2022 ᠣᠨ ᠤ ᠳᠥᠷᠪᠡᠳᠦᠭᠡᠷ ᠤᠯᠠᠷᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠲᠤᠭ᠎ᠠ ᠪᠦᠷᠢᠳᠭᠡᠯ ᠤᠨ ᠵᠠᠳᠠᠯᠤᠯᠲᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2023/1/11
  ᠨᠢᠭᠡ᠂ ᠷᠠᠳᠢᠣ᠋ ᠲᠧᠯᠸᠢᠰ ᠪᠠ ᠰᠦᠯᠵᠢᠶ᠎ᠡ ᠶᠢᠨ ᠦᠵᠡᠵᠦ ᠰᠤᠨᠤᠰᠬᠤ ᠶᠢᠨ ᠣᠷᠣᠯᠭ᠎ᠠ ᠶᠢᠨ ᠪᠠᠶᠢᠳᠠᠯ  ︵ᠨᠢᠭᠡ︶ ᠷᠠᠳᠢᠣ᠋ ᠲᠧᠯᠸᠢᠰ ᠪᠠ ᠰᠦᠯᠵᠢᠶ᠎ᠡ ᠶᠢᠨ ᠦᠵᠡᠵᠦ ᠰᠣᠨᠣᠰᠬᠤ ᠶᠢᠨ ᠶᠡᠷᠦᠩᠬᠡᠶ ᠣᠷᠣᠯᠭ᠎ᠠ  2022 ᠣᠨ ᠤ ᠳᠥᠷᠪᠡᠳᠦᠭᠡᠷ ᠤᠯᠠᠷᠢᠯ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠶᠡᠷᠦᠩᠬᠡᠶ ᠣᠷᠣᠯᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠦᠨᠳᠦᠰᠦᠨ ᠳᠤ ᠪᠠᠨ ᠲᠣᠭᠲᠠᠭᠤᠨ ᠪᠠᠶᠢᠵᠤ᠂ ᠶᠡᠷᠦᠩᠬᠡᠶ ᠣᠷᠣᠯᠭ᠎ᠠ 420325.60 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.5% ᠪᠠᠷ ᠪᠠᠭᠤᠷᠠᠪᠠ᠃ ᠡᠭᠦᠨ ᠳᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠶᠡᠷᠦᠩᠬᠡᠢ ᠣᠷᠣᠯᠭ᠎ᠠ 320835.29 ᠲᠦᠮᠡᠨ ᠲᠥᠭᠦᠷᠢᠭ ᠪᠠᠶᠢᠵᠤ᠂ ᠠᠵᠤ ᠠᠬᠤᠶᠢᠯᠠᠯ ᠤᠨ ᠨᠢᠭᠡᠴᠢ ᠶᠢᠨ ᠶᠡᠷᠦᠩᠬᠡᠢ ᠣᠷᠣᠯᠭ᠎ᠠ 99490.31 ᠲᠦᠮᠡᠨ ᠲᠥᠭᠦᠷᠢᠭ ᠪᠤᠯᠤᠨ᠎ᠠ᠃  ︵ᠬᠤᠶᠠᠷ︶ ᠷᠠᠳᠢᠣ᠋ ᠲᠧᠯᠸᠢᠰ ᠪᠠ ᠰᠦᠯᠵᠢᠶ᠎ᠡ ᠶᠢᠨ ᠦᠵᠡᠵᠦ ᠰᠣᠨᠣᠰᠬᠤ ᠶᠢᠨ ᠪᠣᠳᠠᠲᠠᠶ ᠡᠭᠦᠳᠦᠭᠰᠡᠨ ᠣᠷᠣᠯᠭ᠎ᠠ  2022 ᠣᠨ ᠤ ᠳᠥᠷᠪᠡᠳᠦᠭᠡᠷ ᠤᠯᠠᠷᠢᠯ ᠳᠤ ᠮᠠᠨ ᠤ ᠣᠷᠣᠨ ᠬᠢᠵᠢᠭ ᠤᠨ ᠨᠥᠯᠥᠭᠡ ᠠᠴᠠ ᠪᠣᠯᠵᠣ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠪᠣᠳᠠᠲᠠᠶ ᠡᠭᠦᠳᠦᠭᠰᠡᠨ ᠣᠷᠣᠯᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠣᠬᠢᠬᠤ ᠬᠡᠮᠵᠢᠶ᠎ᠡ ᠪᠠᠷ ᠪᠠᠭᠤᠷᠠᠵᠤ᠂ ᠪᠣᠳᠠᠲᠠᠶ ᠡᠭᠦᠳᠦᠭᠰᠡᠨ ᠣᠷᠣᠯᠭ᠎ᠠ 127124.17 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.87% ᠪᠠᠷ ᠪᠠᠭᠤᠷᠠᠪᠠ᠃  ᠬᠤᠶᠠᠷ᠂ ᠷᠠᠳᠢᠣ᠋ ᠲᠧᠯᠸᠢᠰ ᠤᠨ ᠫᠷᠤᠭ᠍ᠷᠠᠮ ᠤᠨ ᠨᠡᠪᠳᠡᠷᠡᠭᠦᠯᠭᠡ ᠶᠢᠨ ᠪᠠᠶᠢᠳᠠᠯ  ︵ᠨᠢᠭᠡ︶ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠬᠠᠭᠤᠯᠭ᠎ᠠ ᠶᠢ ᠯᠠᠪᠳᠠᠭᠤᠨ ᠪᠠᠲᠤᠲᠠᠢ ᠠᠬᠢᠭᠤᠯᠪᠠ  ᠪᠦᠬᠦ ᠣᠷᠣᠨ ᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠨᠡᠶᠢᠲᠡ ᠤᠬᠠᠭᠤᠯᠤᠨ ᠨᠡᠪᠲᠡᠷᠡᠭᠦᠯᠬᠦ ᠴᠠᠭ ᠨᠢ ᠨᠡᠯᠢᠶᠡᠳ ᠲᠣᠭᠲᠠᠭᠤᠨ ᠪᠠᠶᠢᠨ᠎ᠠ᠃ ᠪᠥᠬᠦ ᠣᠷᠣᠨ ᠤ ᠷᠠᠳᠢᠣ᠋ ᠨᠡᠪᠲᠡᠷᠡᠭᠦᠯᠭᠡ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠨᠡᠪᠲᠡᠷᠡᠭᠦᠯᠦᠭᠰᠡᠨ ᠴᠠᠭ ᠨᠢ 18866.42 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.39% ᠪᠠᠷ ᠪᠠᠭᠤᠷᠠᠪᠠ᠃ ᠪᠦᠬᠦ ᠣᠷᠣᠨ ᠤ ᠲᠧᠯᠸᠢᠰ ᠨᠡᠪᠲᠡᠷᠡᠭᠦᠯᠭᠡ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠨᠡᠪᠲᠡᠷᠡᠭᠦᠯᠦᠭᠰᠡᠨ  ᠴᠠᠭ ᠨᠢ 30037.72 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.84% ᠪᠠᠷ ᠨᠡᠮᠡᠭᠳᠡᠪᠡ᠃  ︵ᠬᠤᠶᠠᠷ︶ ᠪᠠᠭᠠᠴᠤᠳ ᠬᠡᠦᠬᠡᠳ ᠤᠨ ᠫᠷᠦᠭᠷᠠᠮ ᠤᠨ ᠨᠡᠪᠲᠡᠷᠡᠭᠦᠯᠦᠭᠰᠡᠨ ᠴᠠᠭ  ᠪᠦᠬᠦ ᠣᠷᠣᠨ ᠤ ᠷᠠᠳᠢᠣ᠋ ᠨᠡᠪᠲᠡᠷᠡᠭᠦᠯᠭᠡ ᠶᠢᠨ ᠪᠠᠭᠠᠴᠤᠳ ᠬᠡᠦᠬᠡᠳ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 13774.67 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.62% ᠢᠶᠠᠷ ᠨᠡᠮᠡᠭᠳᠡᠪᠡ᠃ ᠪᠦᠬᠦ ᠣᠷᠣᠨ ᠤ ᠲᠧᠯᠸᠢᠰ ᠨᠡᠪᠲᠡᠷᠡᠭᠦᠯᠭᠡ ᠶᠢᠨ ᠪᠠᠭᠠᠴᠤᠳ ᠬᠡᠦᠬᠡᠳ ᠤᠨ ᠫᠷᠣᠭ᠍ᠷᠠᠮ ᠤᠨ ᠨᠡᠪᠲᠡᠷᠡᠭᠦᠯᠦᠭᠰᠡᠨ ᠴᠠᠭ ᠨᠢ 26608.02 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.63% ᠪᠠᠷ ᠪᠠᠭᠤᠷᠠᠪᠠ᠃  ︵ᠭᠤᠷᠪᠠ︶ ᠲᠠᠷᠢᠶᠠᠯᠠᠩ ᠤᠨ ᠫᠷᠣᠭ᠍ᠷᠠᠮ ᠤᠨ ᠨᠡᠪᠲᠡᠷᠡᠭᠦᠯᠦᠭᠰᠡᠨ ᠴᠠᠭ  ᠪᠥᠬᠦ ᠣᠷᠣᠨ ᠤ ᠷᠠᠳᠢᠣ᠋ ᠨᠡᠪᠲᠡᠷᠡᠭᠦᠯᠭᠡ ᠶᠢᠨ ᠲᠠᠷᠢᠶᠠᠯᠠᠩ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 227425.08 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.45% ᠪᠠᠷ ᠪᠠᠭᠤᠷᠠᠪᠠ᠃ ᠪᠦᠬᠦ ᠣᠷᠣᠨ ᠤ ᠲᠧᠯᠸᠢᠰ ᠨᠡᠪᠲᠡᠷᠡᠭᠦᠯᠭᠡ ᠶᠢᠨ ᠲᠠᠷᠢᠶᠠᠯᠠᠩ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 218396.13 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.95% ᠪᠠᠷ ᠪᠠᠭᠤᠷᠠᠪᠠ᠃  ︵ᠲᠦᠷᠪᠡ︶ ᠪᠠᠷᠢᠮᠲᠠᠲᠤ ᠺᠢᠨᠣ᠋ ᠶᠢᠨ ᠨᠡᠪᠲᠡᠷᠡᠭᠦᠯᠦᠭᠰᠡᠨ ᠴᠠᠭ  ᠴᠠᠭ ᠦᠶ᠎ᠡ ᠶᠢᠨ ᠰᠠᠭᠤᠭᠳᠠᠯ ᠨᠢ ᠢᠯᠡ ᠲᠣᠳᠣ᠂ ᠦᠨᠳᠦᠰᠦᠲᠡᠨ ᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠰᠢᠯᠢᠳᠡᠭ ᠪᠠᠷᠢᠮᠲᠠᠲᠤ ᠺᠢᠨᠣ᠋ ᠶᠢ ᠭᠠᠷᠭᠠᠪᠠ᠃ ᠪᠦᠬᠦ ᠣᠷᠣᠨ ᠤ ᠡᠯ᠎ᠡ ᠱᠠᠲᠤᠨ ᠤ ᠨᠡᠪᠲᠡᠷᠡᠭᠦᠯᠬᠦ ᠪᠠᠶᠢᠭᠤᠯᠤᠮᠵᠢ ᠶᠢᠨ ᠪᠠᠷᠢᠮᠲᠠᠲᠤ ᠺᠢᠨᠤ᠋ ᠶᠢᠨ ᠨᠡᠪᠲᠡᠷᠡᠭᠦᠯᠦᠭᠰᠡᠨ ᠴᠠᠭ ᠨᠢ 20173.48 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.83% ᠪᠠᠷ ᠨᠡᠮᠡᠭᠳᠡᠪᠡ᠃  ︵ᠲᠠᠪᠤ︶ ᠲᠧᠯᠸᠢᠰ ᠤᠨ ᠺᠠᠷᠲ᠋ᠣᠨ ᠵᠢᠷᠤᠭ ᠤᠨ ᠨᠡᠪᠲᠡᠷᠡᠭᠦᠯᠦᠭᠰᠡᠨ ᠴᠠᠭ  ᠳᠤᠮᠳᠠᠳᠤ ᠤᠯᠤᠰ ᠤᠨ ᠰᠣᠩᠭᠤᠳᠠᠭ ᠠᠷᠠᠳ ᠤᠨ ᠦᠯᠢᠭᠡᠷ᠂ ᠺᠠᠷᠲ᠋ᠣᠨ ᠵᠢᠷᠤᠭ ᠵᠡᠷᠭᠡ ᠤᠯᠤᠰ ᠲᠤ ᠪᠠᠨ ᠦᠢᠯᠡᠳᠪᠦᠷᠢᠯᠡᠭᠰᠡᠨ ᠺᠠᠷᠲ᠋ᠣᠨ ᠵᠢᠷᠤᠭ ᠤᠨ ᠴᠡᠴᠡᠭᠯᠡᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠪᠠ᠃ ᠪᠦᠬᠦ ᠣᠷᠣᠨ ᠤ ᠡᠯ᠎ᠡ ᠱᠠᠲᠤᠨ ᠤ ᠨᠡᠪᠲᠡᠷᠡᠭᠦᠯᠬᠦ ᠪᠠᠶᠢᠭᠤᠯᠤᠮᠵᠢ ᠶᠢᠨ ᠺᠠᠷᠲ᠋ᠣᠨ ᠺᠢᠨᠣ᠋ ᠶᠢᠨ ᠨᠡᠪᠲᠡᠷᠡᠭᠦᠯᠦᠭᠰᠡᠨ ᠴᠠᠭ ᠨᠢ 19126.00 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.69% ᠪᠠᠷ ᠪᠠᠭᠤᠷᠠᠪᠠ᠃  ᠭᠤᠷᠪᠠ᠂ ᠤᠲᠠᠰᠤᠲᠤ ᠲᠧᠯᠸᠢᠰ ᠤᠨ ᠬᠡᠷᠡᠭᠯᠡᠭᠴᠢ ᠶᠢᠨ ᠪᠠᠶᠢᠳᠠᠯ  2022 ᠣᠨ ᠤ ᠳᠥᠷᠪᠡᠳᠦᠭᠡᠷ ᠤᠯᠠᠷᠢᠯ ᠳᠤ ᠪᠥᠬᠦ ᠣᠷᠣᠨ ᠤ ᠤᠲᠠᠰᠤᠲᠤ ᠲᠧᠯᠸᠢᠰ ᠤᠨ ᠪᠦᠷᠬᠦᠭᠰᠡᠨ ᠬᠡᠷᠡᠭᠯᠡᠭᠴᠢ ᠶᠢᠨ ᠲᠤᠭ᠎ᠠ 364.26 ᠲᠦᠮᠡᠨ ᠡᠷᠦᠬᠡ ᠪᠠᠶᠢᠵᠤ᠂ ᠤᠲᠠᠰᠤᠲᠤ ᠲᠧᠯᠸᠢᠰ ᠤᠨ ᠪᠣᠳᠠᠲᠠᠶ ᠬᠡᠷᠡᠭᠯᠡᠭᠴᠢ ᠶᠢᠨ ᠲᠤᠭ᠎ᠠ 265.27 ᠲᠦᠮᠡᠨ ᠡᠷᠦᠬᠡ ᠪᠠᠶᠢᠵᠤ᠂ ᠤᠲᠠᠰᠤᠲᠤ ᠲᠧᠯᠸᠢᠰ ᠤᠨ ᠰᠦᠢᠳᠬᠡᠯ ᠲᠤᠰᠢᠶᠠᠭᠰᠠᠨ ᠬᠡᠷᠡᠭᠯᠡᠭᠴᠢ ᠶᠢᠨ ᠲᠤᠭ᠎ᠠ 187.31 ᠲᠦᠮᠡᠨ ᠡᠷᠦᠬᠡ ᠪᠠᠶᠢᠪᠠ᠃ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ