ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠰᠣᠨᠢᠨ ᠮᠡᠳᠡᠭᠡᠨ ᠤ ᠥᠭᠦᠯᠡᠭᠴᠢ ︽ᠷᠠᠳᠢᠣ᠋ ᠲᠧᠯᠸᠢᠰ ᠤᠨ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠲᠣᠭᠲᠠᠭᠠᠯ︾ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2023/10/23
    ᠣᠶᠢᠷ᠎ᠠ ᠳᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ︽ᠷᠠᠳᠢᠣ᠋ ᠲᠧᠯᠸᠢᠰ ᠤᠨ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠲᠣᠭᠲᠠᠭᠠᠯ︾ ᠢ ᠨᠡᠶᠢᠲᠡᠯᠡᠪᠡ ︵ᠤᠯᠤᠰ ᠷᠠᠳᠢᠣ᠋ ᠲᠧᠯᠸᠢᠰ ᠶᠡᠷᠦᠩᠬᠡᠢ ᠲᠣᠪᠴᠢᠶ᠎ᠠ ᠵᠠᠷᠯᠢᠭ 6 ᠳ᠋ᠤᠭᠠᠷ ᠲᠣᠭᠠᠲᠤ︶᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠰᠣᠨᠢᠨ ᠮᠡᠳᠡᠭᠡᠨ ᠤ ᠥᠭᠦᠯᠡᠭᠴᠢ ᠷᠠᠳᠢᠣ᠋ ᠲᠧᠯᠸᠢᠰ ᠤᠨ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠲᠣᠭᠲᠠᠭᠠᠯ ᠢ ᠨᠡᠶᠢᠲᠡᠯᠡᠭᠰᠡᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃  1. ᠠᠰᠠᠭᠤᠯᠲᠠ᠄ ᠳᠦᠷᠢᠮ ᠲᠣᠭᠲᠠᠭᠠᠯ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠤᠶ ︖  ᠬᠠᠷᠢᠭᠤᠯᠲᠠ᠄ 2005 ᠣᠨ ᠳᠤ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ︽ᠷᠠᠳᠢᠣ᠋ ᠺᠢᠨᠣ᠋ ᠲᠧᠯᠸᠢᠰ ᠤᠨ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠷᠭ᠎ᠠ︾ ︵ᠤᠤᠯ ᠤᠨ ᠤᠯᠤᠰ ᠤᠨ ᠷᠠᠳᠢᠣ᠋ ᠺᠢᠨᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠵᠠᠷᠯᠢᠭ 47 ᠳ᠋ᠤᠭᠠᠷ ᠲᠣᠭᠠᠲᠤ︶ ᠶᠢ ᠨᠡᠶᠢᠲᠡᠯᠡᠵᠦ᠂ ᠲᠤᠭ᠎ᠠ ᠪᠦᠷᠢᠳᠬᠡᠯ ᠤᠨ ᠠᠵᠢᠯ ᠤᠨ ᠲᠣᠭᠲᠠᠴᠠ ᠶᠢ ᠰᠢᠯᠤᠭᠤᠳᠬᠠᠬᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠵᠤ᠂ ᠷᠠᠳᠢᠣ᠋ ᠺᠢᠨᠣ᠋ ᠲᠧᠯᠸᠢᠰ ᠤᠨ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠠᠵᠢᠯ ᠤᠨ ᠤᠷᠤᠭᠰᠢᠲᠠᠢ ᠶᠠᠪᠤᠭᠳᠠᠬᠤ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠶᠢᠷ᠎ᠠ ᠶᠢᠨ ᠬᠤᠶᠠᠷ ᠵᠢᠯ ᠳᠤ᠂ ᠷᠠᠳᠢᠣ᠋ ᠲᠧᠯᠸᠢᠰ ᠤᠨ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠠᠵᠢᠯ ᠳᠤ ᠮᠠᠰᠢ ᠣᠯᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ᠂ ᠰᠢᠨ᠎ᠡ ᠱᠠᠭᠠᠷᠳᠠᠯᠭ᠎ᠠ ᠲᠤᠯᠭᠠᠷᠠᠵᠤ ᠪᠠᠶᠢᠨ᠎ᠠ᠂ ᠨᠢᠭᠡ ᠳᠤ᠂ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠰᠢᠨ᠎ᠡ ᠲᠤᠰᠢᠶᠠᠯ ᠬᠠᠷᠢᠭᠤᠴᠠᠯᠭ᠎ᠠ᠂ ᠰᠢᠨ᠎ᠡ ᠪᠠᠶᠢᠷᠢ ᠲᠣᠭᠲᠠᠭᠠᠯᠲᠠ ᠶᠢ ᠷᠠᠳᠢᠣ᠋ ᠲᠧᠯᠸᠢᠰ ᠪᠠ ᠰᠦᠯᠵᠢᠶᠡᠨ ᠤ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠳᠤ ᠨᠠᠩ ᠢᠯᠡᠭᠦᠦ ᠲᠥᠪᠯᠡᠷᠡᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠣᠬᠢᠴᠠᠩᠭᠤᠢ ᠪᠠᠷ ᠲᠣᠳᠣᠷᠬᠠᠶᠢᠯᠠᠬᠤ ᠴᠢᠬᠤᠯᠠᠲᠠᠢ ᠪᠠᠶᠢᠨ᠎ᠠ᠃ ᠬᠤᠶᠠᠷ ᠲᠤ᠂ ᠲᠥᠷᠥ ᠶᠢᠨ ᠶᠠᠪᠤᠳᠠᠯ ᠤᠨ ᠬᠤᠷᠢᠶ᠎ᠠ 2017 ᠣᠨ ᠤ 8 ᠳ᠋ᠤᠭᠠᠷ ᠰᠠᠷ᠎ᠠ ᠶᠢᠨ 1 ᠤ ᠡᠳᠦᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾ ᠢ ᠨᠡᠶᠢᠲᠡᠯᠡᠨ ᠬᠡᠷᠡᠭᠵᠢᠭᠦᠯᠵᠡᠢ᠂ ᠲᠣᠰ ᠳᠦᠷᠢᠮ ᠤᠨ ᠵᠣᠷᠢᠭ ᠰᠠᠨᠠᠭ᠎ᠠ ᠶᠢ ᠦᠨᠳᠦᠰᠦᠯᠡᠨ ᠬᠠᠮᠢᠶ᠎ᠠ ᠪᠦᠬᠦᠢ ᠠᠭᠤᠯᠭ᠎ᠠ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠨ᠎ᠠ᠃ ᠭᠤᠷᠪᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠭᠲᠠᠭᠠᠯ︾ ᠪᠠ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠭᠲᠠᠭᠠᠯ ᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠣᠯᠠᠨ ᠵᠦᠢᠯ ᠤᠨ ᠴᠢᠬᠤᠯᠠ ᠪᠢᠴᠢᠭ ᠮᠠᠲ᠋ᠧᠷᠢᠶᠠᠯ ᠨᠢ ᠲᠤᠭ᠎ᠠ ᠪᠦᠷᠢᠳᠬᠡᠯ ᠤᠨ ᠲᠤᠭᠳᠠᠯᠴᠠᠭ᠎ᠠ ᠶᠢ ᠥᠭᠡᠷᠡᠴᠢᠯᠡᠬᠦ ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠤᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠬᠤ ᠵᠡᠷᠭᠡ ᠲᠠᠯ᠎ᠠ ᠪᠠᠷ ᠰᠢᠨ᠎ᠡ ᠱᠠᠭᠠᠷᠳᠠᠯᠭ᠎ᠠ ᠳᠤᠷᠠᠳᠴᠤ ᠂ ᠤᠤᠯ ᠤᠨ ᠤᠯᠤᠰ ᠤᠨ ᠷᠠᠳᠢᠣ᠋ ᠺᠢᠨᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ 47 ᠳ᠋ᠤᠭᠠᠷ ᠵᠠᠷᠯᠢᠭ ᠲᠤ ᠵᠠᠰᠠᠪᠤᠷᠢ ᠣᠷᠣᠭᠤᠯᠬᠤ ᠴᠢᠬᠤᠯᠠᠲᠠᠢ ᠪᠤᠯᠵᠠᠢ ᠃  2. ᠠᠰᠠᠭᠤᠯᠲᠠ᠄ ᠳᠦᠷᠢᠮ ᠲᠣᠭᠲᠠᠭᠠᠯ ᠢ ᠲᠤᠭᠤᠷᠪᠢᠨ ᠪᠢᠴᠢᠬᠦ ᠶᠢᠨ ᠦᠨᠳᠦᠰᠦᠨ ᠰᠡᠳᠬᠢᠮᠵᠢ ᠨᠢ ᠶᠠᠭᠤ ᠪᠤᠶ ︖  ᠬᠠᠷᠢᠭᠤᠯᠲᠠ᠄ ᠳᠦᠷᠢᠮ ᠲᠣᠭᠲᠠᠭᠠᠯ ᠢ ᠲᠤᠭᠤᠷᠪᠢᠨ ᠪᠢᠴᠢᠬᠦ ᠶᠠᠪᠤᠴᠠ ᠳᠤ᠂ ᠠᠵᠢᠯ ᠤᠨ ᠰᠡᠳᠬᠢᠴᠡ ᠶᠢᠨ ᠲᠠᠯ᠎ᠠ ᠪᠠᠷ ᠳᠣᠣᠷᠠᠬᠢ ᠭᠤᠷᠪᠠᠨ ᠲᠠᠯ᠎ᠠ ᠶᠢ ᠪᠠᠷᠢᠮᠳᠠᠯᠠᠵᠠᠢ᠄ ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ︽ᠳᠥᠷᠪᠡᠨ ᠤᠬᠠᠮᠰᠠᠷ︾ ᠢ ᠨᠡᠮᠡᠭᠳᠡᠭᠦᠯᠵᠦ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠷᠠᠳᠢᠣ᠋ ᠲᠧᠯᠸᠢᠰ ᠤᠨ ᠴᠢᠨᠠᠷ ᠰᠠᠶᠢᠲᠠᠢ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠳᠤᠮᠳᠠᠬᠢ ᠲᠤᠭ᠎ᠠ ᠪᠦᠷᠢᠳᠬᠡᠯ ᠤᠨ ᠠᠵᠢᠯ ᠤᠨ ᠴᠢᠬᠤᠯᠠ ᠰᠠᠭᠤᠷᠢ ᠴᠢᠨᠠᠷᠲᠠᠢ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠬᠤᠶᠠᠷ ᠲᠤ ᠂ ᠬᠠᠤᠯᠢ ᠶᠣᠰᠣᠭᠠᠷ ᠪᠦᠷᠢᠳᠬᠡᠬᠦ ᠶᠢ ᠪᠠᠷᠢᠮᠲᠠᠯᠠᠵᠤ ᠂ ᠠᠵᠢᠯ ᠲᠦᠷᠦᠯ ᠤᠨ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠭᠰᠠᠨ ᠲᠤᠭ᠎ᠠ ᠪᠦᠷᠢᠳᠬᠡᠯ ᠤᠨ ᠭᠦᠢᠴᠡᠳᠬᠡᠬᠦ ᠲᠤᠭ᠎ᠠ ᠶᠢᠨ ᠰᠢᠰᠲ᠋ᠧᠮ ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠂ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠂ ᠣᠨᠣᠪᠴᠢᠲᠤ ᠴᠢᠨᠠᠷ ᠂ ᠪᠦᠷᠢᠨ ᠪᠦᠲᠦᠨ ᠴᠢᠨᠠᠷ ᠪᠠ ᠴᠠᠭ ᠲᠤᠬᠠᠶᠢᠴᠢ ᠴᠢᠨᠠᠷ ᠢ ᠪᠠᠲᠤᠯᠠᠨ᠎ᠠ ᠃ ᠭᠤᠷᠪᠠ ᠳᠤ ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠭᠤᠣᠯ ᠠᠵᠢᠯ ᠪᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠵᠠᠬ᠎ᠠ ᠳᠡᠯᠭᠡᠭᠦᠷ ᠤᠨ ᠲᠤᠭ᠎ᠠ ᠪᠠᠷᠢᠮᠲᠠ ᠶᠢ ᠪᠦᠷᠢᠳᠬᠡᠬᠦ᠂ ᠨᠡᠶᠢᠲᠡᠯᠡᠬᠦ ᠪᠠ ᠬᠠᠮᠢᠶᠠᠷᠬᠤ ᠠᠵᠢᠯ ᠢ ᠵᠢᠷᠤᠮᠵᠢᠭᠤᠯᠬᠤ᠂ ᠭᠥᠯᠢᠶᠡᠨ ᠠᠪᠴᠤ ᠦᠵᠡᠵᠦ ᠰᠣᠨᠣᠰᠬᠤ ᠨᠣᠷᠮ᠎ᠠ ︵ᠲᠣᠪᠴᠢᠳᠠᠬᠤ ᠨᠣᠷᠮ᠎ᠠ︶ ᠶᠢ ᠪᠦᠷᠢᠳᠬᠡᠬᠦ ᠵᠢᠴᠢ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ ᠦᠶᠯᠡ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠳᠤ ᠬᠠᠤᠯᠢ ᠴᠠᠭᠠᠵᠠ ᠶᠢᠨ ᠦᠨᠳᠦᠰᠦᠯᠡᠯ ᠬᠠᠩᠭᠠᠨ᠎ᠠ᠃  3. ᠠᠰᠠᠭᠤᠯᠲᠠ᠄ ᠳᠦᠷᠢᠮ ᠲᠣᠭᠲᠠᠭᠠᠯ ᠳᠤ ᠷᠠᠳᠢᠣ᠋ ᠲᠧᠯᠸᠢᠰ ᠤᠨ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠪᠠ ᠲᠤᠭ᠎ᠠ ᠪᠦᠷᠢᠳᠬᠡᠯ ᠤᠨ ᠠᠵᠢᠯᠲᠠᠨ ᠤ ᠡᠷᠬᠡ ᠡᠭᠦᠷᠭᠡ ᠶᠢᠨ ᠲᠠᠯ᠎ᠠ ᠪᠠᠷ ᠶᠠᠮᠠᠷ ᠶᠠᠮᠠᠷ ᠰᠢᠨ᠎ᠡ ᠳᠦᠷᠢᠮ ᠪᠠᠶᠢᠬᠤ ᠪᠣᠶ︖  ᠬᠠᠷᠢᠭᠤᠯᠲᠠ᠄ ᠳᠦᠷᠢᠮ ᠲᠣᠭᠲᠠᠭᠠᠯ ᠤᠨ ᠲᠠᠪᠤᠳᠤᠭᠠᠷ ᠵᠦᠢᠯ ᠳᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠲᠤᠬᠠᠢ ᠲᠣᠭᠲᠠᠭᠠᠯ ᠢ ᠲᠣᠳᠣᠷᠬᠠᠶᠢᠯᠠᠵᠤ᠂ ︽ᠪᠥᠬᠦ ᠤᠯᠤᠰ ᠤᠨ ᠪᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠷᠠᠳᠢᠣ᠋ ᠲᠧᠯᠸᠢᠰ ᠤᠨ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠬᠢᠨᠠᠯᠲᠠ ᠪᠠ ᠬᠠᠮᠢᠶᠠᠷᠤᠯᠲᠠ ᠶᠢᠨ ᠠᠵᠢᠯ ᠢ ᠭᠤᠤᠯᠴᠢᠯᠠᠨ ᠬᠠᠮᠢᠶᠠᠷᠤᠨ᠎ᠠ︾᠂ ᠨᠠᠢᠮᠠᠳᠤᠭᠠᠷ ᠵᠦᠢᠯ ᠳᠤ ︽ᠷᠠᠳᠢᠣ᠋ ᠲᠧᠯᠸᠢᠰ ᠤᠨ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠠᠵᠢᠯ ᠳᠤ ᠨᠢᠭᠡᠳᠦᠯᠲᠡᠢ ᠤᠳᠤᠷᠢᠳᠤᠯᠭ᠎ᠠ ᠶᠠᠪᠤᠭᠤᠯᠵᠤ᠂ ᠱᠠᠲᠤ ᠬᠤᠪᠢᠶᠠᠨ ᠬᠠᠷᠢᠭᠤᠴᠠᠨ᠎ᠠ︾ ᠭᠡᠵᠦ ᠲᠣᠳᠣᠷᠬᠠᠢ ᠲᠣᠭᠲᠠᠭᠠᠵᠠᠢ᠃ ᠠᠷᠪᠠᠨ ᠲᠠᠪᠤᠳᠤᠭᠠᠷ ᠵᠦᠢᠯ ᠳᠤ ︽ ᠲᠤᠭ᠎ᠠ ᠪᠦᠷᠢᠳᠬᠡᠯ ᠤᠨ ᠪᠠᠶᠢᠭᠤᠯᠤᠮᠵᠢ ᠂ ᠲᠤᠭ᠎ᠠ ᠪᠦᠷᠢᠳᠬᠡᠯ ᠤᠨ ᠠᠵᠢᠯᠲᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠬᠢᠬᠦ ᠡᠷᠬᠡ ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠡᠷᠬᠡ ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠷᠬᠡ ᠵᠢᠴᠢ ᠬᠠᠤᠯᠢ ᠪᠠᠷ ᠲᠣᠭᠲᠠᠭᠠᠭᠰᠠᠨ ᠪᠤᠰᠤᠳ ᠡᠷᠬᠡ ᠪᠠᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠬᠡᠷᠡᠭᠵᠢᠭᠦᠯᠦᠨ᠎ᠡ ︾ ᠭᠡᠵᠦ ᠲᠤᠳᠤᠷᠬᠠᠶᠢᠯᠠᠵᠠᠢ ᠂ ᠬᠤᠷᠢᠨ ᠳᠥᠷᠪᠡᠳᠦᠭᠡᠷ ᠵᠦᠢᠯ ᠳᠤ ︽ ᠶᠠᠮᠠᠷᠪᠠ ᠨᠢᠭᠡᠴᠢ ᠪᠠ ᠬᠤᠪᠢ ᠬᠥᠮᠥᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠤᠮᠳᠠ ᠣᠯᠣᠭᠰᠠᠨ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠤᠨ ᠪᠡᠶ᠎ᠡ ᠬᠡᠮ ᠢ ᠢᠯᠭᠠᠨ ᠲᠠᠨᠢᠬᠤ ᠪᠠ ᠵᠦᠢᠴᠢᠯᠡᠨ ᠮᠠᠭᠠᠳᠯᠠᠵᠤ ᠴᠢᠳᠠᠬᠤ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠨ᠎ᠡ ︾ ᠭᠡᠵᠦ ᠨᠡᠮᠡᠪᠡ ᠃  4.ᠠᠰᠠᠭᠤᠯᠲᠠ᠄ ᠳᠦᠷᠢᠮ ᠲᠣᠭᠲᠠᠭᠠᠯ ᠳᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ ᠬᠠᠷᠢᠭᠤᠴᠠᠯᠭ᠎ᠠ ᠶᠢᠨ ᠳᠦᠷᠢᠮ ᠢ ᠲᠣᠭᠲᠠᠭᠠᠬᠤ ᠵᠢᠴᠢ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠶᠠᠮᠠᠷ ᠳᠦᠷᠢᠮ ᠪᠠᠶᠢᠬᠤ ᠪᠣᠶ︖  ᠬᠠᠷᠢᠭᠤᠯᠲᠠ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠭᠲᠠᠭᠠᠯ︾ ᠪᠠ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠬᠢᠨᠠᠨ ᠪᠠᠶᠢᠴᠠᠭᠠᠬᠤ ᠠᠵᠢᠯ ᠤᠨ ᠲᠣᠭᠲᠠᠭᠠᠯ ᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠳᠦᠷᠢᠮ ᠲᠣᠭᠲᠠᠭᠠᠯ ᠤᠨ ᠠᠷᠪᠠ ᠶᠢᠰᠦᠳᠦᠭᠡᠷ ᠵᠦᠢᠯ ᠳᠤ᠂ ᠷᠠᠳᠢᠣ᠋ ᠲᠧᠯᠸᠢᠰ ᠤᠨ ᠠᠵᠢᠯ ᠲᠥᠷᠥᠯ ᠤᠨ ᠡᠯ᠎ᠡ ᠨᠢᠭᠡᠴᠢ ᠨᠦᠭᠦᠳ ᠲᠤᠭ᠎ᠠ ᠪᠦᠷᠢᠳᠬᠡᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ ᠬᠤᠷᠢᠨ ᠨᠢᠭᠡᠳᠦᠭᠡᠷ ᠵᠦᠢᠯ ᠳᠤ ︽ ᠷᠠᠳᠢᠣ᠋ ᠲᠧᠯᠸᠢᠰ ᠤᠨ ᠠᠵᠢᠯ ᠲᠦᠷᠦᠯ ᠤᠨ ᠡᠯ᠎ᠡ ᠨᠢᠭᠡᠴᠢ ᠶᠢᠨ ᠬᠠᠷᠢᠭᠤᠴᠠᠯᠭᠠᠲᠠᠨ ᠲᠤᠭ᠎ᠠ ᠪᠦᠷᠢᠳᠬᠡᠯ ᠤᠨ ᠠᠵᠢᠯᠲᠠᠨ ᠤ ᠬᠠᠤᠯᠢ ᠶᠣᠰᠣᠭᠠᠷ ᠴᠤᠭᠯᠠᠭᠤᠯᠤᠭᠰᠠᠨ ᠂ ᠡᠮᠬᠢᠳᠬᠡᠭᠰᠡᠨ ᠲᠤᠭ᠎ᠠ ᠪᠦᠷᠢᠳᠬᠡᠯ ᠤᠨ ᠮᠠᠲ᠋ᠧᠷᠢᠶᠠᠯ ᠳᠤ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ ᠪᠣᠯᠬᠤ ᠦᠭᠡᠢ ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠬᠦ ᠪᠠᠷ ᠶᠠᠮᠠᠷᠪᠠ ᠠᠷᠭ᠎ᠠ ᠮᠠᠶ᠋ᠢᠭ ᠢᠶᠠᠷ ᠱᠠᠭᠠᠷᠳᠠᠵᠤ ᠪᠣᠯᠬᠤ ᠦᠭᠡᠢ ᠂ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠪᠤᠶᠤ ᠲᠤᠭ᠎ᠠ ᠪᠦᠷᠢᠳᠬᠡᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠲᠡᠪᠴᠢᠵᠦ ᠂ ᠡᠰᠡᠷᠭᠦᠴᠡᠨ ᠬᠤᠷᠢᠭᠯᠠᠭᠰᠠᠨ ᠲᠤᠭ᠎ᠠ ᠪᠦᠷᠢᠳᠬᠡᠯ ᠤᠨ ᠠᠵᠢᠯᠲᠠᠨ ᠳᠤ ᠴᠣᠬᠢᠯᠲᠠ ᠥᠭᠴᠦ ᠬᠠᠷᠢᠭᠤ ᠠᠪᠴᠤ ᠪᠣᠯᠬᠤ ᠦᠭᠡᠢ ︾ ᠭᠡᠰᠡᠨ ᠲᠣᠭᠲᠠᠭᠠᠯ ᠢ ᠨᠡᠮᠡᠪᠡ ᠃ ᠬᠤᠷᠢᠨ ᠳᠣᠯᠣᠳᠤᠭᠠᠷ ᠵᠦᠢᠯ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠷᠠᠳᠢᠣ᠋ ᠲᠧᠯᠸᠢᠰ ᠤᠨ ᠠᠵᠢᠯ ᠲᠦᠷᠦᠯ ᠤᠨ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠳᠤ ᠬᠢᠨᠠᠯᠲᠠ ᠲᠠᠯᠪᠢᠬᠤ ᠭᠤᠣᠯ ᠠᠭᠤᠯᠭ᠎ᠠ ᠶᠢ ᠲᠣᠳᠣᠷᠬᠠᠶᠢᠯᠠᠵᠤ ᠂ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠲᠤᠭ᠎ᠠ ᠪᠦᠷᠢᠳᠬᠡᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠲᠡᠮᠵᠢᠨ ᠬᠠᠮᠵᠢᠯᠴᠠᠬᠤ ᠬᠡᠷᠡᠭᠲᠡᠢ ᠭᠡᠵᠦ ᠲᠤᠳᠤᠷᠬᠠᠶᠢᠯᠠᠪᠠ ᠃  5. ᠠᠰᠠᠭᠤᠯᠲᠠ᠄ ᠳᠦᠷᠢᠮ ᠲᠣᠭᠲᠠᠭᠠᠯ ᠳᠤ ᠷᠠᠳᠢᠣ᠋ ᠲᠧᠯᠸᠢᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠢᠷᠤᠮᠵᠢᠭᠤᠯᠤᠨ ᠥᠷᠨᠢᠭᠦᠯᠬᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠲᠣᠭᠲᠠᠭᠠᠬᠤ ᠪᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠨᠡᠶᠢᠲᠡᠯᠡᠬᠦ ᠲᠠᠯ᠎ᠠ ᠪᠠᠷ ᠶᠠᠮᠠᠷ ᠶᠠᠮᠠᠷ ᠰᠢᠨ᠎ᠡ ᠳᠦᠷᠢᠮ ᠪᠠᠶᠢᠬᠤ ᠪᠣᠶ︖  ᠬᠠᠷᠢᠭᠤᠯᠲᠠ᠄ ᠲᠤᠭ᠎ᠠ ᠪᠦᠷᠢᠳᠬᠡᠯ ᠤᠨ ᠬᠠᠤᠯᠢ᠂ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ ᠵᠢᠴᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠳᠦᠷᠢᠮ ᠲᠣᠭᠲᠠᠭᠠᠯ ᠤᠨ ᠠᠷᠪᠠᠨ ᠵᠢᠷᠭᠤᠳᠤᠭᠠᠷ ᠵᠦᠢᠯ ᠳᠤ ︽ᠣᠷᠣᠨ ᠨᠤᠲᠤᠭ ᠤᠨ ᠷᠠᠳᠢᠣ᠋ ᠲᠧᠯᠸᠢᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠥᠪᠡᠷᠲᠡᠭᠡᠨ ᠥᠷᠨᠢᠭᠦᠯᠦᠭᠰᠡᠨ ᠷᠠᠳᠢᠣ᠋ ᠲᠧᠯᠸᠢᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠭᠤᠣᠯ ᠠᠭᠤᠯᠭ᠎ᠠ ᠶᠢ ᠪᠥᠬᠦ ᠤᠯᠤᠰ ᠤᠨ ᠴᠢᠨᠠᠷᠲᠠᠢ ᠷᠠᠳᠢᠣ᠋ ᠲᠧᠯᠸᠢᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠭᠤᠯᠭ᠎ᠠ ᠲᠠᠢ ᠳᠠᠪᠬᠤᠷᠳᠠᠭᠤᠯᠵᠤ ᠪᠣᠯᠬᠤ ᠦᠭᠡᠢ︾ ᠭᠡᠰᠡᠨ ᠲᠣᠭᠲᠠᠭᠠᠯ ᠢ ᠨᠡᠮᠡᠪᠡ᠃ ᠬᠤᠷᠢᠨ ᠬᠤᠶᠠᠳᠤᠭᠠᠷ ᠵᠦᠢᠯ ᠳᠤ ᠷᠠᠳᠢᠣ᠋ ᠲᠧᠯᠸᠢᠰ ᠤᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠠᠳᠠᠭᠠᠯᠠᠬᠤ ᠴᠠᠭ ᠤᠨ ᠬᠢᠵᠠᠭᠠᠷ ᠤᠨ ᠲᠤᠬᠠᠢ ᠲᠣᠭᠲᠠᠭᠠᠯ ᠢ ᠨᠡᠮᠡᠵᠦ ᠂ ᠬᠤᠷᠢᠨ ᠭᠤᠷᠪᠠᠳᠤᠭᠠᠷ ᠵᠦᠢᠯ ᠳᠤ ︽ ᠪᠦᠬᠦ ᠤᠯᠤᠰ ᠤᠨ ᠴᠢᠨᠠᠷᠲᠠᠢ ᠷᠠᠳᠢᠣ᠋ ᠲᠧᠯᠸᠢᠰ ᠤᠨ ᠠᠵᠢᠯ ᠲᠦᠷᠦᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ ︾ ᠭᠡᠵᠦ ᠲᠣᠳᠣᠷᠬᠠᠢ ᠲᠣᠭᠲᠠᠭᠠᠪᠠ ᠃  6. ᠠᠰᠠᠭᠤᠯᠲᠠ᠄ ᠳᠦᠷᠢᠮ ᠲᠣᠭᠲᠠᠭᠠᠯ ᠳᠤ ᠭᠥᠯᠢᠶᠡᠨ ᠠᠪᠴᠤ ᠦᠵᠡᠬᠦ ᠰᠣᠨᠣᠰᠬᠤ ᠨᠣᠷᠮ᠎ᠠ ︵ᠲᠣᠪᠴᠢᠳᠠᠬᠤ ᠨᠣᠷᠮ᠎ᠠ︶ ᠶᠢᠨ ᠪᠦᠷᠢᠳᠬᠡᠯ ᠢ ᠵᠢᠷᠤᠮᠵᠢᠭᠤᠯᠬᠤ ᠲᠠᠯ᠎ᠠ ᠪᠠᠷ ᠶᠠᠮᠠᠷ ᠶᠠᠮᠠᠷ ᠰᠢᠨ᠎ᠡ ᠳᠦᠷᠢᠮ ᠪᠠᠶᠢᠬᠤ ᠪᠤᠶ ︖  ᠬᠠᠷᠢᠭᠤᠯᠲᠠ᠄ ᠳᠦᠷᠢᠮ ᠲᠣᠭᠲᠠᠭᠠᠯ ᠨᠢ ᠭᠥᠯᠢᠶᠡᠨ ᠠᠪᠴᠤ ᠦᠵᠡᠬᠦ ᠰᠣᠨᠣᠰᠬᠤ ᠨᠣᠷᠮ᠎ᠠ ︵ᠲᠣᠪᠴᠢᠳᠠᠬᠤ ᠨᠣᠷᠮ᠎ᠠ︶ ᠶᠢᠨ ᠲᠤᠭ᠎ᠠ ᠪᠦᠷᠢᠳᠬᠡᠯ ᠤᠨ ᠬᠠᠮᠢᠶ᠎ᠠ ᠪᠦᠬᠦᠢ ᠠᠵᠢᠯᠯᠠᠭ᠎ᠠ ᠶᠢ ᠬᠠᠤᠯᠢ ᠶᠣᠰᠣᠭᠠᠷ ᠥᠷᠨᠢᠭᠦᠯᠬᠦ ᠳᠤ ᠬᠠᠤᠯᠢ ᠴᠠᠭᠠᠵᠠ ᠶᠢᠨ ᠦᠨᠳᠦᠰᠦ ᠪᠠᠷᠢᠮᠲᠠ ᠬᠠᠩᠭᠠᠵᠤ᠂ ᠮᠥᠨ ᠴᠦ ᠭᠥᠯᠢᠶᠡᠨ ᠠᠪᠴᠤ ᠦᠵᠡᠬᠦ ᠰᠣᠨᠣᠰᠬᠤ ᠨᠣᠷᠮ᠎ᠠ ︵ᠲᠣᠪᠴᠢᠳᠠᠬᠤ ᠨᠣᠷᠮ᠎ᠠ︶ ᠶᠢᠨ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ ᠦᠶᠯᠡ ᠠᠵᠢᠯᠯᠠᠭ᠎ᠠ ᠳᠤ ᠴᠣᠬᠢᠯᠲᠠ ᠥᠭᠬᠦ ᠳᠤ ᠠᠩᠬ᠎ᠠ ᠠᠯᠬᠤᠮ ᠤᠨ ᠳᠦᠷᠢᠮ ᠤᠨ ᠪᠠᠶᠢᠷᠢᠯᠠᠭᠤᠯᠤᠯᠳᠠ ᠬᠢᠪᠡ᠃ ᠠᠷᠪᠠᠨ ᠭᠤᠷᠪᠠᠳᠤᠭᠠᠷ ᠵᠦᠢᠯ ᠳᠤ ︽ᠷᠠᠳᠢᠣ᠋ ᠲᠧᠯᠸᠢᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠮᠣ ᠳ᠋ᠠᠶᠢᠲ᠋ᠠ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ᠂ ᠭᠥᠯᠢᠶᠡᠨ ᠠᠪᠴᠤ ᠦᠵᠡᠵᠦ ᠰᠣᠨᠣᠰᠬᠤ ᠨᠣᠷᠮ᠎ᠠ ︵ᠲᠣᠪᠴᠢᠳᠠᠬᠤ ᠨᠣᠷᠮ᠎ᠠ︶ ᠶᠢᠨ ᠲᠤᠭ᠎ᠠ ᠪᠦᠷᠢᠳᠬᠡᠯ ᠤᠨ ᠠᠵᠢᠯ ᠢ ᠨᠢᠭᠡᠳᠦᠯᠲᠡᠢ ᠲᠥᠯᠥᠪᠯᠡᠵᠦ᠂ ᠲᠤᠭ᠎ᠠ ᠪᠠᠷᠢᠮᠲᠠ ᠴᠤᠭᠯᠠᠭᠤᠯᠬᠤ᠂ ᠨᠡᠶᠢᠲᠡᠯᠡᠬᠦ ᠳᠤ ᠬᠢᠨᠠᠯᠲᠠ ᠲᠠᠯᠪᠢᠨ᠎ᠠ᠃ ᠶᠠᠮᠠᠷᠪᠠ ᠪᠠᠶᠢᠭᠤᠯᠤᠮᠵᠢ ᠪᠠ ᠬᠤᠪᠢ ᠬᠥᠮᠥᠨ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠥᠷᠨᠢᠭᠦᠯᠦᠭᠰᠡᠨ ᠭᠥᠯᠢᠶᠡᠨ ᠠᠪᠴᠤ ᠦᠵᠡᠬᠦ ᠰᠣᠨᠣᠰᠬᠤ ᠨᠤᠷᠮ᠎ᠠ ︵ ᠲᠣᠪᠴᠢᠳᠠᠬᠤ ᠨᠤᠷᠮ᠎ᠠ ︶ ᠶᠢ ᠪᠦᠷᠢᠳᠬᠡᠬᠦ ᠠᠵᠢᠯ ᠢ ᠬᠠᠷᠰᠢᠯᠠᠵᠤ ᠂ ᠡᠪᠳᠡᠵᠦ ᠪᠣᠯᠬᠤ ᠦᠭᠡᠢ ᠂ ᠭᠥᠯᠢᠶᠡᠨ ᠠᠪᠴᠤ ᠦᠵᠡᠬᠦ ᠰᠣᠨᠣᠰᠬᠤ ᠨᠤᠷᠮ᠎ᠠ ︵ ᠲᠣᠪᠴᠢᠳᠠᠬᠤ ᠨᠤᠷᠮ᠎ᠠ ︶ ᠶᠢ ᠬᠤᠳᠠᠯ ᠬᠠᠭᠤᠷᠮᠠᠭ ᠵᠣᠬᠢᠶᠠᠵᠤ ᠪᠣᠯᠬᠤ ᠦᠭᠡᠢ ︾ ᠭᠡᠵᠦ ᠲᠣᠭᠲᠠᠭᠠᠵᠠᠢ ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ