ᠥᠪᠥᠷ ᠮᠣᠩᠭᠤᠯ ᠤᠨ ᠲᠢᠶᠠᠨ ᠮᠦ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ  ᠶᠢᠨ ᠷᠠᠳᠢᠣ᠋ ᠲᠧᠯᠸᠢᠰ ᠤᠨ ᠫᠷᠣᠭ᠍ᠷᠠᠮ ᠦᠢᠯᠡᠳᠬᠦ ᠡᠵᠡᠩᠨᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠬᠦ ᠲᠤᠬᠠᠢ ᠴᠣᠬᠤᠯᠠᠪᠤᠷᠢ
ᠨᠡᠶᠢᠲᠡᠯᠡᠭᠰᠡᠨ ᠴᠠᠭ᠄
2023/12/19
  ᠥᠪᠥᠷ ᠮᠣᠩᠭᠤᠯ ᠤᠨ ᠲᠢᠶᠠᠨ ᠮᠦ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠳᠤ ᠄  ᠲᠠᠨ ᠤ ᠺᠣᠮᠫᠠᠨᠢ ᠶᠢᠨ ᠷᠠᠳᠢᠣ᠋ ᠲᠧᠯᠸᠢᠰ ᠤᠨ ᠫᠷᠣᠭ᠍ᠷᠠᠮ ᠢ ᠦᠢᠯᠡᠳᠬᠦ ᠡᠵᠡᠩᠨᠡᠬᠦ ᠲᠤᠬᠠᠶᠢᠯᠠᠭᠰᠠᠨ ᠠᠵᠢᠯ ᠢ ᠥᠷᠨᠢᠭᠦᠯᠬᠦ ᠭᠤᠶᠤᠴᠢᠯᠠᠯ ᠤᠨ ᠮᠠᠲ᠋ᠧᠷᠢᠶᠠᠯ ᠢ ᠭᠠᠷᠳᠠᠵᠤ ᠤᠶᠢᠯᠠᠭᠠᠯ᠎ᠠ ᠃ ᠰᠤᠳᠤᠯᠬᠤ ᠪᠠᠷ ᠲᠠᠮᠵᠢᠨ᠂ ᠤᠳᠤ ᠳᠣᠣᠷᠠᠬᠢ ᠮᠡᠲᠦ ᠴᠣᠬᠤᠯᠠᠪᠤᠷᠢᠯᠠᠶ᠎ᠠ ᠃  ᠨᠢᠭᠡ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ︽ᠷᠠᠳᠢᠣ᠋ ᠲᠧᠯᠸᠢᠰ ᠤᠨ ᠫᠷᠣᠭ᠍ᠷᠠᠮ ᠤᠨ ᠦᠢᠯᠡᠳᠪᠦᠷᠢᠯᠡᠯ ᠡᠵᠡᠩᠨᠡᠯᠲᠡ ᠶᠢᠨ ᠬᠠᠮᠢᠶᠠᠷᠤᠯᠲᠠ ᠶᠢᠨ ᠲᠣᠭᠲᠠᠭᠠᠯ︾ ︵ᠶᠡᠷᠦᠩᠬᠡᠢ ᠲᠣᠪᠴᠢᠶ᠎ᠠ ᠶᠢᠨ ᠵᠠᠷᠯᠢᠭ 34 ᠳ᠋ᠤᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠠᠨ ᠤ ᠺᠣᠮᠫᠠᠨᠢ ᠶᠢᠨ ᠷᠠᠳᠢᠣ᠋ ᠲᠧᠯᠸᠢᠰ ᠤᠨ ᠫᠷᠣᠭ᠍ᠷᠠᠮ ᠦᠢᠯᠡᠳᠬᠦ ᠡᠵᠡᠩᠨᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠬᠦ ᠶᠢᠨ ᠬᠠᠮᠲᠤ ︽ᠷᠠᠳᠢᠣ᠋ ᠲᠧᠯᠸᠢᠰ ᠤᠨ ᠫᠷᠣᠭ᠍ᠷᠠᠮ  ᠤᠨ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠣᠯᠭᠤᠨ᠎ᠠ᠂ ᠳ᠋ᠤᠭᠠᠷ᠄ ︵ᠮᠣᠩᠭᠤᠯ︶ ᠥᠰᠥᠭ  564 ᠳ᠋ᠤᠭᠡᠷ ᠲᠣᠭᠠᠲᠤ᠂ ᠬᠦᠴᠦᠨ ᠲᠠᠢ ᠬᠤᠭᠤᠴᠠᠭ᠎ᠠ᠄ 2023 ᠣᠨ ᠤ 12 ᠳ᠋ᠤᠭᠠᠷ ᠰᠠᠷ᠎ᠠ ᠶᠢᠨ 19 ᠤ ᠡᠳᠦᠷ ︱ 2025 ᠣᠨ ᠤ 12 ᠳ᠋ᠤᠭᠠᠷ ᠰᠠᠷ᠎ᠠ ᠶᠢᠨ 18 ᠤ ᠡᠳᠦᠷ᠃  ᠬᠤᠶᠠᠷ ᠂ ᠷᠠᠳᠢᠣ᠋ ᠲᠧᠯᠸᠢᠰ ᠤᠨ ᠫᠷᠣᠭ᠍ᠷᠠᠮ ᠢ ᠦᠢᠯᠡᠳᠬᠦ ᠡᠵᠡᠩᠨᠡᠬᠦ ᠬᠦᠷᠢᠶ᠎ᠡ ᠬᠡᠪᠴᠢᠶ᠎ᠡ ᠄ ᠲᠤᠰᠬᠠᠢ ᠰᠡᠳᠦᠪ ᠂ ᠲᠤᠰᠬᠠᠢ ᠪᠤᠯᠤᠩ ᠂ ᠶᠡᠷᠦᠩᠬᠡᠶᠢᠯᠡᠭᠰᠡᠨ ᠤᠷᠠᠯᠢᠭ ᠂ ᠬᠡᠦᠬᠡᠯᠳᠡᠢ ᠺᠢᠨᠣ᠋ ᠂ ᠷᠠᠳᠢᠣ᠋ ᠵᠦᠴᠦᠭᠡ ᠂ ᠲᠧᠯᠸᠢᠰ ᠵᠦᠴᠦᠭᠡ ᠵᠡᠷᠭᠡ ᠷᠠᠳᠢᠣ᠋ ᠲᠧᠯᠸᠢᠰ ᠤᠨ ᠫᠷᠣᠭ᠍ᠷᠠᠮ ᠢ ᠦᠢᠯᠡᠳᠬᠦ ᠪᠠ ᠫᠷᠣᠭ᠍ᠷᠠᠮ ᠤᠨ ᠬᠡᠪᠯᠡᠯ ᠤᠨ ᠡᠷᠬᠡ ᠶᠢ ᠠᠷᠠᠯᠵᠢᠶᠠᠯᠠᠬᠤ ᠂ ᠣᠷᠣᠯᠠᠨ ᠠᠷᠠᠯᠵᠢᠶᠠᠯᠠᠬᠤ ᠵᠡᠷᠭᠡ ᠪᠣᠯᠣᠨ᠎ᠠ ᠃ ᠡᠵᠡᠩᠨᠡᠯᠳᠡ ᠶᠢᠨ ᠠᠷᠭ᠎ᠠ ᠮᠠᠶ᠋ᠢᠭ ᠄ ᠦᠢᠯᠡᠳᠬᠦ ᠂ ᠬᠠᠭᠤᠯᠪᠦᠷᠢᠯᠠᠬᠤ ᠂ ᠲᠠᠷᠬᠠᠭᠠᠬᠤ ᠃  ᠭᠤᠷᠪᠠ᠂ ᠲᠠᠨ ᠤ ᠺᠣᠮᠫᠠᠨᠢ ︽ᠷᠠᠳᠢᠣ᠋ ᠲᠧᠯᠸᠢᠰ ᠤᠨ ᠫᠷᠣᠭ᠍ᠷᠠᠮ  ᠤᠨ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠤᠨ ᠬᠢᠨᠠᠨ ᠵᠥᠪᠰᠢᠶᠡᠷᠡᠭᠰᠡᠨ ᠦᠢᠯᠡᠳᠬᠦ ᠡᠵᠡᠩᠨᠡᠬᠦ ᠬᠦᠷᠢᠶ᠎ᠡ ᠬᠡᠪᠴᠢᠶ᠎ᠡ ᠶᠢ ᠴᠢᠩᠭ᠎ᠠ ᠵᠢᠷᠤᠮᠯᠠᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠪᠠᠨ ᠥᠷᠨᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠡᠷᠬᠡᠪᠰᠢ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠢᠷᠤᠮᠯᠠᠬᠤ ᠬᠡᠷᠡᠭᠲᠡᠢ᠃ ᠴᠠᠭ ᠤᠨ ᠪᠠᠶᠢᠳᠠᠯ ᠤᠯᠤᠰ ᠲᠥᠷᠥ ᠶᠢᠨ ᠰᠣᠨᠢᠨ ᠮᠡᠳᠡᠭᠡ ᠵᠢᠴᠢ ᠠᠳᠠᠯᠢ ᠲᠥᠷᠥᠯ ᠤᠨ ᠲᠤᠰᠬᠠᠢ ᠰᠡᠳᠦᠪ᠂ ᠲᠤᠰᠬᠠᠢ ᠪᠤᠯᠤᠩ ᠵᠡᠷᠭᠡ ᠷᠠᠳᠢᠣ᠋ ᠲᠧᠯᠸᠢᠰ ᠤᠨ ᠫᠷᠣᠭ᠍ᠷᠠᠮ ᠢ ᠵᠣᠬᠢᠶᠠᠵᠤ ᠪᠣᠯᠬᠤ ᠦᠭᠡᠢ᠃ ᠬᠡᠦᠬᠡᠯᠳᠡᠢ ᠺᠢᠨᠣ᠋ ᠂ ᠲᠧᠯᠸᠢᠰ ᠵᠦᠴᠦᠭᠡ ᠦᠢᠯᠡᠳᠬᠦ ᠳᠤ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠪᠠᠷ ᠬᠢᠨᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠭᠠᠷᠳᠠᠮ ᠢ ᠭᠦᠢᠴᠡᠳᠬᠡᠬᠦ ᠬᠡᠷᠡᠭᠲᠡᠢ ᠃  ᠳᠥᠷᠪᠡ ᠂ ︽ ᠷᠠᠳᠢᠣ᠋ ᠲᠧᠯᠸᠢᠰ ᠤᠨ ᠫᠷᠣᠭ᠍ᠷᠠᠮ  ᠤᠨ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︾ ᠢ ᠶᠠᠮᠠᠷᠪᠠ ᠠᠷᠭ᠎ᠠ ᠮᠠᠶ᠋ᠢᠭ ᠢᠶᠠᠷ ᠪᠠᠯᠠᠯᠤᠨ ᠵᠠᠰᠠᠬᠤ ᠂ ᠲᠦᠷᠢᠶᠡᠰᠦᠯᠡᠭᠦᠯᠬᠦ ᠂ ᠰᠢᠯᠵᠢᠭᠦᠯᠦᠨ ᠥᠭᠬᠦ ᠂ ᠬᠤᠳᠠᠯᠳᠤᠬᠤ ᠪᠠ ᠬᠠᠭᠤᠷᠮᠠᠭᠯᠠᠨ ᠵᠣᠬᠢᠶᠠᠬᠤ ᠶᠢ ᠴᠢᠩᠭ᠎ᠠ ᠴᠠᠭᠠᠵᠠᠯᠠᠨ᠎ᠠ ᠃ ︽ᠷᠠᠳᠢᠣ᠋ ᠲᠧᠯᠸᠢᠰ ᠤᠨ ᠫᠷᠣᠭ᠍ᠷᠠᠮ  ᠤᠨ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠳᠤ ᠲᠣᠳᠣᠷᠬᠠᠶᠢᠯᠠᠭᠰᠠᠨ ᠦᠢᠯᠡᠳᠬᠦ ᠪᠠᠶᠢᠭᠤᠯᠤᠮᠵᠢ ᠶᠢᠨ ᠨᠡᠷᠡᠶᠢᠳᠦᠯ᠂ ᠬᠠᠤᠯᠢ ᠶᠢᠨ ᠡᠷᠬᠡᠳᠡᠨ᠂ ᠬᠠᠶ᠋ᠢᠭ ᠪᠠ ᠳᠦᠷᠢᠮ ᠲᠤᠭᠳᠠᠭᠠᠯ ᠵᠡᠷᠭᠡ ᠵᠦᠢᠯᠡᠰ ᠢ ᠬᠤᠪᠢᠷᠠᠭᠤᠯᠬᠤ ᠴᠢᠬᠤᠯᠠᠳᠠᠢ ᠪᠤᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠮᠡᠳᠡᠭᠦᠯᠵᠦ ᠬᠤᠪᠢᠷᠠᠭᠤᠯᠬᠤ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ︔ ᠷᠠᠳᠢᠣ᠋ ᠲᠧᠯᠸᠢᠰ ᠤᠨ ᠫᠷᠣᠭ᠍ᠷᠠᠮ ᠦᠢᠯᠡᠳᠬᠦ ᠡᠵᠡᠩᠨᠡᠬᠦ ᠠᠵᠢᠯᠯᠠᠭ᠎ᠠ ᠶᠢ ᠵᠣᠭᠰᠤᠭᠠᠬᠤ ᠳᠤ ᠂ 1 ᠭᠠᠷᠠᠭ ᠤᠨ ᠡᠮᠦᠨ᠎ᠡ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠬᠦᠷᠴᠦ ᠬᠦᠴᠦᠨ ᠦᠭᠡᠢ ᠪᠣᠯᠭᠠᠬᠤ ᠭᠠᠷᠳᠠᠮ ᠢ ᠭᠦᠢᠴᠡᠳᠬᠡᠨ᠎ᠡ᠃  ᠲᠠᠪᠤ ᠂ ᠷᠠᠳᠢᠣ᠋ ᠲᠧᠯᠸᠢᠰ ᠤᠨ ᠫᠷᠣᠭ᠍ᠷᠠᠮ ᠦᠢᠯᠡᠳᠬᠦ ᠳᠤ ᠂ ᠭᠠᠳᠠᠭᠠᠳᠤ ᠶᠢᠨ ᠬᠤᠳᠠᠯᠳᠤᠭᠠᠴᠢᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠪᠤᠶᠤ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ ᠂ ᠬᠤᠷᠰᠢᠭᠰᠠᠨ ᠠᠵᠤ ᠠᠬᠤᠶᠢᠯᠠᠯ ᠪᠠ ᠬᠢᠯᠢ ᠶᠢᠨ ᠭᠠᠳᠠᠨᠠᠬᠢ ᠬᠥᠮᠥᠰ ᠵᠣᠬᠢᠶᠠᠨ‌‍ᠪᠦ᠋ᠳᠦᠭᠡᠯᠭᠡ ᠳᠤ ᠤᠷᠤᠯᠴᠠᠬᠤ ᠶᠢ ᠴᠢᠩᠭ᠎ᠠ ᠴᠠᠭᠠᠵᠢᠯᠠᠨ᠎ᠠ ᠃  ᠵᠢᠷᠭᠤᠭ᠎ᠠ᠂ ᠭᠠᠳᠠᠭᠠᠳᠤ ᠳᠤ ᠭᠠᠷᠭᠠᠬᠤ ᠷᠠᠳᠢᠣ᠋ ᠲᠧᠯᠸᠢᠰ ᠤᠨ ᠫᠷᠣᠭ᠍ᠷᠠᠮ ᠪᠤᠶᠤ ᠬᠢᠯᠢ ᠶᠢᠨ ᠭᠠᠳᠠᠨᠠᠬᠢ ᠷᠠᠳᠢᠣ᠋ ᠲᠧᠯᠸᠢᠰ ᠤᠨ ᠫᠷᠣᠭ᠍ᠷᠠᠮ ᠳᠤ ᠳᠡᠯᠭᠡᠨ ᠦᠵᠡᠭᠦᠯᠦᠯᠭᠡ ᠨᠡᠪᠲᠡᠷᠡᠭᠦᠯᠬᠦ ᠠᠵᠢᠯᠯᠠᠭ᠎ᠠ ᠳᠤ ᠣᠷᠣᠯᠴᠠᠭᠤᠯᠪᠠᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠤᠷᠢᠳᠴᠢᠯᠠᠨ ᠮᠡᠳᠡᠭᠦᠯᠬᠦ ᠬᠡᠷᠡᠭᠲᠡᠢ᠃  ᠡᠭᠦᠨ ᠤ ᠲᠤᠯᠠ ᠬᠠᠷᠢᠭᠤᠯᠪᠠ᠃    ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ  2023 ᠣᠨ ᠤ 12 ᠳ᠋ᠤᠭᠠᠷ ᠰᠠᠷ᠎ᠠ ᠶᠢᠨ 19 ᠤ ᠡᠳᠦᠷ 
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ