︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨᠴᠢ ᠷᠠᠳᠢᠣ᠋ ᠲᠧᠯᠸᠢᠰ ᠤᠨ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/12/23
  ᠨᠢᠭᠡ᠂ ᠨᠡᠶᠢᠲᠡᠯᠡᠭᠰᠡᠨ ᠠᠬᠤᠶ ᠪᠠᠶᠢᠳᠠᠯ  2019 ᠣᠨ ᠤ 10 ᠳ᠋ᠤᠭᠠᠷ ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠳᠥᠷᠪᠡᠳᠦᠭᠡᠷ ᠬᠤᠭᠤᠴᠠᠭᠠᠨ ᠤ ᠳᠤᠮᠳᠠᠳᠤ ᠠᠷᠠᠪ ᠤᠨ ᠷᠠᠳᠢᠣ᠋ ᠲᠧᠯᠸᠢᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠳᠤ ᠥᠭᠭᠦᠭᠰᠡᠨ ᠪᠠᠶᠠᠷ ᠤᠨ ᠵᠠᠬᠢᠳᠠᠯ ᠳᠤ ᠪᠠᠨ ᠴᠢᠬᠤᠯᠠᠴᠢᠯᠠᠭᠰᠠᠨ ᠨᠢ᠄ ︽ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠶᠣᠨᠴᠢ ᠷᠠᠳᠢᠣ᠋ ᠲᠧᠯᠸᠢᠰ ᠤᠨ ᠵᠠᠭᠤᠴᠢᠯᠠᠭᠤᠷ ᠢ ᠴᠣᠭᠴᠠᠯᠠᠵᠤ᠂ ᠣᠶᠤᠨᠴᠢ ᠷᠠᠳᠢᠣ᠋ ᠲᠧᠯᠸᠢᠰ ᠤᠨ ᠰᠦᠯᠵᠢᠶ᠎ᠡ ᠶᠢ ᠬᠥᠭᠵᠢᠭᠦᠯᠦᠨ᠎ᠡ︾ ᠭᠡᠵᠡᠢ᠃ ᠲᠥᠰᠦᠯ ᠲᠣᠭᠲᠠᠭᠠᠬᠤ ᠶᠠᠪᠤᠴᠠ ᠳᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠣᠶᠣᠨᠴᠢ ᠷᠠᠳᠢᠣ᠋ ᠲᠧᠯᠸᠢᠰ ᠤᠨ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠬᠢᠨᠠᠮᠠᠭᠠᠶ ᠰᠤᠷᠤᠯᠴᠠᠨ ᠰᠤᠳᠤᠯᠵᠤ᠂ ᠪᠡᠭᠡᠵᠢᠩ᠂ ᠬᠠᠷᠠᠮᠥ᠋ᠷᠡᠨ᠂ ᠭᠢᠷᠢᠨ᠂ ᠵᠢᠶᠠᠩᠰᠦ᠂ ᠠᠨᠾᠦ᠋ᠢ᠂ ᠬᠤᠨᠠᠨ᠂ ᠬᠤᠪᠧᠶ ᠵᠡᠷᠭᠡ ᠮᠤᠵᠢ  ᠬᠤᠲᠠ   ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠰᠢᠩᠭᠡᠭᠡᠨ ᠠᠪᠴᠤ᠂ ᠲᠣᠪᠴᠢᠶ᠎ᠠ ᠶᠢᠨ ᠬᠤᠯᠪᠤᠭᠳᠠᠯ ᠪᠥᠬᠦᠶ ᠭᠠᠵᠠᠷ ᠲᠠᠰᠤᠭ ᠢ ᠵᠣᠬᠢᠶᠠᠨ ᠪᠠᠶᠢᠭᠤᠯᠤᠨ ᠣᠯᠠᠨ ᠤᠳᠠᠭ᠎ᠠ ᠰᠤᠳᠤᠯᠤᠨ ᠶᠠᠷᠢᠯᠴᠠᠭᠰᠠᠨ ᠪᠥᠭᠡᠳ ᠤᠯᠠᠭᠠᠨᠴᠠᠪ ᠬᠤᠲᠠ᠂ ᠣᠷᠳᠣᠰ ᠬᠤᠲᠠ ᠶᠢᠨ ᠷᠠᠳᠢᠣ᠋ ᠲᠧᠯᠸᠢᠰ ᠤᠨ ᠰᠠᠯᠠᠭ᠎ᠠ ᠮᠥᠴᠢᠷ ᠲᠤ ᠲᠣᠰ ᠲᠣᠰ ᠪᠢᠴᠢᠭ ᠤᠨ ᠪᠠᠶᠢᠴᠠᠭᠠᠨ ᠰᠤᠳᠤᠯᠤᠯᠲᠠ ᠬᠢᠵᠦ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠪᠠ ᠪᠤᠭᠤᠲᠤ᠂ ᠤᠯᠠᠭᠠᠨᠬᠠᠳᠠ ᠬᠤᠲᠠ ᠳᠤ ᠬᠦᠷᠴᠦ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠥᠷᠨᠢᠭᠦᠯᠪᠡ᠃ ᠡᠬᠡ ᠨᠣᠤᠷᠠᠭ ᠢ ᠪᠣᠶ ᠪᠣᠯᠭᠠᠭᠰᠠᠨ ᠤ ᠳᠠᠷᠠᠭ᠎ᠠ᠂ ᠡᠯ᠎ᠡ ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠵᠢᠴᠢ ᠲᠣᠪᠴᠢᠶ᠎ᠠ ᠶᠢᠨ ᠬᠤᠯᠪᠤᠭᠳᠠᠯ ᠪᠥᠬᠦᠶ ᠭᠠᠵᠠᠷ ᠬᠡᠷ᠂ ᠨᠢᠭᠡᠴᠢ ᠶᠢᠨ ᠰᠠᠨᠠᠯ ᠢ ᠬᠤᠷᠢᠶᠠᠵᠤ᠂ ᠬᠠᠷᠢᠭᠤ ᠲᠤᠰᠬᠠᠭᠰᠠᠨ ᠰᠠᠨᠠᠯ ᠤᠨ ᠶᠣᠰᠣᠭᠠᠷ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃  ᠬᠤᠶᠠᠷ᠂ ᠭᠤᠣᠯ ᠠᠭᠤᠯᠭ᠎ᠠ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨᠴᠢ ᠷᠠᠳᠢᠣ᠋ ᠲᠧᠯᠸᠢᠰ ᠤᠨ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠳᠤ ᠭᠤᠷᠪᠠᠨ ᠬᠡᠰᠡᠭ ᠢ ᠪᠠᠭᠲᠠᠭᠠᠨ᠎ᠠ᠃ ᠨᠢᠭᠡᠳᠦᠭᠡᠷ ᠬᠡᠰᠡᠭ ᠨᠢ ᠶᠡᠷᠦᠩᠬᠡᠶ ᠱᠠᠭᠠᠷᠳᠠᠯᠭ᠎ᠠ ᠪᠠᠶᠢᠵᠤ᠂ ᠡᠭᠦᠨ ᠳᠤ ᠵᠢᠯᠣᠭᠤᠳᠬᠤ ᠦᠵᠡᠯ ᠰᠠᠨᠠᠭ᠎ᠠ ᠪᠠ ᠠᠵᠢᠯ ᠤᠨ ᠬᠠᠷᠠᠯᠲᠠ ᠶᠢ ᠪᠠᠭᠲᠠᠭᠠᠨ᠎ᠠ᠃ ᠶᠡᠷᠦᠩᠬᠡᠶ ᠰᠡᠳᠭᠢᠮᠵᠢ ᠪᠣᠯ ᠣᠶᠤᠨᠴᠢ ᠷᠠᠳᠢᠣ᠋ ᠲᠧᠯᠸᠢᠰ ᠤᠨ ᠬᠥᠭᠵᠢᠯᠲᠡ ᠪᠠᠷ ᠳᠠᠮᠵᠢᠭᠤᠯᠤᠨ᠂ ᠷᠠᠳᠢᠣ᠋ ᠲᠧᠯᠸᠢᠰ ᠤᠨ ᠤᠶᠤᠨᠴᠢᠯᠠᠭᠰᠠᠨ ᠦᠢᠯᠡᠳᠪᠦᠷᠢᠯᠡᠯ᠂ ᠤᠶᠤᠨᠴᠢᠯᠠᠭᠰᠠᠨ ᠳᠠᠮᠵᠢᠭᠤᠯᠭ᠎ᠠ᠂ ᠤᠶᠤᠨᠴᠢᠯᠠᠭᠰᠠᠨ ᠦᠢᠯᠡᠴᠢᠯᠡᠭᠡ᠂ ᠤᠶᠤᠨᠴᠢᠯᠠᠭᠰᠠᠨ ᠬᠡᠷᠡᠭᠯᠡᠯᠲᠡ ᠪᠠ ᠤᠶᠤᠨᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃  ᠬᠤᠶᠠᠳᠤᠭᠠᠷ ᠬᠡᠰᠡᠭ ᠨᠢ ᠪᠦᠲᠦᠭᠡᠨ ᠪᠠᠶᠢᠭᠤᠯᠬᠤ ᠡᠭᠦᠷᠭᠡ ᠪᠠᠶᠢᠵᠤ᠂ ᠶᠡᠷᠦᠩᠬᠡᠢ ᠲᠣᠪᠴᠢᠶ᠎ᠠ ᠶᠢᠨ ᠣᠶᠤᠨᠴᠢ ᠷᠠᠳᠢᠣ᠋ ᠲᠧᠯᠸᠢᠰ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠲᠠᠢ ᠬᠠᠷᠢᠴᠠᠭᠤᠯᠵᠤ᠂ ᠣᠶᠤᠨᠴᠢ ᠷᠠᠳᠢᠣ᠋ ᠲᠧᠯᠸᠢᠰ ᠤᠨ ᠠᠭᠤᠯᠭ᠎ᠠ ᠶᠢᠨ ᠦᠢᠯᠡᠳᠪᠦᠷᠢᠯᠡᠯ ᠤᠨ ᠲᠣᠭᠲᠠᠯᠴᠠᠭ᠎ᠠ᠂ ᠳᠠᠮᠵᠢᠭᠤᠯᠭ᠎ᠠ ᠶᠢᠨ ᠪᠦᠷᠬᠦᠴᠡ ᠶᠢᠨ ᠲᠣᠭᠲᠠᠯᠴᠠᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ᠂ ᠬᠡᠷᠡᠭᠯᠡᠭᠡᠨ ᠤ ᠲᠣᠭᠲᠠᠯᠴᠠᠭ᠎ᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠵᠡᠷᠭᠡ ᠲᠠᠪᠤᠨ ᠵᠦᠢᠯ ᠤᠨ ᠡᠭᠦᠷᠭᠡ᠂ 18 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠪᠠ᠃ ᠡᠭᠦᠨ ᠳᠤ᠄ ᠣᠶᠤᠨᠴᠢ ᠷᠠᠳᠢᠣ᠋ ᠲᠧᠯᠸᠢᠰ ᠤᠨ ᠠᠭᠤᠯᠭ᠎ᠠ ᠶᠢᠨ ᠦᠢᠯᠡᠳᠪᠦᠷᠢᠯᠡᠯ ᠤᠨ ᠲᠣᠭᠲᠠᠯᠴᠠᠭ᠎ᠠ ᠳᠤ ᠳᠡᠭᠡᠳᠦ ᠲᠤᠳᠤᠷᠠᠴᠠᠲᠤ ᠬᠡᠲᠦ ᠥᠨᠳᠥᠷ ᠲᠤᠳᠤᠷᠠᠴᠠᠲᠤ ᠪᠠᠷ ᠦᠢᠯᠡᠳᠴᠦ ᠨᠡᠪᠲᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠠᠭᠤᠯᠭ᠎ᠠ ᠶᠢᠨ ᠦᠢᠯᠡᠳᠪᠦᠷᠢᠯᠡᠯ ᠤᠨ ᠰᠢᠨ᠎ᠡ ᠶᠢ ᠡᠭᠦᠳᠦᠨ ᠬᠡᠷᠡᠭᠯᠡᠬᠦ ᠶᠢ ᠭᠦᠨᠵᠡᠭᠡᠶᠢᠷᠡᠭᠦᠯᠬᠦ᠂ ᠴᠢᠨᠠᠷ ᠰᠠᠶᠢᠲᠠᠶ ᠫᠷᠤᠭ᠍ᠷᠠᠮ ᠤᠨ ᠡᠬᠢ ᠪᠠᠶᠠᠯᠢᠭ ᠤᠨ ᠬᠠᠩᠭᠠᠯᠭ᠎ᠠ ᠶᠢ ᠪᠠᠶᠠᠯᠢᠭᠵᠢᠭᠤᠯᠬᠤ ᠵᠡᠷᠭᠡ ᠶᠢ ᠪᠠᠭᠲᠠᠭᠠᠨ᠎ᠠ︔ ᠣᠶᠤᠨᠴᠢ ᠷᠠᠳᠢᠣ᠋ ᠲᠧᠯᠸᠢᠰ ᠤᠨ ᠳᠠᠮᠵᠢᠭᠤᠯᠭ᠎ᠠ ᠶᠢᠨ ᠪᠦᠷᠬᠦᠴᠡ ᠶᠢᠨ ᠲᠣᠭᠲᠠᠯᠴᠠᠭ᠎ᠠ ᠳᠤ ᠷᠠᠳᠢᠣ᠋ ᠲᠧᠯᠸᠢᠰ ᠤᠨ ᠪᠦᠷᠬᠦᠴᠡ ᠶᠢᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠤᠲᠠᠰᠤᠲᠤ ᠲᠧᠯᠸᠢᠰ ᠤᠨ ᠰᠦᠯᠵᠢᠶ᠎ᠡ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠬᠤ᠂ ᠷᠠᠳᠢᠣ᠋ ᠲᠧᠯᠸᠢᠰ ᠤᠨ 5G ᠶᠢᠨ ᠰᠦᠯᠵᠢᠶ᠎ᠡ ᠶᠢ ᠪᠣᠶ ᠪᠣᠯᠭᠠᠬᠤ᠂ ᠪᠢᠴᠢᠯ ᠳᠣᠯᠭᠢᠶᠠᠨ ᠢᠶᠠᠷ ᠳᠠᠮᠵᠢᠭᠤᠯᠬᠤ ᠰᠢᠰᠲ᠋ᠧᠮ ᠤᠨ ᠪᠠᠭᠲᠠᠭᠠᠮᠵᠢ ᠶᠢ ᠥᠷᠭᠡᠳᠬᠡᠨ ᠥᠭᠡᠷᠡᠴᠢᠯᠡᠬᠦ ᠶᠢ ᠠᠬᠢᠭᠤᠯᠬᠤ ᠵᠡᠷᠭᠡ ᠶᠢ ᠪᠠᠭᠲᠠᠭᠠᠨ᠎ᠠ︔ ᠣᠶᠤᠨᠴᠢ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠳᠤ ᠣᠶᠤᠨᠴᠢ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠣᠶᠤᠨᠴᠢ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠢ ᠥᠷᠨᠢᠭᠦᠯᠬᠦ᠂ ᠰᠢᠨ᠎ᠡ ᠨᠢᠭᠡ ᠦᠶ᠎ᠡ ᠶᠢᠨ ᠰᠢᠭᠤᠳ ᠨᠡᠪᠲᠡᠷᠡᠭᠦᠯᠭᠡ ᠶᠢᠨ ᠳᠠᠭᠠᠭᠤᠯᠢ ᠣᠳᠣᠨ ᠤ ᠡᠷᠦᠬᠡ ᠳᠤ ᠬᠡᠷᠡᠭᠯᠡᠬᠦ ᠶᠢ ᠠᠬᠢᠭᠤᠯᠬᠤ ᠵᠡᠷᠭᠡ ᠶᠢ ᠪᠠᠭᠲᠠᠭᠠᠨ᠎ᠠ︔ ᠤᠶᠤᠨᠲᠤ ᠷᠠᠳᠢᠣ᠋ ᠲᠧᠯᠸᠢᠰ ᠤᠨ ᠬᠡᠷᠡᠭᠯᠡᠭᠡᠨ ᠤ ᠲᠣᠭᠲᠠᠯᠴᠠᠭ᠎ᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠲᠤᠯᠭᠠᠭᠤᠷᠢᠯᠠᠬᠤ᠂ ᠤᠯᠤᠰ ᠤᠨ ᠰᠣᠶᠣᠯ ᠤᠨ ᠲᠣᠭᠠᠴᠢᠯᠠᠭᠰᠠᠨ ᠪᠠᠶᠢᠯᠳᠤᠬᠤ ᠪᠣᠳᠣᠯᠭ᠎ᠠ ᠳᠤ ᠠᠭᠤᠰᠤᠯᠴᠠᠬᠤ ᠶᠢ ᠪᠠᠭᠲᠠᠭᠠᠨ᠎ᠠ︔ ᠣᠶᠤᠨᠴᠢ ᠷᠠᠳᠢᠣ᠋ ᠲᠧᠯᠸᠢᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠳᠤ ᠬᠢᠨᠠᠨ ᠬᠡᠮᠵᠢᠵᠦ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ᠂ ᠲᠠᠪᠴᠠᠩ ᠥᠷᠲᠡᠭᠡ ᠶᠢᠨ ᠣᠶᠤᠨᠴᠢ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠲᠦᠪᠰᠢᠨ ᠢ ᠴᠢᠩᠭᠠᠳᠬᠠᠬᠤ᠂ ᠰᠦᠯᠵᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠡᠬᠢ ᠪᠠᠶᠠᠯᠢᠭ ᠤᠨ ᠳ᠋ᠠᠶᠢᠲ᠋ᠠ ᠶᠢᠨ ᠦᠵᠡᠭᠳᠡᠬᠦ᠋ᠢᠴᠡ ᠬᠠᠮᠢᠶᠠᠷᠤᠯᠲᠠ ᠶᠢᠨ ᠴᠢᠳᠠᠪᠤᠷᠢ ᠶᠢ ᠴᠢᠩᠭᠠᠳᠬᠠᠬᠤ ᠵᠡᠷᠭᠡ ᠶᠢ ᠪᠠᠭᠲᠠᠭᠠᠨ᠎ᠠ᠃  ᠭᠤᠷᠪᠠᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠵᠤ᠂ ᠡᠭᠦᠨ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠲᠡᠳᠬᠦᠨ ᠬᠥᠲᠥᠯᠦᠨ ᠵᠢᠯᠣᠭᠤᠳᠬᠤ ᠶᠢ ᠴᠢᠩᠭᠠᠳᠬᠠᠬᠤ᠂ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠨᠠᠶᠢᠳᠠᠪᠤᠷᠢᠵᠢᠭᠤᠯᠬᠤ ᠵᠡᠷᠭᠡ ᠶᠢ ᠪᠠᠭᠲᠠᠭᠠᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ