1.ᠰᠢᠢᠳᠪᠦᠷᠢᠲᠦ ᠪᠣᠳᠣᠯᠭ᠎ᠠ ᠶᠢᠨ ᠠᠬᠤᠶ ᠪᠠᠶᠢᠳᠠᠯ᠄ ᠣᠶᠢᠷ᠎ᠠ ᠶᠢᠨ ᠵᠢᠯ ᠠᠴᠠ ᠨᠠᠭᠠᠰᠢ᠂ IPTV ᠷᠠᠳᠢᠣ᠋ ᠲᠧᠯᠸᠢᠰ ᠤᠨ ᠠᠵᠢᠯ ᠲᠥᠷᠥᠯ ᠳᠤ ᠲᠦᠷᠭᠡᠨ ᠢᠶᠠᠷ | ᠬᠥᠭᠵᠢᠵᠦ ᠪᠠᠶᠢᠨ᠎ᠠ᠂ ᠡᠶᠢᠮᠦ ᠠᠴᠠ IPTV ᠳᠠᠮᠵᠢᠭᠤᠯᠬᠤ ᠰᠢᠰᠲ᠋ᠧᠮ ᠢ ᠵᠢᠷᠤᠮᠵᠢᠭᠤᠯᠤᠨ ᠬᠠᠮᠢᠶᠠᠷᠴᠤ᠂ ᠷᠠᠳᠢᠣ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠶᠢ ᠪᠠᠲᠤᠯᠠᠬᠤ | ᠠᠮᠤᠷ ᠲᠦᠪᠰᠢᠨ ᠨᠡᠪᠲᠡᠷᠡᠭᠦᠯᠭᠡ ᠨᠢ ᠲᠦᠢᠯ ᠤᠨ ᠴᠢᠬᠤᠯᠠᠲᠠᠶ ᠪᠠᠶᠢᠨ᠎ᠠ᠃ ᠣᠳᠣᠬᠠᠨ ᠳᠤ ᠣᠯᠠᠩᠬᠢ IPTV ᠶᠢᠨ ᠬᠤᠯᠪᠤᠭᠳᠠᠯ ᠪᠦᠬᠦᠢ ᠲᠣᠭᠲᠠᠭᠠᠯ ᠪᠠ ᠳᠦᠷᠢᠮᠵᠢᠯ ᠨᠢ | IPTV ᠬᠤᠷᠠᠮᠠᠯ ᠨᠡᠪᠲᠡᠷᠡᠭᠦᠯᠭᠡ ᠶᠢᠨ ᠡᠵᠡᠮᠰᠢᠯ ᠤᠨ ᠲᠠᠪᠴᠠᠩ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ ᠲᠡᠭᠦᠨ ᠢ ᠬᠢᠨᠠᠨ ᠬᠠᠮᠢᠶᠠᠷᠬᠤ ᠪᠠ ᠬᠢᠵᠠᠭᠠᠷᠯᠠᠬᠤ ᠨᠢ | IPTV ᠳᠠᠮᠵᠢᠭᠤᠯᠬᠤ ᠰᠢᠰᠲ᠋ᠧᠮ ᠳᠤ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ ᠭᠠᠷᠳᠠᠴᠠ ᠳᠤᠲᠠᠭᠳᠠᠵᠤ ᠪᠠᠶᠢᠨ᠎ᠠ᠂ ᠲᠤᠰ ᠪᠠᠷᠢᠮᠵᠢᠶ᠎ᠠ ᠨᠢ IPTV ᠳᠠᠮᠵᠢᠭᠤᠯᠬᠤ | ᠰᠢᠰᠲ᠋ᠧᠮ ᠤᠨ ᠡᠳᠦᠷ ᠲᠤᠲᠤᠮ ᠤᠨ ᠠᠵᠢᠯᠯᠠᠭᠠᠨ ᠤ ᠬᠠᠮᠠᠭᠠᠯᠠᠯᠲᠠ ᠪᠠ ᠬᠢᠨᠠᠨ ᠬᠡᠮᠵᠢᠵᠦ ᠬᠢᠨᠠᠨ ᠬᠠᠮᠢᠶᠠᠷᠬᠤ ᠳᠤ ᠴᠢᠬᠤᠯᠠ ᠦᠨᠳᠦᠰᠦᠯᠡᠯ ᠬᠠᠩᠭᠠᠭᠰᠠᠨ ᠪᠠᠶᠢᠨ᠎ᠠ᠃ | 2. ᠰᠤᠳᠤᠯᠤᠨ ᠮᠠᠭᠠᠳᠯᠠᠭᠰᠠᠨ ᠶᠠᠪᠤᠴᠠ᠄ ᠮᠠᠨ ᠤ ᠲᠣᠪᠴᠢᠶ᠎ᠠ 1 ᠵᠢᠯ ᠤᠨ ᠬᠤᠭᠤᠴᠠᠭ᠎ᠠ ᠶᠢ ᠵᠠᠷᠣᠴᠠᠭᠤᠯᠵᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ | ᠲᠣᠪᠴᠢᠶ᠎ᠠ ᠶᠢᠨ ᠲᠥᠯᠥᠪᠵᠢᠭᠦᠯᠭᠡ ᠶᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠶᠢᠨ ᠬᠤᠷᠢᠶ᠎ᠠ ᠲᠠᠢ ᠬᠠᠮᠲᠤᠷᠠᠨ᠂ ᠤᠯᠤᠰ ᠤᠨ ᠷᠠᠳᠢᠣ᠋ | ᠲᠧᠯᠸᠢᠰ ᠤᠨ ᠶᠡᠷᠦᠩᠬᠡᠶ ᠲᠣᠪᠴᠢᠶ᠎ᠠ ᠪᠠ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ᠂ ᠪᠠᠷᠢᠮᠵᠢᠶ᠎ᠠ ᠪᠠ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ | ᠬᠤᠯᠪᠤᠭᠳᠠᠯ ᠪᠥᠬᠦᠶ ᠨᠢᠭᠡᠴᠢ ᠲᠠᠢ ᠶᠠᠷᠢᠯᠴᠠᠬᠤ᠂ ᠪᠢᠴᠢᠭ ᠢᠶᠠᠷ ᠪᠠᠶᠢᠴᠠᠭᠠᠨ ᠰᠤᠳᠤᠯᠤᠯᠲᠠ ᠬᠢᠬᠦ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠠᠵᠢᠯ ᠢ ᠦᠷᠨᠢᠭᠦᠯᠪᠡ᠃ ᠠᠩᠬᠠᠨ ᠤ ᠡᠬᠡ ᠨᠣᠣᠷᠠᠭ ᠢ ᠳᠠᠭᠤᠰᠬᠠᠭᠰᠠᠨ ᠤ ᠳᠠᠷᠠᠭ᠎ᠠ᠂ ᠲᠤᠰᠬᠠᠶᠢᠯᠠᠨ | IPTV ᠳᠠᠮᠵᠢᠭᠤᠯᠬᠤ ᠪᠠᠶᠢᠭᠤᠯᠤᠮᠵᠢ ᠶᠢᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠬᠤᠯᠪᠤᠭᠳᠠᠯ ᠪᠥᠬᠦᠶ ᠬᠦᠷᠢᠶᠡᠨ ᠤ ᠲᠤᠰᠬᠠᠶ ᠮᠡᠷᠭᠡᠵᠢᠯᠲᠡᠨ ᠢ ᠤᠷᠢᠵᠤ | ᠨᠤᠲᠠᠯᠠᠭᠤᠯᠬᠤ ᠶᠢᠨ ᠬᠠᠮᠲᠤ ᠪᠠᠷᠢᠮᠵᠢᠶ᠎ᠠ ᠶᠢᠨ ᠴᠢᠨᠠᠷᠲᠠᠶ ᠰᠢᠯᠭᠠᠨ ᠪᠠᠲᠤᠯᠠᠬᠤ ᠰᠢᠯᠭᠠᠯᠲᠠ ᠬᠢᠵᠦ᠂ ᠪᠠᠷᠢᠮᠵᠢᠶ᠎ᠠ ᠶᠢᠨ ᠬᠡᠷᠡᠭᠯᠡᠭᠡᠨ ᠤ ᠴᠢᠨᠠᠷ ᠪᠠ ᠪᠣᠯᠤᠮᠵᠢᠲᠤ ᠴᠢᠨᠠᠷ ᠢ ᠤᠯᠠᠮ | ᠨᠢᠭᠡ ᠠᠯᠬᠤᠮ ᠰᠢᠯᠭᠠᠨ ᠪᠠᠲᠤᠯᠠᠪᠠ᠃ ᠪᠠᠷᠢᠮᠵᠢᠶ᠎ᠠ ᠶᠢ ᠲᠤᠭᠤᠷᠪᠢᠨ ᠲᠣᠭᠲᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠠᠷᠢᠮᠵᠢᠶ᠎ᠠ ᠶᠢᠨ ᠲᠠᠯ᠎ᠠ ᠪᠠᠷ ᠢᠯᠡ ᠪᠠᠷ ᠰᠠᠨᠠᠯ ᠬᠤᠷᠢᠶᠠᠭᠰᠠᠨ ᠤ ᠳᠠᠷᠠᠭ᠎ᠠ᠂ ᠠᠯᠪᠠᠨ ᠶᠣᠰᠣᠭᠠᠷ ᠵᠥᠪᠰᠢᠶᠡᠷᠡᠬᠦ ᠶᠢᠨ ᠬᠠᠮᠲᠤ ᠠᠯᠪᠠᠨ ᠵᠠᠷ | ᠨᠡᠶᠢᠲᠡᠯᠡᠪᠡ᠃ | 3. ᠪᠤᠳᠠᠳᠤ ᠶᠠᠪᠤᠳᠠᠯ ᠤᠨ ᠦᠨᠳᠦᠰᠦᠯᠡᠯ᠄ ᠲᠤᠰ ᠪᠠᠷᠢᠮᠵᠢᠶ᠎ᠠ ᠨᠢ ᠷᠠᠳᠢᠤ᠋ ᠲᠧᠯᠸᠢᠰ ᠤᠨ ᠠᠵᠢᠯ ᠲᠦᠷᠦᠯ ᠳᠤ ᠰᠠᠭᠤᠷᠢᠯᠠᠵᠦ᠂ ᠬᠡᠮᠵᠢᠯᠳᠡ ᠬᠦᠷᠬᠡᠬᠦ ᠰᠢᠰᠲ᠋ᠧᠮ ᠤᠨ | ᠠᠮᠤᠷ ᠲᠦᠪᠰᠢᠨ ᠨᠡᠪᠳᠡᠷᠡᠬᠦᠯᠬᠡ ᠶᠢᠨ ᠪᠠᠳᠤᠯᠠᠭ᠎ᠠ ᠶᠢᠨ ᠴᠢᠳᠠᠪᠤᠷᠢ ᠶᠢ ᠰᠢᠭᠤᠳ ᠦᠨᠡᠯᠡᠬᠦ ᠶᠢᠨ ᠲᠦᠯᠦᠬᠡ᠂ ᠪᠤᠰᠤᠳᠴᠢ ᠴᠢᠨᠠᠷ᠂ ᠲᠦᠪ ᠭᠤᠤᠯᠴᠢ ᠴᠢᠨᠠᠷ ᠢᠶᠠᠷ ᠵᠠᠷᠴᠢᠮ | ᠪᠤᠯᠭᠠᠨ ᠲᠤᠭᠳᠠᠭᠠᠬᠤ ᠶᠢᠨ ᠬᠠᠮᠳᠤ᠂ ᠬᠡᠷᠡᠭᠵᠢᠬᠦᠯᠵᠦ ᠪᠤᠯᠬᠤᠢᠢᠴᠠ ᠴᠢᠨᠠᠷ᠂ ᠠᠵᠦ ᠠᠬᠤᠢ ᠶᠢᠨ ᠴᠢᠨᠠᠷ᠂ ᠲᠠᠪᠬᠤᠴᠠᠵᠦ ᠪᠤᠯᠬᠤᠶᠢᠴᠠ ᠴᠢᠨᠠᠷ ᠪᠤᠯᠤᠨ ᠨᠡᠶᠢᠴᠡᠬᠦ ᠴᠢᠨᠠᠷ ᠢ | ᠬᠠᠮᠳᠤ ᠳᠤ ᠨᠢ ᠬᠠᠷᠠᠭᠠᠯᠵᠠᠪᠠ᠃ ᠲᠣᠰ ᠪᠠᠷᠢᠮᠵᠢᠶ᠎ᠠ ᠨᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ ︽ᠷᠠᠳᠢᠣ᠋ ᠲᠧᠯᠸᠢᠰ ᠤᠨ ᠠᠮᠤᠷ | ᠲᠦᠪᠰᠢᠨ ᠨᠡᠪᠲᠡᠷᠡᠭᠦᠯᠭᠡ ᠶᠢᠨ ᠬᠠᠮᠢᠶᠠᠷᠤᠯᠲᠠ ᠶᠢᠨ ᠲᠣᠭᠲᠠᠭᠠᠯ︾᠂ ︽IPTV ᠬᠤᠷᠠᠮᠠᠯ ᠨᠡᠪᠲᠡᠷᠡᠭᠦᠯᠭᠡ ᠶᠢᠨ ᠡᠵᠡᠮᠳᠡᠯ ᠤᠨ ᠶᠡᠷᠦᠩᠬᠡᠶ ᠲᠠᠪᠴᠠᠩ ᠪᠠ ᠬᠤᠪᠢᠶᠠᠷᠢ | ᠲᠠᠪᠴᠠᠩ ᠤᠨ EPG ᠬᠠᠮᠢᠶᠠᠷᠤᠯᠲᠠ ᠶᠢᠨ ᠰᠢᠰᠲ᠋ᠧᠮ ᠤᠨ ᠵᠠᠯᠭᠠᠭᠠᠰᠤ ᠶᠢᠨ ᠵᠢᠷᠤᠮᠵᠢᠯ︾᠂ ︽IPTV ᠬᠤᠷᠠᠮᠠᠯ ᠨᠡᠪᠲᠡᠷᠡᠭᠦᠯᠭᠡ ᠶᠢᠨ ᠡᠵᠡᠮᠳᠡᠯ ᠤᠨ ᠶᠡᠷᠦᠩᠬᠡᠶ ᠲᠠᠪᠴᠠᠩ | ᠪᠠ ᠬᠤᠪᠢᠶᠠᠷᠢ ᠲᠠᠪᠴᠠᠩ ᠤᠨ ᠫᠷᠤᠭ᠍ᠷᠠᠮ ᠤᠨ ᠬᠤᠷᠠᠮᠠᠯ ᠬᠠᠮᠢᠶᠠᠷᠤᠯᠲᠠ ᠶᠢᠨ ᠰᠢᠰᠲ᠋ᠧᠮ ᠤᠨ ᠵᠠᠯᠭᠠᠭᠠᠰᠤ ᠶᠢᠨ ᠮᠡᠷᠭᠡᠵᠢᠯ ᠤᠨ ᠵᠢᠷᠤᠮᠵᠢᠯ︾᠂ ︽IPTV ᠮᠡᠷᠭᠡᠵᠢᠯ ᠤᠨ | ᠲᠣᠭᠲᠠᠯᠴᠠᠭ᠎ᠠ ᠶᠢᠨ ᠶᠡᠷᠦᠩᠬᠡᠶ ᠱᠠᠭᠠᠷᠳᠠᠯᠭ᠎ᠠ︾ ᠂ ︽IPTV ᠬᠤᠷᠠᠮᠠᠯ ᠨᠡᠪᠲᠡᠷᠡᠭᠦᠯᠭᠡ ᠶᠢᠨ ᠡᠵᠡᠮᠳᠡᠯ ᠤᠨ ᠲᠠᠪᠴᠠᠩ ᠪᠠ ᠳᠠᠮᠵᠢᠭᠤᠯᠬᠤ ᠰᠢᠰᠲ᠋ᠧᠮ ᠤᠨ ᠬᠡᠷᠡᠭᠯᠡᠭᠴᠢ ᠶᠢᠨ | ᠬᠤᠤᠰ ᠭᠡᠷᠡᠴᠢᠯᠡᠯ ᠬᠤᠤᠰ ᠰᠦᠢᠳᠭᠡᠯ ᠬᠤᠷᠢᠶᠠᠬᠤ ᠵᠠᠯᠭᠠᠭᠠᠰᠤ ᠶᠢᠨ ᠵᠢᠷᠤᠮᠵᠢᠯ︾᠂ ︽IPTV ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠵᠠᠯᠭᠠᠭᠠᠰᠤ ᠶᠢᠨ ᠵᠢᠷᠤᠮᠵᠢᠯ | ︾᠂ ︽IPTV ᠰᠦᠯᠵᠢᠶᠡᠨ ᠤ ᠳᠠᠭᠤ ᠸᠢᠳᠢᠤ᠋ ᠶᠢᠨ ᠦᠢᠯᠡᠴᠢᠯᠡᠭᠡᠨ ᠤ ᠶᠠᠰᠤ ᠴᠢᠨᠠᠷ ᠤᠨ ᠬᠠᠶᠢᠯᠲᠠ ᠶᠢᠨ ᠮᠡᠷᠭᠡᠵᠢᠯ ᠤᠨ ᠱᠠᠭᠠᠷᠳᠠᠯᠭ᠎ᠠ ᠪᠠ ᠬᠡᠮᠵᠢᠯᠲᠡ ᠶᠢᠨ ᠠᠷᠭ᠎ᠠ︾ | ᠵᠡᠷᠭᠡ ᠪᠢᠴᠢᠭ ᠮᠠᠲ᠋ᠧᠷᠢᠶᠠᠯ ᠢᠶᠠᠷ ᠭᠤᠣᠯ ᠯᠠᠪᠯᠠᠯᠲᠠ ᠪᠣᠯᠭᠠᠬᠤ ᠶᠢᠨ ᠬᠠᠮᠲᠤ ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠤᠨ ᠬᠡᠰᠡᠭ ᠠᠭᠤᠯᠭ᠎ᠠ ᠶᠢ ᠵᠢᠷᠤᠮᠵᠢᠭᠤᠯᠤᠨ | ᠡᠰᠢᠯᠡᠨ ᠬᠡᠷᠡᠭᠯᠡᠪᠡ᠃ ᠲᠤᠭᠤᠷᠪᠢᠨ ᠪᠢᠴᠢᠬᠦ ᠳᠤᠭᠤᠶᠢᠯᠠᠩ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠯᠢᠳᠡᠭ ᠦᠢᠯᠡᠳᠦᠯᠭᠡ ᠶᠢᠨ ᠲᠤᠷᠰᠢᠯᠭ᠎ᠠ ᠶᠢ ᠭᠦᠢᠴᠡᠳ | ᠰᠢᠩᠭᠡᠭᠡᠨ ᠠᠪᠴᠤ᠂ ᠣᠲᠣ ᠶᠢᠨ ᠪᠠᠶᠢᠭ᠎ᠠ IPTV ᠶᠢᠨ ᠬᠤᠯᠪᠤᠭᠳᠠᠯ ᠪᠥᠬᠦᠶ ᠲᠣᠭᠲᠠᠭᠠᠯ ᠪᠠ ᠪᠠᠷᠢᠮᠵᠢᠶ᠎ᠠ ᠶᠢᠨ ᠰᠤᠳᠤᠯᠭᠠᠨ ᠤ ᠦᠷ᠎ᠡ ᠪᠦᠲᠦᠭᠡᠯ ᠳᠤ ᠲᠦᠰᠢᠭᠯᠡᠨ᠂ | ᠮᠠᠲ᠋ᠧᠷᠢᠶᠠᠯ ᠴᠤᠭᠯᠠᠭᠤᠯᠬᠤ᠂ ᠶᠠᠷᠢᠯᠴᠠᠬᠤ ᠬᠤᠷᠠᠯ ᠬᠢᠬᠦ᠂ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠬᠤᠯᠪᠤᠭᠳᠠᠯ ᠪᠥᠬᠦᠶ ᠮᠠᠲ᠋ᠧᠷᠢᠶᠠᠯ ᠢ | ᠥᠷᠭᠡᠨ ᠢᠶᠠᠷ ᠣᠯᠵᠤ ᠠᠪᠬᠤ ᠶᠢᠨ ᠬᠠᠮᠲᠤ IPTV ᠳᠠᠮᠵᠢᠭᠤᠯᠬᠤ ᠰᠢᠰᠲ᠋ᠧᠮ ᠤᠨ ᠮᠡᠷᠭᠡᠵᠢᠯ ᠤᠨ ᠭᠦᠢᠴᠡᠳᠬᠡᠯ ᠲᠤᠭ᠎ᠠ ᠪᠠ ᠦᠨᠡᠯᠡᠨ ᠵᠢᠱᠢᠵᠦ ᠬᠡᠮᠵᠢᠬᠦ ᠠᠷᠭ᠎ᠠ ᠶᠢ | ᠡᠮᠬᠢᠳᠬᠡᠵᠦ᠂ ᠪᠣᠯᠪᠠᠰᠤᠷᠠᠭᠤᠯᠵᠤ᠂ ᠪᠠᠷᠢᠮᠵᠢᠶ᠎ᠠ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠦᠨᠡᠨ ᠬᠦ ᠪᠠᠲᠤᠯᠠᠪᠠ᠃ | 4. ᠭᠤᠤᠯ ᠠᠭᠤᠯᠭ᠎ᠠ ᠶᠢᠨ ᠲᠠᠶᠢᠯᠤᠮᠵᠢ | | | | | | | | | | | |