5G ᠳᠡᠭᠡᠳᠦ ᠰᠢᠨ᠎ᠡ ᠮᠡᠷᠭᠡᠵᠢᠯ ᠤᠨ ᠸᠢᠳᠢᠤ᠋ ᠶᠢᠨ ᠰᠢᠷᠢᠰ ᠪᠠᠷᠢᠮᠵᠢᠶᠠᠳᠦ ᠰᠢᠰᠲ᠋ᠧᠮ 〔  2021 ᠬᠡᠪᠯᠡᠯ 〕 ᠢ ᠳᠠᠷᠤᠮᠠᠯᠯᠠᠨ ᠲᠠᠷᠬᠠᠭᠠᠬᠤ ᠲᠤᠬᠠᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/7/10
  ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠰᠦᠯᠵᠢᠶᠡᠨ ᠤ ᠬᠢᠵᠠᠭᠠᠷᠲᠤ ᠺᠣᠮᠫᠠᠨᠢ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠷᠠᠳᠢᠣ᠋ ᠨᠡᠪᠲᠡᠷᠡᠭᠦᠯᠭᠡ ᠶᠢᠨ ᠲᠣᠪᠴᠢᠶ᠎ᠠ᠂ ᠬᠢᠨᠠᠨ ᠬᠠᠮᠢᠶᠠᠷᠤᠯᠳᠠ ᠶᠢᠨ ᠲᠥᠪ᠂ ᠳᠠᠭᠠᠭᠤᠯᠢ ᠣᠳᠣᠨ ᠤ ᠰᠢᠭᠤᠳ ᠨᠡᠪᠲᠡᠷᠡᠭᠦᠯᠭᠡ ᠶᠢᠨ ᠲᠥᠪ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠥᠯᠦᠪᠵᠢᠭᠦᠯᠭᠡ ᠶᠢᠨ ᠬᠦᠷᠢᠶᠡᠯᠡᠩ᠂ ᠵᠢᠷᠤᠭ ᠲᠥᠯᠥᠪᠯᠡᠭᠡᠨ ᠤ ᠬᠦᠷᠢᠶᠡᠯᠡᠩ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠠᠯᠪᠠᠨ ᠲᠢᠩᠬᠢᠮ ᠂ ᠺᠢᠨᠣ᠋ ᠰᠤᠪᠠᠭ ᠤᠨ ᠫᠷᠣᠭ᠍ᠷᠠᠮ ᠤᠨ ᠲᠥᠪ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄  5G ᠳᠡᠭᠡᠳᠦ ᠰᠢᠨ᠎ᠡ ᠮᠡᠷᠭᠡᠵᠢᠯ ᠤᠨ ᠸᠢᠳᠢᠤ᠋ ᠶᠢᠨ ᠬᠦᠷᠢᠶᠡᠨ ᠳᠠᠬᠢ ᠪᠠᠷᠢᠮᠵᠢᠶ᠎ᠠ ᠶᠢᠨ ᠬᠥᠲᠥᠯᠥᠨ ᠳᠠᠭᠠᠭᠤᠯᠬᠤ ᠪᠠ ᠵᠢᠷᠤᠮᠵᠢᠭᠤᠯᠬᠤ ᠦᠢᠯᠡᠳᠦᠯ ᠢ ᠪᠠᠳᠠᠷᠠᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠠᠵᠢᠯ ᠲᠥᠷᠥᠯ ᠤᠨ ᠴᠢᠨᠠᠷ ᠰᠠᠶᠢᠲᠠᠢ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠬᠠᠷᠢᠯᠴᠠᠨ ᠦᠢᠯᠡᠳᠦᠯᠴᠡᠬᠦ ᠸᠢᠳᠢᠤ᠋᠂ ᠬᠠᠭᠤᠴᠢᠷᠠᠭᠰᠠᠨ ᠸᠢᠳᠢᠤ᠋᠂ VR ᠸᠢᠳᠢᠤ᠋ ᠪᠠ ᠡᠭᠦᠯᠡᠨ ᠲᠣᠭᠯᠠᠭᠠᠮ ᠵᠡᠷᠭᠡ ᠳᠥᠷᠪᠡᠨ ᠵᠦᠢᠯ ᠤᠨ ᠪᠠᠷᠢᠮᠵᠢᠶᠠᠲᠤ ᠰᠢᠰᠲ᠋ᠧᠮ ᠤᠨ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠵᠤ ᠲᠣᠭᠲᠠᠭᠠᠪᠠ᠃ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠣᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠪᠠᠷᠢᠮᠵᠢᠶᠠᠵᠢᠭᠤᠯᠤᠯᠳᠠ ᠶᠢᠨ ᠠᠵᠢᠯ ᠤᠨ ᠳᠤᠮᠳᠠ ᠲᠤᠭᠤᠰᠢᠯᠠᠭᠤᠯᠤᠨ ᠬᠡᠷᠡᠭᠵᠢᠭᠦᠯᠲᠦᠭᠡᠢ᠃    
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ