ᠵᠠᠩ ᠱᠦ ᠮᠧᠢ
ᠨᠡᠶᠢᠲᠡᠯᠡᠭᠰᠡᠨ ᠴᠠᠭ᠄
2023/12/11
 
W020220207579980527349.jpg
 ᠲᠤᠰᠢᠶᠠᠯ᠄ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶ᠎ᠠ ᠶᠢᠨ ᠳᠠᠷᠤᠭ᠎ᠠ᠃   ᠲᠣᠪᠴᠢ ᠨᠠᠮᠲᠠᠷ᠄ ᠵᠠᠩ ᠱᠦ ᠮᠧᠢ᠂ ᠡᠮᠡᠭᠲᠡᠢ᠂ ᠮᠣᠩᠭᠤᠯ ᠦᠨᠳᠦᠰᠦᠲᠡᠨ᠂ 1976 ᠣᠨ ᠤ 6 ᠳ᠋ᠤᠭᠠᠷ ᠰᠠᠷ᠎ᠠ ᠳᠤ ᠲᠥᠷᠥᠵᠡᠢ᠂ ᠠᠰᠫᠢᠷᠠᠨᠲ ᠤᠨ ᠨᠠᠮᠲᠠᠷ ᠲᠠᠢ᠂ ᠲᠡᠦᠬᠡ ᠶᠢᠨ ᠤᠬᠠᠭᠠᠨ ᠤ ᠮᠠᠰᠲ᠋ᠧᠷ ᠤᠨ ᠴᠣᠯᠠ ᠲᠠᠢ᠃ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶ᠎ᠠ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃   ᠠᠵᠢᠯ ᠤᠨ ᠬᠤᠪᠢᠶᠠᠷᠢ᠄ ᠸᠠᠩ ᠰᠢᠶᠣᠣ ᠲᠢᠶᠧ ᠨᠥᠬᠦᠷ ᠢ ᠬᠠᠪᠰᠤᠷᠤᠨ ᠠᠵᠢᠯᠲᠠᠨ ᠤ ᠶᠠᠪᠤᠳᠠᠯ ᠤᠨ ᠭᠠᠵᠠᠷ᠂ ᠤᠬᠠᠭᠤᠯᠬᠤ ᠭᠠᠵᠠᠷ ᠂ ᠳᠠᠮᠵᠢᠭᠤᠯᠬᠤ ᠵᠠᠭᠤᠴᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ ︵ᠵᠠᠭᠤᠴᠢᠯᠠᠭᠤᠷ ᠤᠨ ᠨᠡᠶᠢᠯᠡᠨ ᠬᠥᠭᠵᠢᠭᠦᠯᠦᠯᠲᠡ ᠤ ᠭᠠᠵᠠᠷ︶ ᠂ ᠰᠦᠯᠵᠢᠶᠡᠨ ᠤ ᠦᠵᠡᠵᠦ ᠰᠣᠨᠣᠰᠬᠤ ᠫᠷᠣᠭ᠍ᠷᠠᠮ ᠤᠨ ᠬᠠᠮᠢᠶᠠᠷᠤᠯᠲᠠ ᠶᠢᠨ ᠭᠠᠵᠠᠷ ︵ᠲᠧᠯᠸᠢᠰ ᠵᠦᠴᠦᠭᠡ ᠶᠢᠨ ᠭᠠᠵᠠᠷ︶᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠳ ᠤᠨ ᠠᠵᠢᠯ ᠤᠨ ᠭᠠᠵᠠᠷ᠂ ᠬᠢᠨᠠᠨ ᠬᠡᠮᠵᠢᠯᠲᠡ ᠪᠠ ᠬᠥᠭᠵᠢᠭᠦᠯᠦᠯᠲᠡ ᠶᠢᠨ ᠲᠥᠪ ᠢ ᠬᠤᠪᠢᠳᠠᠨ ᠬᠠᠮᠢᠶᠠᠷᠤᠨ᠎ᠠ᠃ ᠨᠠᠮ ᠤᠨ ᠪᠠᠶᠢᠭᠤᠯᠤᠯᠲᠠ᠂ ᠠᠵᠢᠯᠲᠠᠨ ᠴᠢᠳᠠᠪᠤᠷᠢᠲᠠᠨ ᠤ ᠶᠠᠪᠤᠳᠠᠯ ᠂ ᠷᠠᠳᠢᠣ᠋ ᠲᠧᠯᠸᠢᠰ ᠤᠨ ᠤᠬᠠᠭᠤᠯᠭ᠎ᠠ ᠵᠢᠯᠣᠭᠤᠳᠣᠯᠭ᠎ᠠ᠂ ᠳᠠᠮᠵᠢᠭᠤᠯᠬᠤ ᠵᠠᠭᠤᠴᠢ ᠶᠢᠨ ᠪᠠᠶᠢᠭᠤᠯᠤᠮᠵᠢ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ ᠤ ᠦᠵᠡᠵᠦ ᠰᠣᠨᠣᠰᠬᠤ ᠫᠷᠣᠭ᠍ᠷᠠᠮ ᠤᠨ ᠦᠢᠯᠡᠴᠢᠯᠡᠭᠡᠨ ᠤ ᠬᠠᠮᠢᠶᠠᠷᠤᠯᠲᠠ ᠂ ᠲᠧᠯᠸᠢᠰ ᠵᠦᠴᠦᠭᠡ ᠶᠢᠨ ᠬᠥᠭᠵᠢᠯᠲᠡ ᠶᠢ ᠵᠢᠯᠣᠭᠤᠳᠤᠨ ᠬᠢᠨᠠᠨ ᠬᠠᠮᠢᠶᠠᠷᠬᠤ᠂ ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠳ ᠤᠨ ᠠᠵᠢᠯ ᠂ ᠷᠠᠳᠢᠣ᠋ ᠲᠧᠯᠸᠢᠰ ‍ᠤᠨ‌‍ᠬᠢᠨᠠᠨ ᠬᠡᠮᠵᠢᠯᠲᠡ ᠪᠠ ᠬᠥᠭᠵᠢᠭᠦᠯᠦᠯᠲᠡ ᠶᠢᠨ ᠠᠵᠢᠯ ᠢ ᠬᠠᠷᠢᠭᠤᠴᠠᠨ᠎ᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ