2023 ᠣᠨ ᠤ ᠨᠢᠭᠡᠳᠦᠭᠡᠷ ᠤᠯᠠᠷᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2023/5/29
  ᠨᠢᠭᠡ᠂ ᠷᠠᠳᠢᠣ᠋ ᠲᠧᠯᠸᠢᠰ ᠪᠠ ᠰᠦᠯᠵᠢᠶ᠎ᠡ ᠶᠢᠨ ᠦᠵᠡᠵᠦ ᠰᠣᠨᠣᠰᠬᠤ ᠶᠢᠨ ᠣᠷᠣᠯᠭ᠎ᠠ ᠶᠢᠨ ᠪᠠᠶᠢᠳᠠᠯ  ︵ᠨᠢᠭᠡ︶ ᠷᠠᠳᠢᠣ᠋ ᠲᠧᠯᠸᠢᠰ ᠪᠠ ᠰᠦᠯᠵᠢᠶ᠎ᠡ ᠶᠢᠨ ᠦᠵᠡᠵᠦ ᠰᠤᠨᠤᠰᠬᠤ ᠶᠢᠨ ᠶᠡᠷᠦᠩᠬᠡᠶ ᠣᠷᠣᠯᠭ᠎ᠠ ᠶᠢᠨ ᠪᠠᠶᠢᠳᠠᠯ  2023 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠷᠠᠳᠢᠣ᠋ ᠲᠧᠯᠸᠢᠰ ᠤᠨ ᠶᠡᠷᠦᠩᠬᠡᠶ ᠣᠷᠣᠯᠭ᠎ᠠ 150368.98 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.95% ᠪᠠᠷ ᠨᠡᠮᠡᠭᠳᠡᠪᠡ᠃ ᠡᠭᠦᠨ ᠳᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠶᠡᠷᠦᠩᠬᠡᠢ ᠣᠷᠣᠯᠭ᠎ᠠ 125283.59 ᠲᠦᠮᠡᠨ ᠲᠥᠭᠦᠷᠢᠭ ᠪᠠᠶᠢᠵᠤ᠂ ᠠᠵᠤ ᠠᠬᠤᠶᠢᠯᠠᠯ ᠤᠨ ᠨᠢᠭᠡᠴᠢ ᠶᠢᠨ ᠶᠡᠷᠦᠩᠬᠡᠢ ᠣᠷᠣᠯᠭ᠎ᠠ 25085.39 ᠲᠦᠮᠡᠨ ᠲᠥᠭᠦᠷᠢᠭ ᠪᠠᠶᠢᠪᠠ᠃  ︵ᠬᠤᠶᠠᠷ︶ ᠷᠠᠳᠢᠤ᠋ ᠲᠧᠯᠸᠢᠰ ᠪᠠ ᠲᠣᠣᠷ ᠰᠦᠯᠵᠢᠶ᠎ᠡ ᠶᠢᠨ ᠦᠵᠡᠵᠦ ᠰᠤᠨᠣᠰᠬᠤ ᠶᠢᠨ ᠪᠤᠲᠠᠲᠠᠢ ᠡᠭᠦᠳᠦᠭᠰᠡᠨ ᠣᠷᠤᠯᠭ᠎ᠠ ᠶᠢᠨ ᠪᠠᠶᠢᠳᠠᠯ  2022 ᠣᠨ ᠤ ᠨᠢᠭᠡᠳᠦᠭᠡᠷ ᠤᠯᠠᠷᠢᠯ ᠤᠨ ᠪᠣᠳᠠᠲᠠᠶ ᠡᠭᠦᠳᠦᠭᠰᠡᠨ ᠣᠷᠣᠯᠭ᠎ᠠ 29848.55 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14.85% ᠪᠠᠷ ᠨᠡᠮᠡᠭᠳᠡᠪᠡ᠃ ᠨᠢᠭᠡ ᠳᠤ᠂ ᠵᠠᠷ ᠮᠡᠳᠡᠭᠡ ᠶᠢᠨ ᠣᠷᠤᠯᠭ᠎ᠠ ᠡᠳᠦᠶ ᠲᠡᠳᠦᠶ ᠳᠡᠭᠡᠭᠰᠢᠯᠡᠪᠡ᠃ ᠵᠠᠷ ᠮᠡᠳᠡᠭᠡᠨ ᠤ ᠣᠷᠣᠯᠭ᠎ᠠ 4327.48 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.17 % ᠪᠠᠷ ᠨᠡᠮᠡᠭᠳᠡᠪᠡ᠃ ᠡᠭᠦᠨ ᠳᠤ᠂ ᠷᠠᠳᠢᠣ᠋ ᠨᠡᠪᠲᠡᠷᠡᠭᠦᠯᠭᠡ ᠶᠢᠨ ᠵᠠᠷ ᠮᠡᠳᠡᠭᠡᠨ ᠤ ᠣᠷᠣᠯᠭ᠎ᠠ 1461.83 ᠲᠦᠮᠡᠨ ᠲᠥᠭᠦᠷᠢᠭ ᠪᠠᠶᠢᠵᠤ᠂ ᠲᠧᠯᠸᠢᠰ ᠤᠨ ᠵᠠᠷ ᠮᠡᠳᠡᠭᠡᠨ ᠤ ᠣᠷᠣᠯᠭ᠎ᠠ 2687.07 ᠲᠦᠮᠡᠨ ᠲᠥᠭᠦᠷᠢᠭ ᠪᠠᠶᠢᠵᠤ᠂ ᠰᠦᠯᠵᠢᠶᠡᠨ ᠤ ᠵᠠᠭᠤᠴᠢᠯᠠᠭᠤᠷ ᠤᠨ ᠵᠠᠷ ᠮᠡᠳᠡᠭᠡᠨ ᠤ ᠣᠷᠣᠯᠭ᠎ᠠ ᠪᠠ ᠪᠤᠰᠤᠳ ᠵᠠᠷ ᠮᠡᠳᠡᠭᠡᠨ ᠤ ᠣᠷᠣᠯᠭ᠎ᠠ ᠨᠡᠶᠢᠲᠡ 178.58 ᠲᠦᠮᠡᠨ ᠲᠥᠭᠦᠷᠢᠭ ᠪᠤᠯᠤᠨ᠎ᠠ᠃ ᠬᠤᠶᠠᠷ ᠲᠤ᠂ ᠤᠲᠠᠰᠤᠲᠤ ᠲᠧᠯᠸᠢᠰ ᠤᠨ ᠰᠦᠯᠵᠢᠶᠡᠨ ᠤ ᠣᠷᠣᠯᠭ᠎ᠠ ᠵᠢᠭᠠᠬᠠᠨ ᠨᠡᠮᠡᠭᠳᠡᠪᠡ᠃ ᠤᠲᠠᠰᠤᠲᠤ ᠲᠧᠯᠸᠢᠰ ᠤᠨ ᠰᠦᠯᠵᠢᠶᠡᠨ ᠤ ᠣᠷᠣᠯᠭ᠎ᠠ 21408.02 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.45% ᠪᠠᠷ ᠨᠡᠮᠡᠭᠳᠡᠪᠡ᠃ ᠡᠭᠦᠨ ᠳᠤ᠂ ᠤᠲᠠᠰᠤᠲᠤ ᠲᠧᠯᠸᠢᠰ ᠤᠨ ᠬᠤᠷᠢᠶᠠᠭᠰᠠᠨ ᠬᠠᠮᠠᠭᠠᠯᠠᠯᠲᠠ ᠶᠢᠨ ᠰᠦᠢᠳᠬᠡᠯ 12164.57 ᠲᠦᠮᠡᠨ ᠲᠥᠭᠦᠷᠢᠭ ᠪᠠᠶᠢᠵᠤ᠂ ᠨᠡᠮᠡᠭᠳᠡᠯ ᠥᠷᠲᠡᠭ ᠤᠨ ᠲᠤᠬᠠᠶᠢᠯᠠᠭᠰᠠᠨ ᠠᠵᠢᠯ ᠤᠨ ᠣᠷᠣᠯᠭ᠎ᠠ 2568.37 ᠲᠦᠮᠡᠨ ᠲᠥᠭᠦᠷᠢᠭ ᠪᠠᠶᠢᠪᠠ᠃ ᠭᠤᠷᠪᠠ ᠳᠤ᠂ ᠰᠢᠨ᠎ᠡ ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠤᠨ ᠣᠷᠣᠯᠭ᠎ᠠ 1262.35 ᠲᠦᠮᠡᠨ ᠲᠥᠭᠦᠷᠢᠭ ᠪᠣᠯᠣᠨ᠎ᠠ᠃  ᠬᠤᠶᠠᠷ᠂ ᠷᠠᠳᠢᠣ᠋ ᠲᠧᠯᠸᠢᠰ ᠤᠨ ᠫᠷᠤᠭ᠍ᠷᠠᠮ ᠤᠨ ᠨᠡᠪᠳᠡᠷᠡᠭᠦᠯᠭᠡ ᠶᠢᠨ ᠪᠠᠶᠢᠳᠠᠯ  ︵ᠨᠢᠭᠡ︶ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠬᠠᠭᠤᠯᠭ᠎ᠠ ᠶᠢ ᠯᠠᠪᠳᠠᠭᠤᠨ ᠪᠠᠲᠤᠲᠠᠢ ᠠᠬᠢᠭᠤᠯᠪᠠ  ᠲᠤᠰ ᠵᠢᠯ ᠤᠨ ᠨᠢᠭᠡᠳᠦᠭᠡᠷ ᠤᠯᠠᠷᠢᠯ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠬᠠᠭᠤᠯᠭ᠎ᠠ ᠶᠢᠨ ᠨᠡᠪᠲᠡᠷᠡᠭᠦᠯᠦᠭᠰᠡᠨ ᠴᠠᠭ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠣᠬᠢᠬᠤ ᠬᠡᠮᠵᠢᠶ᠎ᠡ ᠪᠠᠷ ᠨᠡᠮᠡᠭᠳᠡᠵᠡᠢ᠃ ᠪᠥᠬᠦ ᠣᠷᠣᠨ ᠤ ᠷᠠᠳᠢᠣ᠋ ᠨᠡᠪᠲᠡᠷᠡᠭᠦᠯᠭᠡ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠨᠡᠪᠲᠡᠷᠡᠭᠦᠯᠦᠭᠰᠡᠨ ᠴᠠᠭ ᠨᠢ 5076.30 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ8.66% ᠪᠠᠷ ᠨᠡᠮᠡᠭᠳᠡᠪᠡ᠃ ᠪᠦᠬᠦ ᠣᠷᠣᠨ ᠤ ᠲᠧᠯᠸᠢᠰ ᠨᠡᠪᠲᠡᠷᠡᠭᠦᠯᠭᠡ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠨᠡᠪᠲᠡᠷᠡᠭᠦᠯᠦᠭᠰᠡᠨ ᠴᠠᠭ ᠨᠢ 7359.95 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.16% ᠪᠠᠷ ᠨᠡᠮᠡᠭᠳᠡᠪᠡ᠃  ︵ᠬᠤᠶᠠᠷ︶ ᠪᠠᠭᠠᠴᠤᠳ ᠬᠡᠦᠬᠡᠳ ᠤᠨ ᠫᠷᠦᠭᠷᠠᠮ ᠤᠨ ᠨᠡᠪᠲᠡᠷᠡᠭᠦᠯᠦᠭᠰᠡᠨ ᠴᠠᠭ  ᠪᠥᠬᠦ ᠣᠷᠣᠨ ᠤ ᠷᠠᠳᠢᠣ᠋ ᠨᠡᠪᠲᠡᠷᠡᠭᠦᠯᠭᠡ ᠶᠢᠨ ᠪᠠᠭᠠᠴᠤᠳ ᠬᠡᠤᠬᠡᠳ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 3052.88 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.19 % ᠪᠠᠷ ᠪᠠᠭᠤᠷᠠᠪᠠ᠃ ᠪᠦᠬᠦ ᠣᠷᠣᠨ ᠤ ᠲᠧᠯᠸᠢᠰ ᠨᠡᠪᠲᠡᠷᠡᠭᠦᠯᠭᠡ ᠶᠢᠨ ᠪᠠᠭᠠᠴᠤᠳ ᠬᠡᠦᠬᠡᠳ ᠤᠨ ᠫᠷᠣᠭ᠍ᠷᠠᠮ ᠤᠨ ᠨᠡᠪᠲᠡᠷᠡᠭᠦᠯᠦᠭᠰᠡᠨ ᠴᠠᠭ ᠨᠢ 6064.63 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.09% ᠪᠠᠷ ᠨᠡᠮᠡᠭᠳᠡᠪᠡ᠃  ︵ᠭᠤᠷᠪᠠ︶ ᠲᠠᠷᠢᠶᠠᠯᠠᠩ ᠤᠨ ᠫᠷᠣᠭ᠍ᠷᠠᠮ ᠤᠨ ᠨᠡᠪᠲᠡᠷᠡᠭᠦᠯᠦᠭᠰᠡᠨ ᠴᠠᠭ  ᠪᠥᠬᠦ ᠣᠷᠣᠨ ᠤ ᠷᠠᠳᠢᠣ᠋ ᠨᠡᠪᠲᠡᠷᠡᠭᠦᠯᠭᠡ ᠶᠢᠨ ᠲᠠᠷᠢᠶᠠᠯᠠᠩ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 60041.83 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.09% ᠪᠠᠷ ᠨᠡᠮᠡᠭᠳᠡᠪᠡ᠃ ᠪᠦᠬᠦ ᠣᠷᠣᠨ ᠤ ᠲᠧᠯᠸᠢᠰ ᠨᠡᠪᠲᠡᠷᠡᠭᠦᠯᠭᠡ ᠶᠢᠨ ᠲᠠᠷᠢᠶᠠᠯᠠᠩ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠨᠢ 59082 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠪᠡ᠃  ︵ᠲᠦᠷᠪᠡ︶ ᠪᠠᠷᠢᠮᠲᠠᠲᠤ ᠺᠢᠨᠣ᠋ ᠶᠢᠨ ᠨᠡᠪᠲᠡᠷᠡᠭᠦᠯᠦᠭᠰᠡᠨ ᠴᠠᠭ  ᠴᠠᠭ ᠦᠶ᠎ᠡ ᠶᠢᠨ ᠰᠠᠭᠤᠭᠳᠠᠯ ᠨᠢ ᠢᠯᠡ ᠲᠣᠳᠣ᠂ ᠦᠨᠳᠦᠰᠦᠲᠡᠨ ᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠰᠢᠯᠢᠳᠡᠭ ᠪᠠᠷᠢᠮᠲᠠᠲᠤ ᠺᠢᠨᠣ᠋ ᠶᠢ ᠭᠠᠷᠭᠠᠪᠠ᠃ ᠪᠦᠬᠦ ᠣᠷᠣᠨ ᠤ ᠡᠯ᠎ᠡ ᠱᠠᠲᠤᠨ ᠤ ᠨᠡᠪᠲᠡᠷᠡᠭᠦᠯᠬᠦ ᠪᠠᠶᠢᠭᠤᠯᠤᠮᠵᠢ ᠶᠢᠨ ᠪᠠᠷᠢᠮᠲᠠᠲᠤ ᠺᠢᠨᠣ᠋ ᠶᠢᠨ ᠨᠡᠪᠲᠡᠷᠡᠭᠦᠯᠦᠭᠰᠡᠨ ᠴᠠᠭ ᠨᠢ 5985.18 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.05% ᠪᠠᠷ ᠨᠡᠮᠡᠭᠳᠡᠪᠡ᠃  ︵ᠲᠠᠪᠤ︶ ᠲᠧᠯᠸᠢᠰ ᠤᠨ ᠺᠠᠷᠲ᠋ᠣᠨ ᠵᠢᠷᠤᠭ ᠤᠨ ᠨᠡᠪᠲᠡᠷᠡᠭᠦᠯᠦᠭᠰᠡᠨ ᠴᠠᠭ  ᠪᠦᠬᠦ ᠣᠷᠣᠨ ᠤ ᠡᠯ᠎ᠡ ᠱᠠᠲᠤᠨ ᠤ ᠨᠡᠪᠲᠡᠷᠡᠭᠦᠯᠬᠦ ᠪᠠᠶᠢᠭᠤᠯᠤᠮᠵᠢ ᠶᠢᠨ ᠺᠠᠷᠲ᠋ᠣᠨ ᠵᠢᠷᠤᠭ ᠤᠨ ᠨᠡᠪᠲᠡᠷᠡᠭᠦᠯᠦᠭᠰᠡᠨ ᠴᠠᠭ ᠨᠢ 4496.45 ᠴᠠᠭ ᠪᠠᠶᠢᠵᠤ᠂ 5.22% ᠢᠶᠠᠷ ᠪᠠᠭᠤᠷᠠᠪᠠ᠃  ᠭᠤᠷᠪᠠ᠂ ᠤᠲᠠᠰᠤᠲᠤ ᠲᠧᠯᠸᠢᠰ ᠤᠨ ᠬᠡᠷᠡᠭᠯᠡᠭᠴᠢ ᠶᠢᠨ ᠪᠠᠶᠢᠳᠠᠯ  2023 ᠣᠨ ᠤ ᠨᠢᠭᠡᠳᠦᠭᠡᠷ ᠤᠯᠠᠷᠢᠯ ᠳᠤ ᠪᠥᠬᠦ ᠣᠷᠣᠨ ᠤ ᠤᠲᠠᠰᠤᠲᠤ ᠲᠧᠯᠸᠢᠰ ᠤᠨ ᠪᠦᠷᠬᠦᠭᠰᠡᠨ ᠬᠡᠷᠡᠭᠯᠡᠭᠴᠢ ᠶᠢᠨ ᠲᠤᠭ᠎ᠠ 358.53 ᠲᠦᠮᠡᠨ ᠡᠷᠦᠬᠡ ᠪᠠᠶᠢᠵᠤ᠂ ᠤᠲᠠᠰᠤᠲᠤ ᠲᠧᠯᠸᠢᠰ ᠤᠨ ᠪᠣᠳᠠᠲᠠᠶ  ᠬᠡᠷᠡᠭᠯᠡᠭᠴᠢ ᠶᠢᠨ ᠲᠤᠭ᠎ᠠ 248.12 ᠲᠦᠮᠡᠨ ᠡᠷᠦᠬᠡ ᠪᠠᠶᠢᠵᠤ᠂ ᠤᠲᠠᠰᠤᠲᠤ ᠲᠧᠯᠸᠢᠰ ᠤᠨ ᠰᠦᠢᠳᠬᠡᠯ ᠲᠤᠰᠢᠶᠠᠭᠰᠠᠨ ᠬᠡᠷᠡᠭᠯᠡᠭᠴᠢ ᠶᠢᠨ ᠲᠤᠭ᠎ᠠ 179.86 ᠲᠦᠮᠡᠨ ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.48% ᠪᠠᠷ ᠪᠠᠭᠤᠷᠠᠪᠠ᠃ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ