2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2023/5/26
  ᠨᠢᠭᠡ᠂ ᠷᠠᠳᠢᠣ᠋ ᠲᠧᠯᠸᠢᠰ ᠤᠨ ᠦᠢᠯᠡᠴᠢᠯᠡᠭᠡᠨ ᠤ ᠦᠢᠯᠡᠰ ᠤᠨ ᠣᠷᠣᠯᠭ᠎ᠠ ᠶᠢᠨ ᠪᠠᠶᠢᠳᠠᠯ  ︵ᠨᠢᠭᠡ︶ ᠷᠠᠳᠢᠣ᠋ ᠲᠧᠯᠸᠢᠰ ᠤᠨ ᠶᠡᠷᠦᠩᠬᠡᠢ ᠤᠷᠤᠯᠭ᠎ᠠ ᠶᠢᠨ ᠪᠠᠶᠢᠳᠠᠯ  2022 ᠣᠨ ᠳᠤ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠶᠡᠷᠦᠩᠬᠡᠶ ᠣᠷᠣᠯᠭ᠎ᠠ 485637.65 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.4 % ᠪᠠᠷ ᠪᠠᠭᠤᠷᠠᠪᠠ᠃ ᠡᠭᠦᠨ ᠳᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠶᠡᠷᠦᠩᠬᠡᠢ ᠣᠷᠣᠯᠭ᠎ᠠ 357181.46 ᠲᠦᠮᠡᠨ ᠲᠥᠭᠦᠷᠢᠭ ᠪᠠᠶᠢᠵᠤ᠂ ᠠᠵᠤ ᠠᠬᠤᠶᠢᠯᠠᠯ ᠤᠨ ᠨᠢᠭᠡᠴᠢ ᠶᠢᠨ ᠶᠡᠷᠦᠩᠬᠡᠢ ᠣᠷᠣᠯᠭ᠎ᠠ 128456.19 ᠲᠦᠮᠡᠨ ᠲᠥᠭᠦᠷᠢᠭ ᠪᠠᠶᠢᠪᠠ᠃  ︵ᠬᠤᠶᠠᠷ︶ ᠷᠠᠳᠢᠣ᠋ ᠲᠧᠯᠸᠢᠰ ᠤᠨ ᠪᠣᠳᠠᠲᠠᠢ ᠡᠭᠦᠳᠦᠭᠰᠡᠨ ᠣᠷᠣᠯᠭ᠎ᠠ ᠶᠢᠨ ᠪᠠᠶᠢᠳᠠᠯ  2022 ᠣᠨ ᠳᠤ ᠪᠥᠬᠦ ᠣᠷᠣᠨ ᠤ ᠷᠠᠳᠢᠣ᠋ ᠲᠧᠯᠸᠢᠰ ᠤᠨ ᠪᠣᠳᠠᠲᠠᠶ ᠡᠭᠦᠳᠦᠭᠰᠡᠨ ᠣᠷᠣᠯᠭ᠎ᠠ 157455.97 ᠲᠦᠮᠡᠨ ᠲᠥᠭᠦᠷᠢᠭ ᠪᠠᠶᠢᠵᠤ᠂ ᠬᠢᠵᠢᠭ ᠤᠨ ᠨᠥᠯᠥᠭᠡ ᠠᠴᠠ ᠪᠣᠯᠵᠣ᠂ ᠠᠳᠠᠯᠢ ᠬᠤᠭᠤᠴᠠᠭᠠᠨ ᠤ ᠬᠢ ᠠᠴᠠ 17.81% ᠪᠠᠷ ᠪᠠᠭᠤᠷᠠᠪᠠ᠃ ᠨᠢᠭᠡ ᠳᠤ᠂ ᠤᠲᠠᠰᠤᠲᠤ ᠲᠧᠯᠸᠢᠰ ᠤᠨ ᠰᠦ᠋ᠯᠵᠢᠶᠡᠨ ᠤ ᠣᠷᠤᠯᠭ᠎ᠠ ᠵᠢᠭᠠᠬᠠᠨ ᠪᠠᠭᠤᠷᠠᠪᠠ᠃ 2022 ᠣᠨ ᠤ ᠤᠲᠠᠰᠤᠲᠤ ᠲᠧᠯᠸᠢᠰ ᠤᠨ ᠰᠦᠯᠵᠢᠶᠡᠨ ᠤ ᠣᠷᠣᠯᠭ᠎ᠠ 92974.89 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.59 % ᠪᠠᠷ ᠪᠠᠭᠤᠷᠠᠪᠠ᠃ ᠡᠭᠦᠨ ᠳᠤ᠂ ᠤᠲᠠᠰᠤᠲᠤ ᠲᠧᠯᠸᠢᠰ ᠤᠨ ᠬᠦᠯᠢᠶᠡᠨ ᠠᠪᠴᠤ ᠦᠵᠡᠭᠰᠡᠨ ᠰᠦᠢᠳᠭᠡᠯ ᠤᠨ ᠣᠷᠣᠯᠭ᠎ᠠ 49703.18 ᠲᠦᠮᠡᠨ ᠲᠥᠭᠦᠷᠢᠭ ᠪᠠᠶᠢᠵᠤ᠂ ᠰᠦᠢᠳᠬᠡᠯ ᠲᠤᠰᠢᠶᠠᠬᠤ ᠲᠣᠭᠠᠴᠢᠯᠠᠭᠰᠠᠨ ᠲᠧᠯᠸᠢᠰ ᠤᠨ ᠰᠤᠪᠠᠭ ᠤᠨ ᠣᠷᠣᠯᠭ᠎ᠠ 2569.65 ᠲᠦᠮᠡᠨ ᠲᠥᠭᠦᠷᠢᠭ ᠪᠠᠶᠢᠵᠤ᠂ ᠨᠡᠮᠡᠭᠳᠡᠯ ᠥᠷᠲᠡᠭ ᠤᠨ ᠲᠤᠬᠠᠶᠢᠯᠠᠭᠰᠠᠨ ᠠᠵᠢᠯ ᠤᠨ ᠣᠷᠣᠯᠭ᠎ᠠ 10831.12 ᠲᠦᠮᠡᠨ ᠲᠥᠭᠦᠷᠢᠭ ᠪᠠᠶᠢᠪᠠ᠃ ᠬᠤᠶᠠᠷ ᠲᠤ᠂ ᠰᠢᠨ᠎ᠡ ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠤᠨ ᠣᠷᠣᠯᠭ᠎ᠠ ᠡᠳᠦᠶ ᠲᠡᠳᠦᠶ ᠪᠠᠭᠤᠷᠠᠪᠠ᠃ 2022 ᠣᠨ ᠤ ᠰᠢᠨ᠎ᠡ ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠤᠨ ᠣᠷᠣᠯᠭ᠎ᠠ 8451.88 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 40.53% ᠪᠠᠷ ᠪᠠᠭᠤᠷᠠᠪᠠ᠃ ᠡᠭᠦᠨ ᠳᠤ᠂ ᠬᠠᠷᠢᠯᠴᠠᠬᠤ ᠬᠡᠯᠪᠡᠷᠢ ᠶᠢᠨ ᠰᠦᠯᠵᠢᠶᠡᠨ ᠤ ᠲᠧᠯᠸᠢᠰ ︵IPTV︶ ᠤᠨ ᠣᠷᠣᠯᠭ᠎ᠠ 8288.00 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 36.83 % ᠪᠠᠷ ᠪᠠᠭᠤᠷᠠᠪᠠ︔ ᠪᠤᠰᠤᠳ ᠰᠢᠨ᠎ᠡ ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠤᠨ ᠣᠷᠣᠯᠭ᠎ᠠ 163.88 ᠲᠦᠮᠡᠨ ᠲᠥᠭᠦᠷᠢᠭ  ᠲᠤ ᠬᠦᠷᠴᠦ᠂ ᠠᠳᠠᠯᠢ  ᠬᠤᠭᠤᠴᠠᠭᠠᠨ ᠤ ᠬᠢ ᠠᠴᠠ 84.99% ᠪᠠᠷ ᠪᠠᠭᠤᠷᠠᠪᠠ᠃ ᠭᠤᠷᠪᠠ ᠳᠤ᠂ ᠷᠠᠳᠢᠣ᠋ ᠲᠧᠯᠸᠢᠰ ᠤᠨ ᠫᠷᠤᠭ᠍ᠷᠠᠮ ᠤᠨ ᠪᠣᠷᠣᠯᠠᠭᠤᠯᠤᠯᠲᠠ ᠶᠢᠨ ᠣᠷᠣᠯᠭ᠎ᠠ ᠡᠳᠦᠶ ᠲᠡᠳᠦᠶ ᠪᠠᠭᠤᠷᠠᠪᠠ᠃ 2022 ᠣᠨ ᠳᠤ ᠪᠥᠬᠦ ᠣᠷᠣᠨ ᠤ ᠷᠠᠳᠢᠣ᠋ ᠲᠧᠯᠸᠢᠰ ᠤᠨ ᠫᠷᠤᠭ᠍ᠷᠠᠮ ᠤᠨ ᠪᠣᠷᠣᠯᠠᠭᠤᠯᠤᠯᠲᠠ ᠶᠢᠨ ᠣᠷᠣᠯᠭ᠎ᠠ 1138.92 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 55.71% ᠪᠠᠷ ᠪᠠᠭᠤᠷᠠᠪᠠ᠃ ᠳᠥᠷᠪᠡ ᠳᠤ᠂ ᠵᠠᠷ ᠮᠡᠳᠡᠭᠡ ᠶᠢᠨ ᠣᠷᠣᠯᠭ᠎ᠠ ᠡᠳᠦᠶ ᠲᠡᠳᠦᠶ ᠪᠠᠭᠤᠷᠠᠪᠠ᠃ 2022 ᠣᠨ ᠤ ᠪᠥᠬᠦ ᠣᠷᠣᠨ ᠤ ᠵᠠᠷ ᠮᠡᠳᠡᠭᠡᠨ ᠤ ᠣᠷᠣᠯᠭ᠎ᠠ 29026.95 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.2 % ᠪᠠᠷ ᠪᠠᠭᠤᠷᠠᠪᠠ᠃ ᠡᠭᠦᠨ ᠳᠤ᠂ ᠷᠠᠳᠢᠣ᠋ ᠶᠢᠨ ᠵᠠᠷ ᠮᠡᠳᠡᠭᠡᠨ ᠤ ᠣᠷᠣᠯᠭ᠎ᠠ 5832.30 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 46.34 % ᠪᠠᠷ ᠪᠠᠭᠤᠷᠠᠪᠠ︔ ᠲᠧᠯᠸᠢᠰ ᠤᠨ ᠵᠠᠷ ᠮᠡᠳᠡᠭᠡᠨ ᠤ ᠣᠷᠣᠯᠭ᠎ᠠ 21857.76 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 21.47 % ᠪᠠᠷ ᠨᠡᠮᠡᠭᠳᠡᠪᠡ︔ ᠰᠦᠯᠵᠢᠶᠡᠨ ᠤ ᠵᠠᠭᠤᠴᠢᠯᠠᠭᠤᠷ ᠤᠨ ᠵᠠᠷ ᠮᠡᠳᠡᠭᠡᠨ ᠤ ᠣᠷᠣᠯᠭ᠎ᠠ ᠪᠠ ᠪᠤᠰᠤᠳ ᠵᠠᠷ ᠮᠡᠳᠡᠭᠡᠨ ᠤ ᠣᠷᠣᠯᠭ᠎ᠠ ᠨᠡᠶᠢᠲᠡ 1336.89 ᠲᠦᠮᠡᠨ ᠲᠥᠭᠦᠷᠢᠭ ᠪᠠᠶᠢᠪᠠ᠃  ᠬᠤᠶᠠᠷ᠂ ᠷᠠᠳᠢᠣ᠋ ᠲᠧᠯᠸᠢᠰ ᠤᠨ ᠫᠷᠦᠭᠷᠡᠮ ᠦᠢᠯᠡᠳᠴᠤ ᠨᠡᠪᠲᠡᠷᠡᠭᠦᠯᠦᠭᠰᠡᠨ ᠪᠠᠶᠢᠳᠠᠯ  ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠰᠡᠳᠦᠪᠲᠦ ᠦᠢᠯᠡᠴᠢᠯᠡᠭᠡᠨ ᠤ ᠲᠦᠷᠦᠯ ᠤᠨ ᠫᠷᠤᠭ᠍ᠷᠠᠮ ᠦᠢᠯᠡᠳᠴᠦ ᠨᠡᠪᠲᠡᠷᠡᠭᠦᠯᠬᠦ ᠶᠢ ᠴᠢᠩᠭᠠᠳᠬᠠᠪᠠ︔ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠲᠦᠷᠦᠯ ᠤᠨ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠨᠡᠪᠲᠡᠷᠡᠭᠦᠯᠬᠦ ᠴᠠᠭ ᠤᠨ ᠲᠣᠭᠲᠠᠭᠤᠨ ᠪᠠᠶᠢᠬᠤ ᠶᠢ ᠪᠠᠲᠤᠯᠠᠪᠠ︔ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠤᠬᠠᠭᠤᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠧᠯᠸᠢᠰ ᠤᠨ ᠨᠡᠪᠲᠡᠷᠡᠭᠦᠯᠬᠦ ᠴᠠᠭ ᠢ ᠨᠡᠮᠡᠭᠳᠡᠭᠦᠯᠪᠡ᠃  ︵ᠨᠢᠭᠡ︶ ᠷᠠᠳᠢᠣ᠋ ᠲᠧᠯᠸᠢᠰ ᠤᠨ ᠨᠡᠪᠲᠡᠷᠡᠭᠦᠯᠦᠭᠰᠡᠨ ᠪᠠᠶᠢᠳᠠᠯ  ᠨᠢᠭᠡ ᠳᠤ᠂ ᠮᠠᠨ ᠤ ᠣᠷᠣᠨ ᠤ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠨᠡᠪᠲᠡᠷᠡᠭᠦᠯᠬᠦ ᠴᠠᠭ ᠨᠡᠯᠢᠶᠡᠳ ᠲᠣᠭᠲᠠᠭᠤᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠬᠤᠪᠢᠷᠠᠯᠲᠠ ᠲᠠᠢ ᠪᠠᠶᠢᠨ᠎ᠠ᠃ 2022 ᠣᠨ ᠳᠤ ᠮᠠᠨ ᠤ ᠣᠷᠣᠨ ᠤ ᠣᠯᠠᠨ ᠨᠡᠶᠢᠲᠡ ᠶᠢᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 688016.20 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.42% ᠢᠶᠠᠷ ᠨᠡᠮᠡᠭᠳᠡᠵᠦ᠂ ᠡᠭᠦᠨ ᠳᠤ᠂ ᠲᠠᠷᠢᠶᠠᠯᠠᠩ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 240155.43 ᠴᠠᠭ ᠪᠠᠶᠢᠵᠤ᠂ ᠣᠯᠠᠨ ᠨᠡᠶᠢᠲᠡ ᠶᠢᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠨᠡᠪᠲᠡᠷᠡᠭᠦᠯᠦᠭᠰᠡᠨ ᠶᠡᠷᠦᠩᠬᠡᠶ ᠴᠠᠭ ᠤᠨ ᠣᠷᠳᠣ ᠨᠢ 34.9% ᠶᠢ ᠡᠵᠡᠯᠡᠪᠡ᠃ ᠨᠡᠪᠲᠡᠷᠡᠭᠦᠯᠭᠡ ᠶᠢᠨ ᠫᠷᠦᠭᠷᠠᠮ ᠤᠨ ᠲᠦᠷᠦᠯ ᠵᠦᠢᠯ ᠢᠶᠠᠷ ᠨᠢ ᠬᠤᠪᠢᠶᠠᠪᠠᠯ᠄ 2022 ᠣᠨ ᠤ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠲᠥᠷᠥᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 125338.18 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.88% ᠪᠠᠷ ᠨᠡᠮᠡᠭᠳᠡᠪᠡ︔ ᠲᠤᠰᠬᠠᠢ ᠰᠡᠳᠦᠪᠲᠦ ᠦᠢᠯᠡᠴᠢᠯᠡᠭᠡᠨ ᠤ ᠲᠥᠷᠥᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 143998.25 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.44% ᠪᠠᠷ ᠨᠡᠮᠡᠭᠳᠡᠪᠡ︔ ᠶᠡᠷᠦᠩᠬᠡᠶᠢᠯᠡᠭᠰᠡᠨ ᠤᠷᠠᠯᠢᠭ᠂ ᠣᠶᠣᠨ ᠤ ᠨᠡᠮᠡᠭᠳᠡᠯ ᠤᠨ ᠲᠦᠷᠦᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 199261.15 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.22% ᠪᠠᠷ ᠪᠠᠭᠤᠷᠠᠪᠠ︔ ᠷᠠᠳᠢᠣ᠋ ᠨᠡᠪᠲᠡᠷᠡᠭᠦᠯᠭᠡ ᠶᠢᠨ ᠵᠦᠴᠦᠭᠡ ᠶᠢᠨ ᠲᠥᠷᠥᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 45996.50 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠪᠡ︔ ᠵᠠᠷ ᠮᠡᠳᠡᠭᠡᠨ ᠤ ᠲᠥᠷᠥᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 28523.00 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.28% ᠪᠠᠷ ᠪᠠᠭᠤᠷᠠᠪᠠ︔ ᠪᠤᠰᠤᠳ ᠲᠥᠷᠥᠯ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 144899.12 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.50% ᠪᠠᠷ ᠨᠡᠮᠡᠭᠳᠡᠪᠡ᠃  ᠬᠤᠶᠠᠷ ᠲᠤ᠂ ᠮᠠᠨ ᠤ ᠤᠷᠤᠨ ᠤ ᠲᠧᠯᠸᠢᠰ ᠤᠨ ᠫᠷᠦᠭᠷᠡᠮ ᠤᠨ ᠨᠡᠪᠲᠡᠷᠡᠭᠦᠯᠦᠭᠰᠡᠨ ᠴᠠᠭ ᠵᠢᠭᠠᠬᠠᠨ ᠪᠠᠭᠤᠷᠠᠪᠠ᠃ 2022 ᠣᠨ ᠳᠤ ᠮᠠᠨ ᠤ ᠣᠷᠣᠨ ᠤ ᠣᠯᠠᠨ ᠨᠡᠶᠢᠲᠡ ᠶᠢᠨ ᠲᠧᠯᠸᠢᠰ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 688058.00 ᠴᠠᠭ ᠪᠠᠶᠢᠵᠤ᠂ ᠠᠳᠠᠯᠢ ᠬᠤᠭᠤᠴᠠᠭᠠᠨ ᠤ ᠬᠢ  ᠠᠴᠠ 0.17% ᠪᠠᠷ  ᠪᠠᠭᠤᠷᠠᠪᠠ᠂ ᠡᠭᠦᠨ ᠳᠤ᠂ ᠬᠥᠳᠡᠭᠡ ᠲᠣᠰᠬᠤᠨ ᠤ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 257374.52 ᠴᠠᠭ ᠪᠠᠶᠢᠵᠤ᠂ ᠣᠯᠠᠨ ᠨᠡᠶᠢᠲᠡ ᠶᠢᠨ ᠲᠧᠯᠸᠢᠰ ᠤᠨ ᠫᠷᠤᠭ᠍ᠷᠠᠮ ᠤᠨ ᠨᠡᠪᠲᠡᠷᠡᠭᠦᠯᠦᠭᠰᠡᠨ ᠶᠡᠷᠦᠩᠬᠡᠶ ᠴᠠᠭ ᠤᠨ ᠤᠷᠲᠤ ᠨᠢ 37.4% ᠳᠤ ᠬᠦᠷᠴᠡᠶ᠃ ᠲᠧᠯᠸᠢᠰ ᠤᠨ ᠫᠷᠤᠭ᠍ᠷᠠᠮ ᠤᠨ ᠲᠥᠷᠥᠯ ᠵᠦᠢᠯ ᠢᠶᠠᠷ ᠨᠢ ᠬᠤᠪᠢᠶᠠᠪᠠᠯ ᠄ 2022 ᠣᠨ ᠳᠤ ᠰᠣᠨᠢᠨ ᠮᠡᠳᠡᠭᠡ᠂ ᠮᠡᠳᠡᠭᠡ ᠵᠠᠩᠭᠢ ᠶᠢᠨ ᠲᠦᠷᠦᠯ ᠤᠨ ᠲᠧᠯᠸᠢᠰ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 91953.42 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ1.4% ᠪᠠᠷ ᠪᠠᠭᠤᠷᠠᠪᠠ︔ ᠲᠤᠰᠬᠠᠶ ᠰᠡᠳᠦᠪᠲᠦ ᠦᠢᠯᠡᠴᠢᠯᠡᠭᠡᠨ ᠤ ᠲᠥᠷᠥᠯ ᠤᠨ ᠲᠧᠯᠸᠢᠰ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 80822.03 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.65% ᠪᠠᠷ ᠪᠠᠭᠤᠷᠠᠪᠠ︔ ᠶᠡᠷᠦᠩᠬᠡᠶᠢᠯᠡᠭᠰᠡᠨ ᠤᠷᠠᠯᠢᠭ᠂ ᠣᠶᠤᠨ ᠤ ᠨᠡᠮᠡᠭᠳᠡᠯ ᠤᠨ ᠲᠥᠷᠥᠯ ᠤᠨ ᠲᠧᠯᠸᠢᠰ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 50430.27 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.25% ᠪᠠᠷ ᠳᠡᠭᠡᠭᠰᠢᠯᠡᠪᠡ ︔ ᠺᠢᠨᠣ᠋ ᠲᠧᠯᠸᠢᠰ ᠵᠦᠴᠦᠭᠡ ᠶᠢᠨ ᠲᠥᠷᠥᠯ ᠤᠨ ᠲᠧᠯᠸᠢᠰ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 317220.62 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.07% ᠪᠠᠷ ᠨᠡᠮᠡᠭᠳᠡᠪᠡ︔ ᠵᠠᠷ ᠮᠡᠳᠡᠭᠡᠨ ᠤ ᠲᠥᠷᠥᠯ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 51055.30 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.94% ᠪᠠᠷ ᠪᠠᠭᠤᠷᠠᠪᠠ᠃ ᠪᠤᠰᠤᠳ ᠲᠥᠷᠥᠯ ᠤᠨ ᠫᠷᠦᠭᠷᠠᠮ ᠤᠨ ᠨᠡᠪᠲᠡᠷᠡᠭᠦᠯᠦᠭᠰᠡᠨ ᠴᠠᠭ ᠨᠢ 96576.37 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.17% ᠪᠠᠷ ᠨᠡᠮᠡᠭᠳᠡᠪᠡ᠃  ︵ᠬᠤᠶᠠᠷ︶ ᠷᠠᠳᠢᠣ᠋ ᠲᠧᠯᠸᠢᠰ ᠤᠨ ᠫᠷᠦᠭᠷᠡᠮ ᠦᠢᠯᠡᠳᠴᠤ ᠪᠠᠶᠢᠭ᠎ᠠ ᠪᠠᠶᠢᠳᠠᠯ  ᠨᠢᠭᠡ ᠳᠤ᠂ 2022 ᠣᠨ ᠳᠤ ᠮᠠᠨ ᠤ ᠣᠷᠣᠨ ᠤ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠦᠢᠯᠡᠳᠬᠦ ᠬᠡᠮᠵᠢᠶ᠎ᠡ ᠵᠢᠭᠠᠬᠠᠨ ᠪᠠᠭᠤᠷᠠᠪᠠ᠃ 2022 ᠣᠨ ᠳᠤ ᠮᠠᠨ ᠤ ᠣᠷᠣᠨ ᠤ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠦᠢᠯᠡᠳᠦᠭᠰᠡᠨ ᠴᠠᠭ ᠨᠢ 295058.82 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.42% ᠢᠶᠠᠷ ᠪᠠᠭᠤᠷᠠᠪᠠ᠃ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠲᠥᠷᠥᠯ ᠵᠦᠢᠯ ᠢᠶᠠᠷ ᠨᠢ ᠬᠤᠪᠢᠶᠠᠪᠠᠯ᠄ ᠰᠣᠨᠢᠨ ᠮᠡᠳᠡᠭᠡ᠂ ᠮᠡᠳᠡᠭᠡ ᠵᠠᠩᠭᠢ ᠶᠢᠨ ᠲᠦᠷᠦᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠦᠢᠯᠡᠳᠦᠭᠰᠡᠨ ᠴᠠᠭ ᠨᠢ 45714.47 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.87% ᠪᠠᠷ ᠨᠡᠮᠡᠭᠳᠡᠪᠡ︔ ᠲᠤᠰᠬᠠᠶ ᠰᠡᠳᠦᠪᠲᠦ ᠤᠶᠢᠯᠡᠴᠢᠯᠡᠭᠡᠨ ᠤ ᠲᠥᠷᠥᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠦᠢᠯᠡᠳᠦᠭᠰᠡᠨ ᠴᠠᠭ ᠨᠢ 93915.67 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.61% ᠪᠠᠷ ᠪᠠᠭᠤᠷᠠᠪᠠ︔ ᠶᠡᠷᠦᠩᠬᠡᠶᠢᠯᠡᠭᠰᠡᠨ ᠤᠷᠠᠯᠢᠭ᠂ ᠣᠶᠣᠨ ᠤ ᠨᠡᠮᠡᠭᠳᠡᠯ ᠤᠨ ᠲᠥᠷᠥᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠦᠢᠯᠡᠳᠦᠭᠰᠡᠨ ᠴᠠᠭ ᠨᠢ 98944.30 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.46% ᠪᠠᠷ ᠪᠠᠭᠤᠷᠠᠪᠠ︔ ᠷᠠᠳᠢᠣ᠋ ᠨᠡᠪᠲᠡᠷᠡᠭᠦᠯᠭᠡ ᠶᠢᠨ ᠵᠦᠴᠦᠭᠡ ᠶᠢᠨ ᠲᠥᠷᠥᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠦᠢᠯᠡᠳᠦᠭᠰᠡᠨ ᠴᠠᠭ ᠨᠢ 8659.88 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.86% ᠪᠠᠷ ᠪᠠᠭᠤᠷᠠᠪᠠ︔ ᠵᠠᠷ ᠮᠡᠳᠡᠭᠡ ᠶᠢᠨ ᠲᠥᠷᠥᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠦᠢᠯᠡᠳᠦᠭᠰᠡᠨ ᠴᠠᠭ ᠨᠢ 18035.57 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.14% ᠪᠠᠷ ᠨᠡᠮᠡᠭᠳᠡᠪᠡ︔ ᠪᠤᠰᠤᠳ ᠲᠥᠷᠥᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠦᠢᠯᠡᠳᠦᠭᠰᠡᠨ ᠴᠠᠭ ᠨᠢ 29788.93 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 22.73% ᠪᠠᠷ ᠪᠠᠭᠤᠷᠠᠪᠠ᠃  ᠬᠤᠶᠠᠷ ᠲᠤ᠂ ᠲᠧᠯᠸᠢᠰ ᠤᠨ ᠫᠷᠣᠭ᠍ᠷᠠᠮ ᠤᠨ ᠦᠢᠯᠡᠳᠦᠭᠰᠡᠨ ᠬᠡᠮᠵᠢᠶ᠎ᠡ ᠪᠠᠭ᠎ᠠ ᠬᠡᠮᠵᠢᠶ᠎ᠡ ᠪᠠᠷ ᠪᠠᠭᠠᠰᠪᠠ᠃ 2022 ᠣᠨ ᠳᠤ ᠮᠠᠨ ᠤ ᠣᠷᠣᠨ ᠤ ᠲᠧᠯᠸᠢᠰ ᠤᠨ ᠫᠷᠤᠭ᠍ᠷᠠᠮ ᠤᠨ ᠦᠢᠯᠡᠳᠦᠭᠰᠡᠨ ᠴᠠᠭ ᠨᠢ 78395.85 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.59% ᠪᠠᠷ ᠪᠠᠭᠤᠷᠠᠪᠠ᠃ ᠲᠧᠯᠸᠢᠰ ᠤᠨ ᠫᠷᠤᠭ᠍ᠷᠠᠮ ᠤᠨ ᠲᠥᠷᠥᠯ ᠵᠦᠢᠯ ᠢᠶᠠᠷ ᠨᠢ ᠬᠤᠪᠢᠶᠠᠪᠠᠯ᠄ ᠰᠣᠨᠢᠨ ᠮᠡᠳᠡᠭᠡ᠂ ᠮᠡᠳᠡᠭᠡ ᠵᠠᠩᠭᠢ ᠶᠢᠨ ᠲᠥᠷᠥᠯ ᠤᠨ ᠲᠧᠯᠸᠢᠰ ᠤᠨ ᠫᠷᠤᠭ᠍ᠷᠠᠮ ᠤᠨ ᠦᠢᠯᠡᠳᠦᠭᠰᠡᠨ ᠴᠠᠭ ᠨᠢ 31612.07 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.83% ᠪᠠᠷ ᠪᠠᠭᠤᠷᠠᠪᠠ︔ ᠲᠤᠰᠬᠠᠶ ᠰᠡᠳᠦᠪᠲᠦ ᠦᠢᠯᠡᠴᠢᠯᠡᠭᠡᠨ ᠤ ᠲᠥᠷᠥᠯ ᠤᠨ ᠲᠧᠯᠸᠢᠰ ᠤᠨ ᠫᠷᠤᠭ᠍ᠷᠠᠮ ᠤᠨ ᠦᠢᠯᠡᠳᠦᠭᠰᠡᠨ ᠴᠠᠭ ᠨᠢ 17036.37 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.69% ᠪᠠᠷ ᠪᠠᠭᠤᠷᠠᠪᠠ︔ ᠶᠡᠷᠦᠩᠬᠡᠶᠢᠯᠡᠭᠰᠡᠨ ᠤᠷᠠᠯᠢᠭ᠂ ᠣᠶᠣᠨ ᠤ ᠨᠡᠮᠡᠭᠳᠡᠯ ᠤᠨ ᠲᠥᠷᠥᠯ ᠤᠨ ᠲᠧᠯᠸᠢᠰ ᠫᠷᠤᠭ᠍ᠷᠠᠮ ᠤᠨ ᠦᠢᠯᠡᠳᠦᠭᠰᠡᠨ ᠴᠠᠭ ᠨᠢ 9162.07 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 22.23% ᠪᠠᠷ ᠳᠡᠭᠡᠭᠰᠢᠯᠡᠪᠡ︔ ᠵᠠᠷ ᠮᠡᠳᠡᠭᠡᠨ ᠤ ᠲᠥᠷᠥᠯ ᠤᠨ ᠲᠧᠯᠸᠢᠰ ᠫᠷᠤᠭ᠍ᠷᠠᠮ ᠤᠨ ᠦᠢᠯᠡᠳᠦᠭᠰᠡᠨ ᠴᠠᠭ ᠨᠢ 10394.92 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.99% ᠪᠠᠷ ᠪᠠᠭᠤᠷᠠᠪᠠ᠃  ︵ᠭᠤᠷᠪᠠ︶ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠦᠢᠯᠡᠳᠴᠦ ᠨᠡᠪᠲᠡᠷᠡᠭᠦᠯᠦᠭᠰᠡᠨ ᠪᠠᠶᠢᠳᠠᠯ  ᠨᠢᠭᠡ ᠳᠤ᠂ 2022 ᠣᠨ ᠤ ᠮᠠᠨ ᠤ ᠣᠷᠣᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠦᠢᠯᠡᠳᠦᠭᠰᠡᠨ ᠶᠡᠷᠦᠩᠬᠡᠶ ᠴᠠᠭ ᠨᠢ 699. 25 ᠴᠠᠭ ᠲᠤ ᠬᠥᠷᠪᠡ᠃ ᠡᠭᠦᠨ ᠳᠤ᠄ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠦᠢᠯᠡᠳᠦᠭᠰᠡᠨ ᠴᠠᠭ ᠨᠢ 4799.75 ᠴᠠᠭ ᠪᠠᠶᠢᠵᠤ᠂ 16.03% ᠪᠠᠷ ᠪᠠᠭᠤᠷᠠᠪᠠ︔ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠦᠢᠯᠡᠳᠦᠭᠰᠡᠨ ᠴᠠᠭ ᠨᠢ 2199.50 ᠴᠠᠭ ᠪᠠᠶᠢᠵᠤ᠂ 5.82% ᠢᠶᠠᠷ ᠨᠡᠮᠡᠭᠳᠡᠪᠡ᠃  ᠬᠤᠶᠠᠷ ᠲᠤ᠂ 2022 ᠣᠨ ᠤ ᠮᠠᠨ ᠤ ᠣᠷᠣᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠨᠡᠪᠲᠡᠷᠡᠭᠦᠯᠦᠭᠰᠡᠨ ᠶᠡᠷᠦᠩᠬᠡᠢ ᠴᠠᠭ ᠨᠢ 47035.81 ᠴᠠᠭ ᠲᠤ ᠬᠦᠷᠪᠡ᠃ ᠡᠭᠦᠨ ᠳᠤ᠄ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠨᠡᠪᠲᠡᠷᠡᠭᠦᠯᠦᠭᠰᠡᠨ ᠴᠠᠭ ᠨᠢ 15673.63 ᠴᠠᠭ ᠪᠠᠶᠢᠵᠤ᠂ 4.33% ᠪᠠᠷ ᠪᠠᠭᠤᠷᠠᠪᠠ︔ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠨᠡᠪᠲᠡᠷᠡᠭᠦᠯᠦᠭᠰᠡᠨ  ᠴᠠᠭ ᠨᠢ 31362.18 ᠴᠠᠭ  ᠪᠠᠶᠢᠵᠤ᠂ 9.13% ᠪᠠᠷ ᠨᠡᠮᠡᠭᠳᠡᠪᠡ᠃  ᠭᠤᠷᠪᠠ᠂ ᠷᠠᠳᠢᠣ᠋ ᠲᠧᠯᠸᠢᠰ ᠤᠨ ᠳᠠᠮᠵᠢᠭᠤᠯᠭ᠎ᠠ ᠶᠢᠨ ᠪᠦᠷᠬᠦᠴᠡ ᠶᠢᠨ ᠪᠠᠶᠢᠳᠠᠯ  ᠨᠢᠭᠡ ᠳᠤ᠂ ᠷᠠᠳᠢᠣ᠋ ᠲᠧᠯᠸᠢᠰ ᠤᠨ ᠫᠷᠤᠭ᠍ᠷᠠᠮ ᠤᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠤᠷᠮ᠎ᠠ ᠲᠣᠭᠲᠠᠭᠤᠨ ᠢᠶᠠᠷ ᠳᠡᠭᠡᠭᠰᠢᠯᠡᠪᠡ᠃ 2022 ᠣᠨ ᠤ ᠡᠴᠦᠰ ᠪᠣᠯᠲᠠᠯ᠎ᠠ᠂ ᠮᠠᠨ ᠤ ᠣᠷᠣᠨ ᠤ ᠷᠠᠳᠢᠣ᠋ ᠨᠡᠪᠲᠡᠷᠡᠭᠦᠯᠭᠡ ᠶᠢᠨ ᠶᠡᠷᠦᠩᠬᠡᠶ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 99.75% ᠪᠠᠶᠢᠵᠤ᠂ ᠲᠧᠯᠸᠢᠰ ᠤᠨ ᠶᠡᠷᠦᠩᠬᠡᠢ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 99.75% ᠪᠠᠶᠢᠵᠤ᠂ 2021 ᠣᠨ ᠤ ᠬᠢ ᠠᠴᠠ ᠲᠣᠰ ᠲᠣᠰ 0.01 ᠵᠠᠭᠤᠨ ᠤ ᠨᠢᠭᠡᠴᠢ ᠳᠡᠭᠡᠭᠰᠢᠯᠡᠪᠡ᠃  ᠬᠤᠶᠠᠷ ᠲᠤ᠂ 2022 ᠣᠨ ᠳᠤ ᠪᠥᠬᠦ ᠣᠷᠣᠨ ᠤ ᠤᠲᠠᠰᠤᠲᠤ ᠲᠧᠯᠸᠢᠰ ᠤᠨ ᠪᠦᠷᠬᠦᠭᠰᠡᠨ ᠡᠷᠦᠬᠡ ᠶᠢᠨ ᠲᠤᠭ᠎ᠠ 3669592 ᠲᠦᠮᠡᠨ ᠡᠷᠦᠬᠡ ᠳᠤ ᠬᠥᠷᠪᠡ᠃ ᠤᠲᠠᠰᠤᠲᠤ ᠲᠧᠯᠸᠢᠰ  ᠤᠨ ᠪᠣᠳᠠᠲᠠᠶ ᠬᠡᠷᠡᠭᠯᠡᠭᠴᠢ ᠶᠢᠨ ᠲᠤᠭ᠎ᠠ 2695651 ᠲᠦᠮᠡᠨ ᠡᠷᠦᠬᠡ ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 24.27% ᠪᠠᠷ ᠨᠡᠮᠡᠭᠳᠡᠪᠡ᠃  ᠳᠥᠷᠪᠡ᠂ ᠠᠵᠢᠯᠯᠠᠭᠰᠠᠳ ᠤᠨ ᠪᠠᠶᠢᠳᠠᠯ  2022 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠡᠷᠭᠢᠯᠡᠭᠰᠡᠳ 18339 ᠬᠥᠮᠦᠨ ᠪᠣᠯᠪᠠ᠃ ᠠᠵᠢᠯ ᠤᠨ ᠪᠠᠶᠢᠷᠢ ᠪᠠᠷ ᠨᠢ ᠬᠤᠪᠢᠶᠠᠪᠠᠯ᠂ ᠪᠦᠬᠦ ᠤᠷᠤᠨ ᠤ ᠷᠠᠳᠢᠤ᠋ ᠲᠧᠯᠸᠢᠰ ᠤᠨ ᠠᠵᠢᠯ ᠡᠷᠬᠢᠯᠡᠭᠰᠡᠨ ᠬᠠᠮᠢᠶᠠᠷᠤᠯᠳᠠ ᠶᠢᠨ ᠠᠵᠢᠯᠳᠠᠨ 2043 ᠬᠦᠮᠦᠨ᠂ ᠨᠠᠶᠢᠷᠠᠭᠤᠯᠤᠭᠴᠢ᠂ ᠰᠤᠷᠪᠤᠯᠵᠢᠯᠠᠬᠴᠢ᠂ ᠨᠡᠪᠳᠡᠷᠡᠬᠦᠯᠦᠭᠴᠢ᠂ ᠬᠥᠲᠦᠯᠦᠭᠴᠢ᠂ ᠤᠷᠠᠯᠢᠭ ᠤᠨ ᠠᠵᠢᠯᠳᠠᠨ᠂ ᠡᠵᠡᠩᠨᠡᠯᠳᠡ ᠶᠢᠨ ᠠᠵᠢᠯᠳᠠᠨ ᠵᠡᠷᠬᠡ ᠲᠤᠰᠬᠠᠢ ᠮᠡᠷᠬᠡᠵᠢᠯ ᠤᠨ ᠠᠵᠢᠯᠳᠠᠨ 11980 ᠬᠦᠮᠦᠨ᠂ ᠪᠤᠰᠤᠳ ᠠᠵᠢᠯᠳᠠᠨ 4316 ᠬᠦᠮᠦᠨ ᠪᠤᠢ᠃ ᠰᠤᠷᠤᠯᠭ᠎ᠠ ᠶᠢᠨ ᠨᠠᠮᠲᠠᠷ ᠢᠶᠠᠷ ᠨᠢ ᠬᠤᠪᠢᠶᠠᠪᠠᠯ᠂ ᠠᠰᠫᠢᠷᠠᠨᠲ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠨᠢ 773 ᠬᠥᠮᠦᠨ᠂ ᠵᠢᠩᠬᠢᠨᠢ ᠠᠩᠭᠢ ᠵᠢᠴᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ ᠨᠢ 15915 ᠬᠥᠮᠦᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠲᠡᠭᠦᠨ ᠠᠴᠠ ᠳᠣᠷᠣᠭᠰᠢᠬᠢ ᠰᠤᠷᠤᠯᠭ᠎ᠠ ᠶᠢᠨ ᠨᠠᠮᠲᠠᠷ ᠲᠠᠢ ᠨᠢ 1651 ᠬᠥᠮᠦᠨ ᠪᠠᠶᠢᠪᠠ᠃ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ