| | | | | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠶᠡᠷᠦᠩᠬᠡᠢ ᠲᠣᠪᠴᠢᠶ᠎ᠠ ᠶᠢᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠨᠢᠭᠡᠴᠢ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠠᠯᠪᠠᠨ ᠲᠢᠩᠬᠢᠮ᠂ ᠺᠢᠨᠣ᠋ ᠰᠤᠪᠠᠭ ᠤᠨ ᠫᠷᠣᠭ᠍ᠷᠠᠮ ᠤᠨ ᠲᠥᠪ᠂ ᠳᠤᠮᠳᠠᠳᠤ | ᠤᠯᠤᠰ ᠤᠨ ᠰᠤᠷᠭᠠᠨ ᠬᠥᠮᠦᠵᠢᠯ ᠤᠨ ᠲᠧᠯᠸᠢᠰ ᠬᠤᠷᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄ | ᠷᠠᠳᠢᠣ᠋ ᠲᠧᠯᠸᠢᠰ ᠤᠨ ᠲᠤᠨᠤᠭ ᠲᠥᠬᠦᠭᠡᠷᠦᠮᠵᠢ ᠶᠢ ᠰᠦᠯᠵᠢᠶᠡᠨ ᠳᠤ ᠣᠷᠣᠭᠤᠯᠬᠤ ᠶᠢ ᠲᠣᠭᠲᠠᠭᠠᠬᠤ ᠬᠠᠮᠢᠶᠠᠷᠤᠯᠲᠠ ᠶᠢ ᠵᠢᠷᠤᠮᠵᠢᠭᠤᠯᠬᠤ᠂ ᠰᠢᠨᠵᠢᠯᠡᠬᠦ | ᠤᠬᠠᠭᠠᠨᠴᠢᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠷᠠᠳᠢᠣ᠋ ᠲᠧᠯᠸᠢᠰ ᠪᠠ ᠰᠦᠯᠵᠢᠶᠡᠨ ᠤ ᠰᠢᠨᠵᠢᠯᠡᠭᠡ ᠮᠡᠷᠭᠡᠵᠢᠯ ᠤᠨ ᠬᠥᠭᠵᠢᠯᠲᠡ | ᠵᠢᠴᠢ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ︽ᠷᠠᠳᠢᠣ᠋ ᠲᠧᠯᠸᠢᠰ ᠤᠨ ᠲᠥᠬᠦᠭᠡᠷᠦᠮᠵᠢ ᠶᠢ ᠰᠦᠯᠵᠢᠶᠡᠨ ᠳᠤ ᠣᠷᠣᠭᠤᠯᠬᠤ ᠶᠢ | ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠤᠯᠤᠰ ᠷᠠᠳᠢᠣ᠋ ᠲᠧᠯᠸᠢᠰ ᠶᠡᠷᠦᠩᠬᠡᠢ ᠲᠣᠪᠴᠢᠶ᠎ᠠ ᠵᠠᠷᠯᠢᠭ 1 ᠳ᠋ᠤᠭᠡᠷ ᠲᠣᠭᠠᠲᠤ︶ ᠶᠣᠰᠣᠭᠠᠷ᠂ ᠷᠠᠳᠢᠣ᠋ ᠲᠧᠯᠸᠢᠰ ᠤᠨ | ᠶᠡᠷᠦᠩᠬᠡᠢ ᠲᠣᠪᠴᠢᠶ᠎ᠠ ᠠᠴᠠ ︽ᠷᠠᠳᠢᠣ᠋ ᠲᠧᠯᠸᠢᠰ ᠤᠨ ᠲᠥᠬᠦᠭᠡᠷᠦᠮᠵᠢ ᠶᠢ ᠰᠦᠯᠵᠢᠶᠡᠨ ᠳᠤ ᠣᠷᠣᠭᠤᠯᠬᠤ ᠶᠢ ᠲᠣᠭᠲᠠᠭᠠᠬᠤ ᠨᠡᠷ᠎ᠡ ᠲᠥᠷᠥᠯ ᠤᠨ ᠬᠦᠰᠦᠨᠦᠭᠲᠦ ︵2023 | ᠬᠡᠪᠯᠡᠯ︶︾ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠳᠦᠭᠡ ᠨᠡᠶᠢᠲᠡᠯᠡᠪᠡ᠃ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | ᠡᠭᠦᠨ ᠤ ᠬᠠᠮᠲᠤ᠂ 2022 ᠣᠨ ᠤ 4 ᠳ᠋ᠤᠭᠡᠷ ᠰᠠᠷ᠎ᠠ ᠶᠢᠨ 19 ᠤ ᠡᠳᠦᠷ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠡᠶᠢᠲᠡᠯᠡᠭᠰᠡᠨ ︽ᠷᠠᠳᠢᠣ᠋ | ᠲᠧᠯᠸᠢᠰ ᠤᠨ ᠲᠥᠬᠦᠭᠡᠷᠦᠮᠵᠢ ᠶᠢ ᠰᠦᠯᠵᠢᠶᠡᠨ ᠳᠤ ᠣᠷᠣᠭᠤᠯᠬᠤ ᠶᠢ ᠲᠣᠭᠲᠠᠭᠠᠬᠤ ᠨᠡᠷ᠎ᠡ ᠲᠥᠷᠥᠯ ᠤᠨ ᠬᠦᠰᠦᠨᠦᠭᠲᠦ ︵2022 ᠬᠡᠪᠯᠡᠯ︶︾ ︵ᠷᠠᠳᠢᠣ᠋ ᠲᠧᠯᠸᠢᠰ | ᠲᠠᠷᠬᠠᠭᠠᠭᠰᠠᠨ ﹇2022﹈ 26 ᠳ᠋ᠤᠭᠠᠷ ᠲᠣᠭᠠᠲᠤ︶ ᠶᠢ ᠬᠦᠴᠦᠨ ᠦᠭᠡᠢ ᠪᠣᠯᠭᠠᠨ᠎ᠠ᠃ | | | |