| | | | | | ︵ᠰᠤᠷᠪᠤᠯᠵᠢᠯᠠᠭᠴᠢ ᠯᠢᠶᠠᠩ ᠵᠢᠩ ᠱᠦ︶ ᠰᠤᠷᠪᠤᠯᠵᠢᠯᠠᠭᠴᠢ ᠣᠶᠢᠷ᠎ᠠ ᠳᠤ ᠣᠶᠢᠯᠠᠭᠠᠭᠰᠠᠨ ᠢᠶᠠᠷ᠂ ᠠᠳᠠᠯᠢ ᠪᠤᠰᠤ ᠬᠥᠮᠥᠰ ᠤᠨ ᠣᠯᠠᠨ ᠡᠰᠢᠵᠢᠭᠰᠡᠨ ᠡᠷᠡᠭᠦᠯ | ᠮᠡᠨᠳᠦ ᠶᠢᠨ ᠬᠡᠷᠡᠭᠴᠡᠭᠡ ᠶᠢ ᠬᠠᠩᠭᠠᠵᠤ᠂ ᠡᠭᠦᠳᠡᠨ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠶᠢ ᠨᠥᠬᠦᠪᠦᠷᠢᠯᠡᠨ ᠲᠡᠭᠦᠯᠳᠡᠷᠵᠢᠭᠦᠯᠵᠦ᠂ᠡᠪᠡᠳᠴᠢᠲᠡᠨ ᠤ ᠡᠪᠡᠳᠴᠢᠨ | ᠦᠵᠡᠭᠦᠯᠬᠦ ᠮᠡᠳᠡᠷᠡᠮᠵᠢ ᠲᠦᠷᠦᠭᠳᠡᠯ ᠢ ᠰᠠᠶᠢᠵᠢᠷᠠᠭᠤᠯᠬᠤ ᠶᠢᠨ ᠲᠦᠯᠦᠭᠡ᠂ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠬᠢᠲᠠᠳ ᠡᠮᠨᠡᠯᠭᠡ ᠶᠢᠨ | ᠰᠤᠪᠢᠯᠠᠯᠲᠠ ᠶᠢᠨ ᠡᠭᠦᠳᠡᠨ ᠡᠮᠨᠡᠯᠭᠡ ᠡᠭᠦᠳᠡ ᠪᠠᠨ ᠨᠡᠭᠡᠭᠡᠵᠦ ᠣᠯᠠᠨ ᠲᠦᠮᠡᠨ ᠳᠤ ᠦᠢᠯᠡᠴᠢᠯᠡᠵᠦ ᠡᠬᠢᠯᠡᠯ᠎ᠡ ᠂ ᠡᠭᠦᠳᠡᠨ ᠡᠮᠨᠡᠯᠭᠡ ᠳᠤ ᠬᠢᠲᠠᠳ ᠡᠮᠨᠡᠯᠭᠡ ᠶᠢᠨ ᠣᠨᠣᠯ ᠤᠨ | ᠮᠡᠳᠡᠯᠭᠡ ᠵᠢᠴᠢ ᠡᠮᠴᠢᠯᠡᠭᠡᠨ ᠤ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠬᠢᠲᠠᠳ ᠡᠮᠨᠡᠯᠭᠡ ᠶᠢᠨ ᠲᠤᠰᠬᠠᠢ | ᠮᠡᠷᠭᠡᠵᠢᠯ ᠤᠨ ᠰᠤᠪᠢᠯᠠᠭᠴᠢ ᠠᠴᠠ ᠬᠤᠲᠠ ᠶᠢᠨ ᠠᠷᠠᠳ ᠣᠯᠠᠨ ᠳᠤ ᠬᠢᠲᠠᠳ ᠡᠮᠨᠡᠯᠭᠡ ᠶᠢᠨ ᠣᠨᠴᠠᠯᠢᠭᠲᠤ ᠰᠤᠪᠢᠯᠠᠯᠲᠠ ᠶᠢᠨ ᠮᠡᠷᠭᠡᠵᠢᠯ ᠤᠨ ᠡᠮᠴᠢᠯᠡᠭᠡ᠂ ᠰᠡᠳᠬᠢᠯ | ᠰᠠᠨᠠᠭᠠᠨ ᠤ ᠰᠤᠪᠢᠯᠠᠯᠲᠠ᠂ ᠡᠷᠡᠭᠦᠯ ᠮᠡᠨᠳᠦ ᠶᠢᠨ ᠯᠠᠪᠯᠠᠭ᠎ᠠ ᠵᠡᠷᠭᠡ ᠶᠡᠷᠦᠩᠬᠡᠶᠢᠯᠡᠭᠰᠡᠨ ᠰᠤᠪᠢᠯᠠᠯᠲᠠ ᠶᠢᠨ ᠦᠢᠯᠡᠴᠢᠯᠡᠭᠡ ᠬᠠᠩᠭᠠᠨ᠎ᠠ᠃ | ᠣᠶᠢᠯᠠᠭᠠᠭᠰᠠᠨ ᠢᠶᠠᠷ᠂ ᠡᠭᠦᠳᠡᠨ ᠡᠮᠨᠡᠯᠭᠡ ᠳᠤ 20 ᠭᠠᠷᠤᠢ ᠡᠪᠡᠳᠴᠢᠲᠡᠨ ᠤ ᠣᠷᠣ ᠭᠠᠷᠭᠠᠵᠤ᠂ ᠣᠳᠣᠬᠠᠨ ᠳᠤ ᠨᠢᠭᠡᠨᠲᠡ ᠶᠠᠪᠤᠭᠳᠠᠵᠤ ᠪᠠᠶᠢᠭ᠎ᠠ ᠲᠥᠷᠥᠯ ᠵᠦᠢᠯ ᠳᠤ | ᠲᠦᠭᠡᠨᠡᠯᠭᠡ᠂ ᠰᠣᠷᠣᠭᠤᠯ ᠲᠠᠯᠪᠢᠬᠤ᠂ ᠴᠢᠬᠢᠨ ᠪᠠᠯᠴᠢᠷ ᠤᠨ ᠵᠠᠰᠠᠯ᠂ ᠪᠠᠯᠴᠢᠷ ᠤᠨ ᠨᠠᠭᠠᠯᠲᠠ᠂ ᠠᠷᠠᠰᠤᠨ ᠳᠣᠣᠷᠠᠬᠢ ᠵᠡᠭᠦᠦ᠂ ᠴᠠᠩᠬ᠎ᠠ ᠬᠤᠰᠤᠬᠤ᠂ ᠵᠢᠩ ᠲᠠᠯᠪᠢᠬᠤ᠂ | ᠳᠤᠮᠳᠠ ᠳᠠᠪᠲᠠᠮᠵᠢᠲᠤ ᠴᠠᠬᠢᠯᠭᠠᠨ ᠢᠶᠠᠷ ᠵᠠᠰᠠᠬᠤ᠂ ᠴᠢᠰᠤ ᠲᠠᠯᠪᠢᠬᠤ᠂ ᠢᠯᠢᠵᠦ ᠨᠤᠬᠤᠯᠬᠤ ᠵᠡᠷᠭᠡ 20 ᠭᠠᠷᠤᠢ ᠵᠦᠢᠯ ᠤᠨ ᠬᠢᠲᠠᠳ ᠡᠮᠨᠡᠯᠭᠡ ᠶᠢᠨ ᠰᠤᠪᠢᠯᠠᠯᠲᠠ ᠶᠢᠨ | ᠮᠡᠷᠭᠡᠵᠢᠯ ᠪᠣᠢ᠃ ᠬᠡᠷᠡᠭᠴᠡᠭᠡ ᠱᠠᠭᠠᠷᠳᠠᠯᠭ᠎ᠠ ᠲᠠᠢ ᠡᠪᠡᠳᠴᠢᠲᠡᠨ ᠢ ᠡᠭᠦᠳᠡᠨ ᠡᠮᠨᠡᠯᠭᠡ ᠶᠢᠨ ᠡᠮᠴᠢ ᠠᠴᠠ ᠬᠤᠪᠢᠰᠤᠩᠭᠤᠢ ᠪᠠᠷ ᠣᠨᠣᠰᠢᠯᠠᠭᠰᠠᠨ ᠤ ᠳᠠᠷᠠᠭ᠎ᠠ ᠵᠣᠬᠢᠬᠤ | ᠡᠮᠴᠢᠯᠡᠭᠡᠨ ᠤ ᠵᠦᠢᠯ ᠢ ᠭᠠᠷᠭᠠᠵᠤ᠂ ᠬᠢᠲᠠᠳ ᠡᠮᠨᠡᠯᠭᠡ ᠶᠢᠨ ᠶᠡᠷᠦᠩᠬᠡᠶᠢᠯᠡᠭᠰᠡᠨ ᠡᠮᠴᠢᠯᠡᠭᠡᠨ ᠤ ᠲᠥᠪ ᠤᠨ ᠬᠢᠲᠠᠳ ᠡᠮᠨᠡᠯᠭᠡ ᠶᠢᠨ ᠰᠤᠪᠢᠯᠠᠯᠲᠠ ᠶᠢᠨ ᠡᠭᠦᠳᠡᠨ ᠡᠮᠨᠡᠯᠭᠡ ᠳᠤ | ᠣᠴᠢᠵᠤ ᠡᠮᠨᠡᠭᠦᠯᠦᠨ᠎ᠡ᠃ ᠬᠢᠲᠠᠳ ᠡᠮᠨᠡᠯᠭᠡ ᠶᠢᠨ ᠰᠤᠪᠢᠯᠠᠯᠲᠠ ᠶᠢᠨ ᠡᠭᠦᠳᠡᠨ ᠡᠮᠨᠡᠯᠭᠡ ᠨᠢ ᠡᠭᠦᠳᠡᠨ ᠡᠮᠨᠡᠯᠭᠡ ᠶᠢᠨ ᠵᠢᠷᠭᠤᠳᠤᠭᠠᠷ ᠳᠠᠪᠬᠤᠷᠯᠢᠭ ᠤᠨ ᠪᠠᠷᠠᠭᠤᠨ ᠲᠠᠯ᠎ᠠ ᠳᠤ | ᠪᠣᠢ᠃ ᠡᠮᠴᠢᠯᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠦᠳᠡ ᠶᠢᠨ ᠡᠮᠦᠨ᠎ᠡ 8᠄ 00 ︱ 12᠄ 00︔ ᠦᠳᠡ ᠶᠢᠨ ᠬᠤᠶᠢᠨ᠎ᠠ 14᠄ 30 ︱ | 17᠄ 30᠃ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠤᠨ ᠦᠳᠡ ᠶᠢᠨ ᠡᠮᠦᠨ᠎ᠡ 8᠄ 00 ︱ 12᠄ 00᠃ ᠯᠠᠪᠯᠠᠬᠤ ᠤᠲᠠᠰᠤ᠄ 0471 ︱ 6920291 | ᠃ | |