯ ᠤᠷᠤᠭᠰᠢᠲᠠᠶ ᠶᠠᠪᠤᠭᠳᠠᠪᠠ᠃ | | ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ᠄ ︽ᠤᠲᠠᠰᠤ ᠦᠭᠡᠢ ᠳᠠᠭᠤᠷᠢᠶᠠᠮᠠᠯ ᠲᠧᠯᠸᠢᠰ ᠤᠨ ᠫᠷᠤᠭ᠍ᠷᠠᠮ ᠤᠨ ᠳᠣᠬᠢᠶ᠎ᠠ ᠶᠢ ᠬᠠᠭᠠᠵᠤ | ᠵᠣᠭᠰᠣᠭᠠᠬᠤ ᠠᠵᠢᠯ ᠤᠨ ᠲᠥᠰᠦᠯ︾ ᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠷᠯᠠᠯ ︵ | ᠭᠠᠷᠴᠠᠭ ᠢ ᠲᠣᠪᠴᠢᠳᠠᠵᠤ ᠤᠷᠤᠭᠠᠷᠠᠢ︶ | | | | |