ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ
ᠨᠡᠶᠢᠲᠡᠯᠡᠭᠰᠡᠨ ᠴᠠᠭ᠄
2023/8/23
   ᠨᠢᠭᠡᠳᠦᠭᠡᠷ ᠵᠤᠷᠪᠤᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃  ᠬᠤᠶᠠᠳᠤᠭᠠᠷ ᠵᠤᠷᠪᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠤᠮᠵᠢ ᠪᠠᠶᠢᠵᠤ᠂ ᠲᠢᠩᠬᠢᠮ ᠤᠨ ᠲᠠᠰ ᠤᠨ ᠨᠢᠭᠡᠴᠢ ᠪᠣᠯᠤᠨ᠎ᠠ᠃  ᠭᠤᠷᠪᠠᠳᠤᠭᠠᠷ ᠵᠣᠷᠪᠤᠰ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ᠄  ︵ᠨᠢᠭᠡ︶ ᠨᠠᠮ ᠤᠨ ᠤᠬᠠᠭᠤᠯᠬᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠷᠠᠳᠢᠣ᠋ ᠲᠧᠯᠸᠢᠰ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠷᠠᠳᠢᠣ᠋ ᠲᠧᠯᠸᠢᠰ ᠤᠨ ᠵᠢᠭᠰᠠᠭᠠᠯ ᠤᠨ ᠭᠠᠵᠠᠷ᠂ ᠷᠠᠳᠢᠣ᠋ ᠲᠧᠯᠸᠢᠰ ᠤᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠵᠥᠪ ᠤᠳᠤᠷᠢᠳᠤᠮᠵᠢ ᠪᠠ ᠵᠣᠬᠢᠶᠠᠨ ᠪᠦᠲᠦᠭᠡᠬᠦ ᠤᠳᠤᠷᠢᠳᠤᠮᠵᠢ ᠶᠢ ᠡᠵᠡᠮᠳᠡᠨ᠎ᠡ᠃  ︵ᠬᠤᠶᠠᠷ︶ ᠷᠠᠳᠢᠣ᠋ ᠲᠧᠯᠸᠢᠰ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠪᠦᠬᠦ ᠣᠷᠣᠨ ᠤ ᠷᠠᠳᠢᠣ᠋ ᠲᠧᠯᠸᠢᠰ ᠤᠨ ᠬᠦᠷᠢᠶᠡᠨ ᠳᠠᠬᠢ ᠪᠠᠶᠢᠭᠤᠯᠤᠯ ᠤᠨ ᠵᠣᠬᠢᠴᠠᠮᠵᠢ ᠶᠢᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠤᠨ᠎ᠠ᠃  ︵ᠭᠤᠷᠪᠠ︶ ᠷᠠᠳᠢᠣ᠋ ᠲᠧᠯᠸᠢᠰ ᠤᠨ ᠬᠦᠷᠢᠶᠡᠨ ᠤ ᠠᠵᠢᠯ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠬᠤᠯᠠ ᠶᠡᠭᠡ ᠨᠡᠶᠢᠲᠡ ᠶᠢᠨ ᠠᠰᠠᠷᠠᠮᠵᠢ ᠶᠢᠨ ᠢᠨᠵᠧᠨᠧᠷᠢᠩ ᠪᠣᠯᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠤ᠂ ᠪᠦᠬᠦ ᠣᠷᠣᠨ ᠤ ᠷᠠᠳᠢᠣ᠋ ᠲᠧᠯᠸᠢᠰ ᠤᠨ ᠭᠤᠤᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠬᠤ ᠪᠠ ᠬᠢᠨᠠᠯᠲᠠ ᠲᠠᠯᠪᠢᠵᠤ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠷᠠᠳᠢᠣ᠋ ᠲᠧᠯᠸᠢᠰ ᠤᠨ ᠪᠦᠲᠦᠭᠡᠨ ᠪᠠᠶᠢᠭᠤᠯᠤᠯᠲᠠ ᠪᠣᠯᠤᠨ ᠬᠥᠭᠵᠢᠯᠲᠡ ᠶᠢ ᠴᠢᠩᠭᠠᠳᠬᠠᠨ ᠳᠡᠮᠵᠢᠨ᠎ᠡ᠃  ︵ᠲᠦᠷᠪᠡ︶ ᠪᠥᠬᠦ ᠣᠷᠣᠨ ᠤ ᠷᠠᠳᠢᠣ᠋ ᠲᠧᠯᠸᠢᠰ ᠤᠨ ᠬᠦᠷᠢᠶᠡᠨ ᠳᠠᠬᠢ ᠠᠵᠤ ᠦᠢᠯᠡᠰ ᠤᠨ ᠬᠥᠭᠵᠢᠯᠲᠡ ᠶᠢ ᠵᠢᠯᠤᠭᠤᠳᠬᠤ᠂ ᠵᠣᠬᠢᠴᠠᠭᠤᠯᠬᠤ᠂ ᠠᠬᠢᠭᠤᠯᠵᠤ᠂ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ︵ᠲᠠᠪᠤ︶ ᠪᠦᠬᠦ ᠣᠷᠣᠨ ᠤ ᠡᠯ᠎ᠡ ᠲᠥᠷᠥᠯ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠤᠷ ᠰᠦᠯᠵᠢᠶ᠎ᠡ ᠶᠢᠨ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠮᠢᠶᠠᠷᠤᠯᠲᠠ ᠬᠢᠨ᠎ᠡ᠃ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ᠎ᠠ᠃  ︵ᠵᠢᠷᠭᠤᠭ᠎ᠠ︶ ᠪᠦᠬᠦ ᠣᠷᠣᠨ ᠤ ᠲᠧᠯᠸᠢᠰ ᠵᠦᠴᠦᠭᠡ ᠶᠢᠨ ᠠᠵᠢᠯ ᠲᠥᠷᠥᠯ ᠤᠨ ᠬᠥᠭᠵᠢᠯᠲᠡ ᠪᠠ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠵᠢᠯᠣᠭᠤᠳᠤᠨ᠎ᠠ᠃ ᠷᠠᠳᠢᠣ᠋ ᠲᠧᠯᠸᠢᠰ ᠤᠨ ᠫᠷᠤᠭ᠍ᠷᠠᠮ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠠᠭᠤᠯᠭ᠎ᠠ ᠪᠠ ᠶᠠᠰᠤ ᠴᠢᠨᠠᠷ ᠢ ᠬᠢᠨᠠᠨ ᠬᠠᠮᠢᠶᠠᠷᠴᠤ ᠬᠢᠨᠠᠨ ᠪᠠᠶᠢᠴᠠᠭᠠᠨ᠎ᠠ᠃ ᠷᠠᠳᠢᠣ᠋ ᠲᠧᠯᠸᠢᠰ ᠤᠨ ᠵᠠᠷ ᠮᠡᠳᠡᠭᠡᠨ ᠤ ᠨᠡᠪᠲᠡᠷᠡᠭᠦᠯᠭᠡ ᠶᠢ ᠵᠢᠯᠣᠭᠤᠳᠤᠨ ᠬᠢᠨᠠᠨ ᠬᠠᠮᠢᠶᠠᠷᠤᠨ᠎ᠠ᠃  ︵ᠳᠤᠯᠤᠭ᠎ᠠ︶ ᠪᠥᠬᠦ ᠣᠷᠣᠨ ᠤ ᠴᠢᠨᠠᠷᠲᠠᠶ ᠷᠠᠳᠢᠣ᠋ ᠲᠧᠯᠸᠢᠰ ᠤᠨ ᠭᠤᠤᠯ ᠰᠡᠳᠦᠪᠲᠦ ᠤᠬᠠᠭᠤᠯᠭ᠎ᠠ᠂ ᠲᠤᠰᠬᠠᠶ ᠰᠡᠳᠦᠪᠲᠦ ᠤᠬᠠᠭᠤᠯᠭ᠎ᠠ ᠪᠠ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠢᠯᠣᠭᠤᠳᠤᠨ ᠵᠣᠬᠢᠴᠠᠭᠤᠯᠵᠤ᠂ ᠪᠥᠬᠦ ᠣᠷᠣᠨ ᠤ ᠷᠠᠳᠢᠣ᠋ ᠲᠧᠯᠸᠢᠰ ᠤᠨ ᠫᠷᠤᠭ᠍ᠷᠠᠮ ᠢ ᠬᠢᠨᠠᠨ ᠰᠣᠨᠣᠰᠴᠤ ᠬᠢᠨᠠᠨ ᠦᠵᠡᠵᠦ᠂ ᠷᠠᠳᠢᠣ᠋ ᠲᠧᠯᠸᠢᠰ ᠤᠨ ᠫᠷᠤᠭ᠍ᠷᠠᠮ ᠢ ᠦᠨᠡᠯᠡᠬᠦ ᠠᠵᠢᠯ ᠢ ᠵᠢᠯᠣᠭᠤᠳᠤᠨ ᠬᠡᠷᠡᠭᠵᠢᠭᠦᠯᠦᠨ᠎ᠡ᠃  ︵ᠨᠠᠢᠮᠠ︶ ᠪᠥᠬᠦ ᠣᠷᠣᠨ ᠤ ᠷᠠᠳᠢᠣ᠋ ᠲᠧᠯᠸᠢᠰ ᠬᠢᠭᠡᠳ ᠰᠢᠨ᠎ᠡ ᠵᠠᠭᠤᠴᠢᠯᠠᠭᠤᠷ ᠰᠢᠨ᠎ᠡ ᠡᠵᠡᠩᠨᠡᠯᠲᠡ ᠶᠢᠨ ᠪᠠᠶᠢᠳᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠶᠢ ᠬᠠᠷᠢᠭᠤᠴᠠᠵᠤ᠂ ᠷᠠᠳᠢᠣ᠋ ᠲᠧᠯᠸᠢᠰ ᠤᠨ ᠰᠦᠯᠵᠢᠶ᠎ᠡ ᠬᠢᠭᠡᠳ ᠴᠠᠬᠢᠯᠭᠠᠨ ᠬᠤᠯᠪᠣᠭᠠᠨ ᠤ ᠰᠦᠯᠵᠢᠶ᠎ᠡ᠂ ᠢᠨᠲ᠋ᠧᠷ ᠰᠦᠯᠵᠢᠶ᠎ᠡ ᠶᠢᠨ ᠭᠤᠷᠪᠠᠨ ᠰᠦᠯᠵᠢᠶᠡᠨ ᠤ ᠠᠭᠤᠰᠤᠯᠴᠠᠯ ᠢ ᠠᠬᠢᠭᠤᠯᠤᠨ᠎ᠠ᠃  ︵ᠶᠢᠰᠦ︶ ᠪᠦᠬᠦ ᠣᠷᠣᠨ ᠤ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠨ᠎ᠠ᠃ ᠪᠥᠬᠦ ᠣᠷᠣᠨ ᠤ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠵᠤ ᠪᠦᠷᠬᠦᠭᠦᠯᠬᠦ᠂ ᠬᠢᠨᠠᠨ ᠰᠢᠨᠵᠢᠬᠦ ᠪᠠ ᠠᠮᠤᠷ ᠲᠦᠪᠰᠢᠨ ᠢᠶᠠᠷ ᠨᠡᠪᠲᠡᠷᠡᠭᠦᠯᠬᠦ ᠶᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠪᠥᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃  ︵ᠠᠷᠪᠠ︶ ᠪᠥᠬᠦ ᠣᠷᠣᠨ ᠤ ᠷᠠᠳᠢᠣ᠋ ᠲᠧᠯᠸᠢᠰ ᠤᠨ ᠰᠢᠰᠲ᠋ᠧᠮ ᠤᠨ ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠣᠷᠣᠨ ᠤ ᠷᠠᠳᠢᠣ᠋ ᠲᠧᠯᠸᠢᠰ ᠤᠨ ᠰᠢᠰᠲ᠋ᠧᠮ ᠤᠨ ᠠᠮᠤᠷ ᠲᠦᠪᠰᠢᠨ ᠨᠡᠪᠲᠡᠷᠡᠭᠦᠯᠬᠦ᠂ ᠭᠡᠨᠡᠳᠲᠡ ᠶᠢᠨ ᠬᠡᠷᠡᠭ ᠢ ᠰᠡᠷᠭᠡᠶᠢᠯᠡᠨ ᠰᠢᠢᠳᠪᠦᠷᠢᠯᠡᠬᠦ ᠪᠠ ᠬᠠᠮᠠᠭᠠᠯᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠪᠥᠬᠦ ᠣᠷᠣᠨ ᠤ ᠷᠠᠳᠢᠣ᠋ ᠲᠧᠯᠸᠢᠰ ᠤᠨ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯᠭᠦᠢ ᠦᠢᠯᠡᠳᠪᠦᠷᠢᠯᠡᠯ ᠤᠨ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠨ᠎ᠠ᠃  ︵ᠠᠷᠪᠠᠨ ᠨᠢᠭᠡ︶ ᠷᠠᠳᠢᠣ᠋ ᠲᠧᠯᠸᠢᠰ ᠤᠨ ᠭᠠᠳᠠᠭᠰᠢ ᠳᠠᠮᠵᠢᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠷᠠᠳᠢᠣ᠋ ᠲᠧᠯᠸᠢᠰ ᠤᠨ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠭᠠᠳᠠᠭᠠᠳᠤ ᠢᠯᠠᠩᠭᠤᠶ᠎ᠠ ᠣᠷᠣᠰ᠂ ᠮᠣᠩᠭᠤᠯ ᠤᠯᠤᠰ ᠲᠠᠢ ᠰᠣᠯᠢᠯᠴᠠᠭ᠎ᠠ ᠪᠠ ᠬᠠᠮᠵᠢᠯᠴᠠᠭ᠎ᠠ ᠶᠢ ᠥᠷᠨᠢᠭᠦᠯᠵᠦ᠂ ᠷᠠᠳᠢᠣ᠋ ᠲᠧᠯᠸᠢᠰ ᠤᠨ ᠬᠦᠷᠢᠶᠡᠨ ᠤ ᠭᠠᠳᠠᠭᠰᠢ ᠭᠠᠷᠭᠠᠬᠤ ᠠᠵᠢᠯ ᠢ ᠵᠣᠬᠢᠴᠠᠭᠤᠯᠤᠨ ᠠᠬᠢᠭᠤᠯᠵᠤ᠂ ᠪᠦᠬᠦ ᠣᠷᠣᠨ ᠤ ᠷᠠᠳᠢᠣ᠋ ᠲᠧᠯᠸᠢᠰ ᠤᠨ ᠫᠷᠤᠭ᠍ᠷᠠᠮ ᠢ ᠭᠠᠳᠠᠭᠠᠳᠤ ᠠᠴᠠ ᠣᠷᠣᠭᠤᠯᠬᠤ᠂ ᠰᠢᠩᠭᠡᠭᠡᠨ ᠠᠪᠬᠤ ᠪᠠ ᠬᠠᠮᠢᠶᠠᠷᠬᠤ ᠶᠢ ᠬᠠᠷᠢᠭᠤᠴᠠᠨ᠎ᠠ᠃  ︵ᠠᠷᠪᠠᠨ ᠬᠤᠶᠠᠷ︶ ᠪᠦᠬᠦ ᠣᠷᠣᠨ ᠤ ᠷᠠᠳᠢᠣ᠋ ᠲᠧᠯᠸᠢᠰ᠂ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃  ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  ᠳᠦᠷᠪᠡᠳᠦᠭᠡᠷ ᠵᠣᠷᠪᠤᠰ᠂ ᠥᠪᠡᠷᠳᠡᠭᠡᠨ ᠵᠠᠰᠠᠬᠤ ᠣᠷᠣᠨ ᠤ ᠷᠠᠳᠢᠤ᠋ ᠲᠧᠯᠸᠢᠰ ᠤᠨ ᠲᠣᠪᠴᠢᠶ᠎ᠠ ᠶᠢᠨ ᠳᠣᠣᠷ᠎ᠠ ᠪᠠᠨ ᠲᠣᠬᠢᠷᠠᠭᠤᠯᠤᠭᠰᠠᠨ ᠳᠣᠲᠣᠭᠠᠳᠤ ᠶᠢᠨ ᠪᠠᠶᠢᠭᠤᠯᠣᠮᠵᠢ  ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠥᠭᠡᠯᠡᠨ ᠲᠣᠨᠤᠭ ᠢ ᠵᠢᠩᠬᠢᠨᠢ ᠬᠡᠪᠯᠡᠯ ᠪᠣᠯᠭᠠᠬᠤ᠂ ᠰᠣᠨᠢᠨ ᠮᠡᠳᠡᠭᠡ ᠨᠡᠶᠢᠲᠡᠯᠡᠬᠦ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠪᠠᠶᠢᠭᠤᠯᠭ᠎ᠠ ᠶᠢᠨ ᠠᠮᠤᠷ ᠲᠦᠪᠰᠢᠨ ᠢ ᠬᠠᠮᠠᠭᠠᠯᠠᠬᠤ᠂ ᠰᠠᠨᠠᠭᠤᠯᠭ᠎ᠠ ᠳᠤᠷᠠᠳᠤᠯᠭ᠎ᠠ ᠶᠢ ᠭᠦᠢᠴᠡᠳᠬᠡᠬᠦ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠠᠵᠢᠯ ᠢ ᠡᠭᠦᠷᠭᠡᠯᠡᠵᠦ᠂ ᠭᠠᠳᠠᠭᠠᠳᠤ ᠲᠠᠢ ᠰᠣᠯᠢᠯᠴᠠᠭ᠎ᠠ ᠬᠠᠮᠲᠤᠷᠠᠯᠴᠠᠭ᠎ᠠ ᠬᠢᠬᠦ ᠵᠡᠷᠭᠡ ᠠᠵᠢᠯ ᠢ ᠬᠠᠷᠢᠭᠤᠴᠠᠨ᠎ᠠ᠃  ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠷᠠᠳᠢᠣ᠋ ᠲᠧᠯᠸᠢᠰ ᠤᠨ ᠨᠠᠶᠢᠷᠠᠭᠤᠯᠤᠭᠴᠢ ᠰᠤᠷᠪᠤᠯᠵᠢᠯᠠᠭᠴᠢ᠂ ᠨᠡᠪᠲᠡᠷᠡᠭᠦᠯᠦᠭᠴᠢ ᠬᠥᠲᠥᠯᠥᠭᠴᠢ ᠶᠢᠨ ᠡᠷᠬᠢᠯᠡᠭᠰᠡᠨ ᠠᠵᠢᠯ ᠤᠨ ᠬᠢᠷᠢ ᠬᠡᠮ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠡᠷᠬᠢᠯᠡᠭᠰᠡᠳ ᠤᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃  ︵ᠭᠤᠷᠪᠠ︶ ᠲᠦᠯᠦᠪᠵᠢᠭᠦᠯᠭᠡ ᠡᠳ᠋ ᠤᠨ ᠶᠠᠪᠤᠳᠠᠯ ᠤᠨ ᠭᠠᠵᠠᠷ᠃ ᠪᠦᠬᠦ ᠣᠷᠣᠨ ᠤ ᠷᠠᠳᠢᠣ᠋ ᠲᠧᠯᠸᠢᠰ ᠤᠨ ᠦᠢᠯᠡᠰ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠲᠥᠰᠦᠪ ᠪᠠ ᠲᠥᠰᠦᠪ ᠤᠨ ᠭᠦᠢᠴᠡᠳᠭᠡᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠴᠢ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃ ᠷᠠᠳᠢᠣ᠋ ᠲᠧᠯᠸᠢᠰ ᠤᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ᠃  ︵ᠲᠦᠷᠪᠡ︶ ᠤᠬᠠᠭᠤᠯᠭ᠎ᠠ ᠶᠢᠨ ᠭᠠᠵᠠᠷ᠃ ᠪᠥᠬᠦ ᠣᠷᠣᠨ ᠤ ᠴᠢᠨᠠᠷᠲᠠᠶ ᠷᠠᠳᠢᠣ᠋ ᠲᠧᠯᠸᠢᠰ ᠤᠨ ᠭᠤᠤᠯ ᠰᠡᠳᠦᠪᠲᠦ ᠤᠬᠠᠭᠤᠯᠭ᠎ᠠ᠂ ᠲᠤᠰᠬᠠᠶ ᠰᠡᠳᠦᠪᠲᠦ ᠤᠬᠠᠭᠤᠯᠭ᠎ᠠ ᠪᠠ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠵᠢᠴᠢ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠮᠡᠳᠡᠭᠡᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠨᠡᠪᠲᠡᠷᠡᠭᠦᠯᠭᠡ ᠶᠢ ᠵᠢᠯᠣᠭᠤᠳᠤᠨ ᠵᠣᠬᠢᠴᠠᠭᠤᠯᠤᠨ᠎ᠠ᠃ ᠪᠦᠬᠦ ᠣᠷᠣᠨ ᠤ ᠷᠠᠳᠢᠣ᠋ ᠲᠧᠯᠸᠢᠰ ᠤᠨ ᠫᠷᠤᠭ᠍ᠷᠠᠮ ᠤᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠵᠢᠯᠣᠭᠤᠳᠴᠤ᠂ ᠪᠦᠬᠦ ᠣᠷᠣᠨ ᠤ ᠷᠠᠳᠢᠣ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠦᠬᠦ ᠣᠷᠣᠨ ᠤ ᠴᠢᠬᠤᠯᠠ ᠶᠡᠭᠡ ᠣᠨᠣᠯ ᠤᠨ ᠰᠤᠷᠪᠤᠯᠵᠢ ᠪᠢᠴᠢᠭ ᠤᠨ ᠹᠢᠯᠢᠮ᠂ ᠪᠠᠷᠢᠮᠲᠠᠲᠤ ᠹᠢᠯᠢᠮ᠂ ᠲᠧᠯᠸᠢᠰ ᠤᠨ ᠺᠠᠷᠲ᠋ᠣᠨ ᠹᠢᠯᠢᠮ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠪᠠ ᠨᠡᠪᠲᠡᠷᠡᠭᠦᠯᠬᠦ ᠶᠢ ᠵᠢᠯᠣᠭᠤᠳᠤᠨ ᠬᠢᠨᠠᠨ ᠬᠠᠮᠢᠶᠠᠷᠤᠨ᠎ᠠ᠃ ᠪᠦᠬᠦ ᠣᠷᠣᠨ ᠤ ᠷᠠᠳᠢᠣ᠋ ᠲᠧᠯᠸᠢᠰ ᠤᠨ ᠨᠡᠪᠲᠡᠷᠡᠭᠦᠯᠬᠦ ᠠᠭᠤᠯᠭ᠎ᠠ ᠶᠢᠨ ᠵᠥᠪ ᠤᠳᠤᠷᠢᠳᠤᠮᠵᠢ ᠪᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠢᠨᠠᠨ ᠬᠠᠮᠢᠶᠠᠷᠤᠨ᠎ᠠ᠃  ︵ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ᠃ ᠪᠦᠬᠦ ᠣᠷᠣᠨ ᠤ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ ᠶᠢ ᠵᠣᠬᠢᠴᠠᠭᠤᠯᠤᠨ ᠠᠬᠢᠭᠤᠯᠤᠨ᠎ᠠ᠃ ᠪᠦᠬᠦ ᠣᠷᠣᠨ ᠤ ᠷᠠᠳᠢᠣ᠋ ᠲᠧᠯᠸᠢᠰ ᠤᠨ ᠮᠡᠷᠭᠡᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠷᠠᠳᠢᠣ᠋ ᠲᠧᠯᠸᠢᠰ ᠤᠨ ᠮᠡᠷᠭᠡᠵᠢᠯ ᠤᠨ ᠬᠡᠮᠵᠢᠯᠲᠡ ᠶᠢ ᠪᠠᠶᠢᠴᠠᠭᠠᠨ ᠬᠡᠮᠵᠢᠬᠦ ᠪᠠ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠵᠦ ᠤᠯᠠᠷᠢᠭᠤᠯᠬᠤ ᠠᠵᠢᠯ ᠢ ᠵᠢᠯᠣᠭᠤᠳᠤᠨ᠎ᠠ᠃  ︵ᠵᠢᠷᠭᠤᠭ᠎ᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠃ ᠪᠦᠬᠦ ᠣᠷᠣᠨ ᠤ ᠷᠠᠳᠢᠣ᠋ ᠲᠧᠯᠸᠢᠰ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡ ᠬᠠᠮᠢᠶᠠᠷᠤᠯᠲᠠ ᠶᠢᠨ ᠴᠢᠬᠤᠯᠠ ᠶᠡᠭᠡ ᠲᠦᠷᠦ ᠶᠢᠨ ᠪᠤᠳᠤᠯᠭ᠎ᠠ᠂ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠲᠥᠰᠦᠯ ᠢ ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠴᠢᠬᠤᠯᠠ ᠶᠡᠭᠡ ᠪᠠᠶᠢᠴᠠᠭᠠᠨ ᠰᠤᠳᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠵᠢᠯᠣᠭᠤᠳᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠪᠥᠬᠦ ᠣᠷᠣᠨ ᠤ ᠷᠠᠳᠢᠣ᠋ ᠲᠧᠯᠸᠢᠰ ᠤᠨ ᠰᠢᠰᠲ᠋ᠧᠮ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠠᠬᠢᠭᠤᠯᠤᠨ᠎ᠠ᠃ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠰᠢᠢᠳᠬᠡᠯ ᠤᠨ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠬᠡᠷᠡᠭ ᠶᠠᠪᠤᠳᠠᠯ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠤᠯᠪᠤᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠲᠥᠷᠥ ᠶᠢᠨ ᠪᠣᠳᠣᠯᠭ᠎ᠠ ᠶᠢ ᠰᠤᠳᠤᠯᠬᠤ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃  ︵ᠳᠣᠯᠤᠭ᠎ᠠ︶ ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ ︵ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠭᠠᠵᠠᠷ︶᠃ ᠪᠦᠬᠦ ᠣᠷᠣᠨ ᠤ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠪᠣᠯᠤᠨ ᠲᠤᠬᠠᠶᠢᠯᠠᠭᠰᠠᠨ ᠠᠵᠢᠯ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠪᠠᠶᠢᠭᠤᠯᠤᠮᠵᠢ᠂ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠤᠨ ᠬᠦᠷᠭᠡᠬᠦ᠂ ᠤᠲᠠᠰᠤᠲᠤ ᠲᠧᠯᠸᠢᠰ ᠤᠨ ᠰᠦᠶ᠋ᠳᠬᠡᠯ ᠲᠤᠰᠢᠶᠠᠬᠤ ᠰᠤᠪᠠᠭ᠂ ᠰᠢᠯᠵᠢᠮᠡᠯ ᠲᠣᠭᠠᠴᠢᠯᠠᠭᠰᠠᠨ ᠲᠧᠯᠸᠢᠰ ᠤᠨ ᠲᠤᠬᠠᠶᠢᠯᠠᠭᠰᠠᠨ ᠠᠵᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠷᠠᠳᠢᠣ᠋ ᠲᠧᠯᠸᠢᠰ ᠤᠨ ᠫᠷᠤᠭ᠍ᠷᠠᠮ ᠢ ᠦᠨᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠷᠠᠳᠢᠣ᠋ ᠲᠧᠯᠸᠢᠰ ᠤᠨ ᠵᠠᠷ ᠮᠡᠳᠡᠭᠡᠨ ᠤ ᠨᠡᠪᠲᠡᠷᠡᠭᠦᠯᠭᠡ ᠶᠢ ᠵᠢᠯᠣᠭᠤᠳᠤᠨ ᠬᠢᠨᠠᠨ ᠬᠠᠮᠢᠶᠠᠷᠤᠨ᠎ᠠ᠃ ᠷᠠᠳᠢᠣ᠋ ᠲᠧᠯᠸᠢᠰ ᠤᠨ ᠫᠷᠤᠭ᠍ᠷᠠᠮ ᠢ ᠭᠠᠳᠠᠭᠠᠳᠤ ᠠᠴᠠ ᠣᠷᠣᠭᠤᠯᠬᠤ᠂ ᠬᠤᠷᠢᠶᠠᠨ ᠰᠢᠩᠭᠡᠭᠡᠬᠦ ᠪᠠ ᠬᠠᠮᠢᠶᠠᠷᠬᠤ ᠠᠵᠢᠯ ᠢ ᠡᠭᠦᠷᠭᠡᠯᠡᠨ᠎ᠡ᠃ ᠬᠢᠯᠢ ᠶᠢᠨ ᠭᠠᠳᠠᠨᠠᠬᠢ ᠳᠠᠭᠠᠭᠤᠯᠢ ᠣᠳᠣᠨ ᠤ ᠲᠧᠯᠸᠢᠰ ᠤᠨ ᠭᠥᠯᠢᠶᠡᠨ ᠠᠪᠬᠤ ᠲᠥᠬᠦᠭᠡᠷᠦᠮᠵᠢ ᠪᠠ ᠬᠢᠯᠢ ᠶᠢᠨ ᠭᠠᠳᠠᠨᠠᠬᠢ ᠳᠠᠭᠠᠭᠤᠯᠢ ᠣᠳᠣᠨ ᠤ ᠲᠧᠯᠸᠢᠰ ᠤᠨ ᠫᠷᠤᠭ᠍ᠷᠠᠮ ᠢ ᠨᠠᠶᠢᠳᠠᠪᠤᠷᠢᠵᠢᠭᠤᠯᠬᠤ ᠪᠠ ᠭᠥᠯᠢᠶᠡᠨ ᠠᠪᠬᠤ ᠶᠢ ᠬᠢᠨᠠᠨ ᠬᠠᠮᠢᠶᠠᠷᠤᠨ᠎ᠠ᠃ ᠪᠥᠬᠦ ᠣᠷᠣᠨ ᠤ ᠷᠠᠳᠢᠣ᠋ ᠲᠧᠯᠸᠢᠰ ᠤᠨ ᠪᠠᠶᠢᠭᠤᠯᠤᠮᠵᠢ ᠶᠢ ᠵᠢᠯᠣᠭᠤᠳᠤᠨ ᠬᠠᠮ ᠵᠠᠭᠤᠴᠢᠯᠠᠭᠤᠷ ᠤᠨ ᠪᠠᠶᠢᠭᠤᠯᠤᠯᠲᠠ ᠶᠢ ᠥᠷᠨᠢᠭᠦᠯᠵᠦ᠂ ᠷᠠᠳᠢᠣ᠋ ᠲᠧᠯᠸᠢᠰ ᠬᠢᠭᠡᠳ ᠰᠢᠨ᠎ᠡ ᠵᠠᠭᠤᠴᠢᠯᠠᠭᠤᠷ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠶᠢ ᠡᠭᠦᠳᠦᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠭᠤᠷᠪᠠᠨ ᠰᠦᠯᠵᠢᠶᠡᠨ ᠤ ᠠᠭᠤᠰᠤᠯᠴᠠᠯ ᠢ ᠵᠣᠬᠢᠴᠠᠭᠤᠯᠤᠨ ᠠᠬᠢᠭᠤᠯᠤᠨ᠎ᠠ᠃  ︵ᠨᠠᠢᠮᠠ︶ ᠰᠦᠯᠵᠢᠶᠡᠨ ᠤ ᠦᠵᠡᠵᠦ ᠰᠤᠨᠤᠰᠬᠤ ᠨᠡᠪᠲᠡᠷᠡᠭᠦᠯᠭᠡ ᠶᠢᠨ ᠬᠠᠮᠢᠶᠠᠷᠤᠯᠲᠠ ᠶᠢᠨ ᠭᠠᠵᠠᠷ ︵ᠲᠧᠯᠸᠢᠰ ᠵᠦᠴᠦᠭᠡ ᠶᠢᠨ ᠭᠠᠵᠠᠷ︶᠃ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠬᠥᠭᠵᠢᠯᠲᠡ ᠪᠠ ᠤᠬᠠᠭᠤᠯᠭ᠎ᠠ ᠶᠢ ᠵᠢᠯᠣᠭᠤᠳᠤᠨ᠎ᠠ᠃ ᠮᠡᠳᠡᠭᠡ ᠵᠠᠩᠭᠢ ᠶᠢᠨ ᠲᠣᠤᠷ ᠰᠦᠯᠵᠢᠶ᠎ᠡ᠂ IPTV ᠪᠣᠯᠤᠨ ᠣᠯᠠᠨ ᠨᠡᠶᠢᠲᠡ ᠶᠢᠨ ᠠᠴᠢᠶᠠᠯᠠᠪᠤᠷᠢ ᠶᠢᠨ ᠳᠠᠮᠵᠢᠭᠤᠯᠤᠨ ᠲᠠᠷᠬᠠᠭᠠᠬᠤ ᠦᠵᠡᠵᠦ ᠰᠣᠨᠣᠰᠬᠤ ᠫᠷᠤᠭ᠍ᠷᠠᠮ ᠢ ᠬᠢᠨᠠᠨ ᠬᠠᠮᠢᠶᠠᠷᠴᠤ᠂ ᠠᠭᠤᠯᠭ᠎ᠠ ᠪᠣᠯᠤᠨ ᠶᠠᠰᠤ ᠴᠢᠨᠠᠷ ᠢ ᠨᠢ ᠬᠢᠨᠠᠨ ᠪᠠᠶᠢᠴᠠᠭᠠᠵᠤ᠂ ᠫᠷᠤᠭ᠍ᠷᠠᠮ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡ ᠶᠢ ᠬᠠᠤᠯᠢ ᠪᠤᠰᠤ ᠪᠠᠷ ᠥᠷᠨᠢᠭᠦᠯᠦᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ᠎ᠠ᠃ ᠪᠦᠬᠦ ᠣᠷᠣᠨ ᠤ ᠲᠧᠯᠸᠢᠰ ᠵᠦᠴᠦᠭᠡ ᠦᠢᠯᠡᠳᠬᠦ᠂ ᠲᠧᠯᠸᠢᠰ ᠵᠦᠴᠦᠭᠡ ᠶᠢᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠬᠤ ᠪᠠ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠤᠯᠤᠰ ᠲᠤ ᠪᠠᠨ ᠦᠢᠯᠡᠳᠪᠦᠷᠢᠯᠡᠭᠰᠡᠨ ᠲᠧᠯᠸᠢᠰ ᠵᠦᠴᠦᠭᠡ᠂ ᠣᠷᠣᠭᠤᠯᠵᠤ ᠠᠪᠴᠢᠷᠠᠭᠰᠠᠨ ᠲᠧᠯᠸᠢᠰ ᠵᠦᠴᠦᠭᠡ ᠪᠠ ᠭᠠᠳᠠᠭᠠᠳᠤ ᠲᠠᠢ ᠬᠠᠮᠲᠤᠷᠠᠨ ᠰᠡᠭᠦᠳᠡᠷᠯᠡᠭᠰᠡᠨ ᠲᠧᠯᠸᠢᠰ ᠵᠦᠴᠦᠭᠡ ︵ᠺᠠᠷᠲ᠋ᠣᠨ ᠺᠢᠨᠣ᠋ ᠶᠢ ᠪᠠᠭᠲᠠᠭᠠᠨ᠎ᠠ ︶ ᠶᠢᠨ ᠠᠭᠤᠯᠭ᠎ᠠ ᠶᠢ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ ᠪᠦᠬᠦ ᠣᠷᠣᠨ ᠤ ᠲᠧᠯᠸᠢᠰ ᠵᠦᠴᠦᠭᠡ ᠶᠢᠨ ᠨᠡᠪᠲᠡᠷᠡᠭᠦᠯᠭᠡ ᠶᠢ ᠵᠢᠯᠣᠭᠤᠳᠤᠨ ᠡᠵᠡᠮᠳᠡᠨ᠎ᠡ᠃  ︵ᠶᠢᠰᠦ︶ ᠠᠮᠤᠷ ᠲᠦᠪᠰᠢᠨ ᠢᠶᠠᠷ ᠳᠠᠮᠵᠢᠭᠤᠯᠬᠤ ᠶᠢ ᠪᠠᠲᠤᠯᠠᠬᠤ ᠭᠠᠵᠠᠷ᠃ ᠪᠦᠬᠦ ᠣᠷᠣᠨ ᠤ ᠷᠠᠳᠢᠣ᠋ ᠲᠧᠯᠸᠢᠰ ᠤᠨ ᠳᠠᠮᠵᠢᠭᠤᠯᠤᠨ ᠪᠦᠷᠬᠦᠭᠦᠯᠬᠦ ᠲᠣᠣᠷ ᠪᠠ ᠬᠢᠨᠠᠨ ᠬᠡᠮᠵᠢᠵᠦ ᠬᠢᠨᠠᠨ ᠬᠠᠮᠢᠶᠠᠷᠬᠤ ᠲᠣᠣᠷ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠷᠠᠳᠢᠣ᠋ ᠲᠧᠯᠸᠢᠰ ᠤᠨ ᠤᠲᠠᠰᠤᠲᠤ᠂ ᠤᠲᠠᠰᠤ ᠦᠭᠡᠢ᠂ ᠳᠠᠭᠠᠭᠤᠯᠢ ᠣᠳᠣᠨ ᠤ ᠳᠠᠮᠵᠢᠭᠤᠯᠤᠨ ᠪᠦᠷᠬᠦᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠷᠠᠳᠢᠣ᠋ ᠲᠧᠯᠸᠢᠰ ᠤᠨ ᠠᠮᠤᠷ ᠲᠦᠪᠰᠢᠨ ᠨᠡᠪᠲᠡᠷᠡᠭᠦᠯᠭᠡ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠷᠠᠳᠢᠣ᠋ ᠲᠧᠯᠸᠢᠰ ᠤᠨ ᠠᠮᠤᠷ ᠲᠦᠪᠰᠢᠨ ᠤ ᠨᠡᠪᠲᠡᠷᠡᠭᠦᠯᠭᠡ ᠶᠢᠨ ᠮᠡᠷᠭᠡᠵᠢᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠷᠠᠳᠢᠣ᠋ ᠲᠧᠯᠸᠢᠰ ᠤᠨ ᠰᠦᠯᠵᠢᠶᠡᠨ ᠤ ᠳᠠᠮᠵᠢᠭᠤᠯᠬᠤ ᠮᠡᠳᠡᠭᠡ ᠵᠠᠩᠭᠢ ᠶᠢᠨ ᠠᠮᠤᠷ ᠲᠦᠪᠰᠢᠨ ᠪᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠲᠣᠪᠴᠢᠶ᠎ᠠ ᠶᠢᠨ ᠬᠠᠷᠢᠶ᠎ᠠ ᠬᠤᠷᠢᠶ᠎ᠠ ᠥᠷᠲᠡᠭᠡ ᠶᠢᠨ ᠠᠮᠤᠷ ᠲᠦᠪᠰᠢᠨ ᠤ ᠨᠡᠪᠲᠡᠷᠡᠭᠦᠯᠭᠡ᠂ ᠮᠡᠷᠭᠡᠵᠢᠯ ᠤᠨ ᠬᠠᠮᠠᠭᠠᠯᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠥᠬᠦ ᠣᠷᠣᠨ ᠤ ᠷᠠᠳᠢᠣ᠋ ᠲᠧᠯᠸᠢᠰ ᠤᠨ ᠠᠮᠤᠷ ᠲᠦᠪᠰᠢᠨ ᠤ ᠨᠡᠪᠲᠡᠷᠡᠭᠦᠯᠭᠡ ᠶᠢᠨ ᠰᠦᠯᠵᠢᠶᠡᠨ ᠤ ᠠᠮᠤᠷ ᠲᠦᠪᠰᠢᠨ ᠢ ᠵᠢᠯᠣᠭᠤᠳᠤᠨ ᠬᠠᠮᠢᠶᠠᠷᠤᠨ᠎ᠠ᠃ ᠷᠠᠳᠢᠣ᠋ ᠲᠧᠯᠸᠢᠰ ᠤᠨ ᠬᠠᠮᠢᠶ᠎ᠠ ᠪᠥᠬᠦᠶ ᠠᠮᠤᠷ ᠲᠦᠪᠰᠢᠨ ᠤ ᠲᠦᠷᠢᠮ ᠪᠠ ᠬᠦᠨᠳᠦ ᠶᠡᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠷᠠᠳᠢᠣ᠋ ᠲᠧᠯᠸᠢᠰ ᠤᠨ ᠤᠲᠠᠰᠤᠲᠤ᠂ ᠤᠲᠠᠰᠤ ᠥᠬᠡᠶ ᠳᠠᠮᠵᠢᠭᠤᠯᠬᠤ ᠲᠥᠬᠦᠭᠡᠷᠦᠮᠵᠢ ᠪᠠ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ ᠵᠡᠷᠭᠡ ᠭᠤᠤᠯᠳᠠᠯᠭ᠎ᠠ ᠲᠠᠢ ᠨᠢᠭᠡᠴᠢ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ᠎ᠠ᠃  ︵ᠠᠷᠪᠠ︶ ᠣᠯᠠᠨ ᠨᠡᠶᠢᠲᠡ ᠶᠢᠨ ᠦᠢᠯᠡᠴᠢᠯᠡᠭᠡᠨ ᠤ ᠭᠠᠵᠠᠷ᠃ ᠪᠥᠬᠦ ᠣᠷᠣᠨ ᠤ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠲᠡᠩᠴᠡᠭᠦᠷᠢᠰᠢᠭᠦᠯᠬᠦ ᠶᠢ ᠵᠢᠯᠣᠭᠤᠳᠤᠨ ᠠᠬᠢᠭᠤᠯᠬᠤ ᠶᠢᠨ ᠬᠠᠮᠲᠤ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃ ᠪᠥᠬᠦ ᠣᠷᠣᠨ ᠤ ᠷᠠᠳᠢᠣ᠋ ᠲᠧᠯᠸᠢᠰ ᠢ ︽ᠡᠷᠦᠬᠡ ᠪᠣᠯᠭᠠᠨ ᠳᠤ ᠨᠡᠪᠲᠡᠷᠡᠭᠦᠯᠬᠦ︾᠂ ᠬᠢᠯᠢ ᠬᠢᠵᠠᠭᠠᠷ ᠣᠷᠣᠨ ᠪᠠ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠷᠠᠳᠢᠣ᠋ ᠲᠧᠯᠸᠢᠰ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠫᠷᠤᠭ᠍ᠷᠠᠮ ᠢ ᠣᠷᠴᠢᠭᠤᠯᠤᠨ ᠦᠢᠯᠡᠳᠬᠦ ᠵᠡᠷᠭᠡ ᠴᠢᠬᠤᠯᠠ ᠶᠡᠭᠡ ᠢᠨᠵᠧᠨᠧᠷᠢᠩ ᠢ ᠵᠣᠬᠢᠴᠠᠭᠤᠯᠤᠨ ᠠᠬᠢᠭᠤᠯᠤᠨ᠎ᠠ᠃  ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃  ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠳ ᠤᠨ ᠠᠵᠢᠯ ᠢ ᠬᠠᠷᠢᠭᠤᠴᠠᠵᠤ᠂ ᠰᠢᠭᠤᠳ ᠬᠠᠷᠢᠶ᠎ᠠ ᠨᠢᠭᠡᠴᠢ ᠶᠢᠨ ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃  ᠲᠠᠪᠤᠳᠤᠭᠠᠷ ᠵᠣᠷᠪᠤᠰ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 52 ᠨᠡᠷ᠎ᠡ ᠪᠣᠯᠤᠨ᠎ᠠ᠃ ᠲᠣᠪᠴᠢᠶᠠᠨ ᠳᠠᠷᠤᠭ᠎ᠠ 1 ᠨᠡᠷ᠎ᠡ᠂ ᠲᠣᠪᠴᠢᠶᠠᠨ ᠳᠡᠳ᠋ ᠳᠠᠷᠤᠭ᠎ᠠ 3 ᠨᠡᠷ᠎ᠡ᠂ ᠭᠠᠵᠠᠷ ᠤᠨ ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ 25 ᠨᠡᠷ᠎ᠡ ﹇13 ᠵᠢᠩᠬᠢᠨᠢ ︵ᠶᠡᠷᠦᠩᠬᠡᠶ ᠢᠨᠵᠧᠨᠧᠷ 1 ᠨᠡᠷ᠎ᠡ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯ ᠤᠨ ᠳᠡᠳ᠋ ᠱᠦᠵᠢ 1 ᠨᠡᠷ᠎ᠡ᠂ ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠠᠷᠤᠭ᠎ᠠ 1 ᠨᠡᠷ᠎ᠡ ᠶᠢ ᠪᠠᠭᠲᠠᠭᠠᠨ᠎ᠠ︶ 12 ᠳᠡᠳ᠋ ︵ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ 1 ᠨᠡᠷ᠎ᠡ᠂ ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠡᠳ᠋ ᠳᠠᠷᠤᠭ᠎ᠠ 1 ᠨᠡᠷ᠎ᠡ ᠶᠢ ᠪᠠᠭᠲᠠᠭᠠᠨ᠎ᠠ︶﹈ ᠶᠢ ᠲᠣᠬᠢᠷᠠᠭᠤᠯᠪᠠ᠃  ᠵᠢᠷᠭᠤᠳᠤᠭᠠᠷ ᠵᠣᠷᠪᠤᠰ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢ ᠪᠠᠶᠢᠷᠢᠯᠠᠭᠤᠯᠬᠤ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠢᠯᠡᠰ ᠢ ᠠᠰᠲᠠᠭᠠᠨ ᠲᠣᠭᠲᠠᠭᠠᠨ᠎ᠠ᠃  ᠳᠣᠯᠣᠳᠤᠭᠠᠷ ᠵᠣᠷᠪᠤᠰ᠂ ᠲᠤᠰ ᠲᠣᠭᠲᠠᠭᠠᠯ ᠤᠨ ᠲᠠᠶᠢᠯᠪᠤᠷᠢᠯᠠᠯᠲᠠ ᠶᠢ ᠭᠦᠢᠴᠡᠳᠬᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠠᠴᠠ ᠬᠠᠷᠢᠭᠤᠴᠠᠵᠤ᠂ ᠲᠣᠬᠢᠷᠠᠭᠤᠯᠤᠯᠲᠠ ᠬᠢᠬᠦ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠭᠦᠢᠴᠡᠳᠬᠡᠨ᠎ᠡ᠃      ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠴᠢᠩᠭᠢᠰ ᠬᠠᠭᠠᠨ ᠪᠠᠷᠠᠭᠤᠨ ᠵᠡᠭᠡᠯᠢ ᠶᠢᠨ 1 ᠳ᠋ᠦ᠋ᠭᠡᠷ ᠨᠣᠮᠧᠷᠲᠣ  ᠠᠵᠢᠯᠯᠠᠬᠤ ᠴᠠᠭ᠄ ᠠᠵᠢᠯᠯᠠᠬᠤ ᠡᠳᠦᠷ ᠤᠨ  9᠄ 00 —12᠄ 00᠂ 13᠄ 30 —17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ︶  ᠬᠠᠷᠢᠯᠴᠠᠬᠤ ᠤᠲᠠᠰᠤ᠄ 0471-4590012  ᠬᠠᠷᠢᠭᠤᠴᠠᠯᠭᠠᠲᠠᠨ᠄ ᠸᠠᠩ ᠰᠢᠶᠤᠤ ᠲᠢᠶᠧ              ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠲᠣᠪᠴᠢ ᠲᠠᠨᠢᠯᠴᠠᠭᠤᠯᠭ᠎ᠠ᠄  ᠨᠢᠭᠡ ᠂ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠷᠠᠳᠢᠤ᠋ ᠲᠧᠯᠸᠢᠰ ᠢ ᠲᠣᠪᠴᠢᠶ᠎ᠠ ᠶᠢᠨ ᠶᠡᠷᠦᠩᠬᠡᠢ ᠪᠠᠲᠤᠯᠠᠭ᠎ᠠ ᠶᠢᠨ ᠲᠥᠪ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠶᠡᠷᠦᠩᠬᠡᠢ ᠪᠠᠲᠤᠯᠠᠭ᠎ᠠ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃  ︵ᠨᠢᠭᠡ︶ ᠭᠤᠣᠯ ᠡᠭᠦᠷᠭᠡ ᠬᠠᠷᠢᠭᠤᠴᠠᠯᠭ᠎ᠠ  1. ᠪᠠᠶᠢᠭᠤᠯᠭ᠎ᠠ ᠳᠤ ᠠᠷᠤ ᠲᠠᠯ᠎ᠠ ᠶᠢᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠬᠤᠯᠪᠤᠭᠳᠠᠯ ᠪᠦᠬᠦᠢ ᠡᠭᠦᠷᠭᠡ ᠶᠢ ᠡᠭᠦᠷᠭᠡᠯᠡᠨ᠎ᠡ᠃  2. ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠢᠶᠠᠷᠬᠤ᠂ ᠬᠠᠮᠠᠭᠠᠯᠠᠬᠤ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃  3. ᠥᠪᠥᠷ ᠮᠣᠩᠭᠤᠯ ᠤᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠲᠥᠪ ᠤᠨ ᠠᠳᠠᠯ ᠠᠬᠤᠶ ᠶᠢᠨ ᠬᠠᠮᠢᠶᠠᠷᠤᠯᠲᠠ᠂ ᠴᠠᠬᠢᠯᠭᠠᠨ ᠲᠦᠭᠡᠭᠡᠬᠦ ᠶᠢ ᠬᠠᠮᠠᠭᠠᠯᠠᠬᠤ᠂ ᠠᠮᠤᠷ ᠲᠦᠪᠰᠢᠨ ᠢ ᠬᠠᠮᠠᠭᠠᠯᠠᠬᠤ᠂ ᠶᠡᠷᠦᠩᠬᠡᠶᠢᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠬᠤᠯᠪᠣᠭᠳᠠᠯ ᠪᠥᠬᠦᠶ ᠡᠭᠦᠷᠭᠡ ᠶᠢ ᠡᠭᠦᠷᠭᠡᠯᠡᠨ᠎ᠡ᠃  4. ᠪᠠᠶᠢᠭᠤᠯᠭ᠎ᠠ ᠪᠠ ᠭᠤᠣᠯ ᠨᠢᠭᠲᠠᠯᠠᠨ ᠪᠣᠳᠣᠬᠤ ᠲᠣᠭᠠᠴᠠᠭ᠎ᠠ᠂ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠪᠠ ᠡᠯ᠎ᠡ ᠵᠦᠢᠯ ᠤᠨ ᠳᠠᠭᠠᠳᠬᠠᠯ ᠤᠨ ᠪᠡᠯᠡ ᠮᠥᠩᠭᠦ ᠲᠤᠰᠢᠶᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃  5. ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃  ︵ᠬᠤᠶᠠᠷ︶ ᠳᠤᠳᠤᠭᠠᠳᠤ ᠪᠠᠶᠢᠭᠤᠯᠤᠮᠵᠢ  ᠳᠣᠲᠣᠭᠠᠳᠤ ᠳᠤ ᠪᠠᠨ12 ᠵᠢᠩᠬᠢᠨᠢ ᠰᠠᠯᠠᠭᠠᠨ ᠳᠡᠰ ᠤᠨ ᠪᠠᠶᠢᠭᠤᠯᠤᠮᠵᠢ ᠶᠢ ᠲᠣᠬᠢᠷᠠᠭᠤᠯᠤᠨ᠎ᠠ ᠄ ᠠᠯᠪᠠᠨ ᠭᠡᠷ᠂ ᠠᠵᠢᠯᠲᠠᠨ ᠤ ᠶᠠᠪᠤᠳᠠᠯ ᠤᠨ ᠰᠠᠯᠠᠭ᠎ᠠ᠂ ᠨᠠᠮ ᠪᠠ ᠣᠯᠠᠨ ᠲᠦᠮᠡᠨ ᠤ ᠠᠵᠢᠯ ᠤᠨ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ᠂ ᠠᠮᠤᠷ ᠢ ᠬᠠᠮᠠᠭᠠᠯᠠᠬᠤ ᠰᠠᠯᠠᠭ᠎ᠠ᠂ ᠠᠳᠠᠯ ᠠᠬᠤᠢ ᠶᠢᠨ ᠰᠠᠯᠠᠭ᠎ᠠ᠂ ᠭᠠᠯ ᠤᠨᠲᠠᠷᠠᠭᠠᠯᠲᠠ ᠶᠢᠨ ᠰᠠᠯᠠᠭ᠎ᠠ᠂ ᠮᠡᠳᠡᠭᠡ ᠵᠠᠩᠭᠢ ᠶᠢᠨ ᠰᠠᠯᠠᠭ᠎ᠠ᠂ ᠳ᠋ᠦᠩᠨᠡᠨ ᠪᠤᠳᠤᠬᠤ ᠰᠠᠯᠠᠭ᠎ᠠ᠂ ᠴᠠᠬᠢᠯᠭᠠᠨ ᠲᠦᠭᠡᠭᠡᠬᠦ ᠰᠠᠯᠠᠭ᠎ᠠ᠂ ᠰᠡᠯᠪᠢᠨ ᠵᠠᠰᠠᠬᠤ ᠰᠠᠯᠠᠭ᠎ᠠ᠃  ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠴᠢᠩᠭᠢᠰ ᠬᠠᠭᠠᠨ ᠪᠠᠷᠠᠭᠤᠨ ᠵᠡᠭᠡᠯᠢ ᠶᠢᠨ 1 ᠳ᠋ᠦ᠋ᠭᠡᠷ ᠨᠣᠮᠧᠷᠲᠣ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 — 17᠄ 00 ᠪᠣᠯᠲᠠᠯ᠎ᠠ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ︶  ᠬᠠᠷᠢᠯᠴᠠᠬᠤ ᠤᠲᠠᠰᠤ᠄ 0471—4590867᠂ 3288112 ︵ᠹᠠᠺᠰ︶  ᠬᠠᠷᠢᠭᠤᠴᠠᠯᠭᠠᠲᠠᠨ᠄ ᠺᠧᠦ ᠸᠧᠨ ᠬᠤᠸᠠ    ᠬᠤᠶᠠᠷ᠂ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠮᠵᠢᠭᠤᠯᠤᠨ ᠰᠠᠴᠤᠷᠠᠭᠤᠯᠬᠤ ᠲᠥᠪ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠳᠠᠮᠵᠢᠭᠤᠯᠤᠨ ᠰᠠᠴᠤᠷᠠᠭᠤᠯᠬᠤ ᠲᠥᠪ ᠪᠣᠯ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃  ︵ᠨᠢᠭᠡ︶ ᠭᠤᠣᠯ ᠡᠭᠦᠷᠭᠡ ᠬᠠᠷᠢᠭᠤᠴᠠᠯᠭ᠎ᠠ  1. ᠨᠠᠮ ᠤᠨ ᠤᠬᠠᠭᠤᠯᠬᠤ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠵᠤ᠂ ᠷᠠᠳᠢᠣ᠋ ᠲᠧᠯᠸᠢᠰ ᠤᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠶᠠᠷᠢᠶ᠎ᠠ ᠬᠡᠯᠡᠯᠴᠡᠭᠡᠨ ᠤ ᠵᠥᠪ ᠤᠳᠤᠷᠢᠳᠤᠮᠵᠢ ᠶᠢ ᠡᠵᠡᠮᠳᠡᠨ᠎ᠡ᠃  2. ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠶ᠎ᠠ ᠷᠠᠳᠢᠣ᠋ ᠲᠧᠯᠸᠢᠰ ᠤᠨ ᠳᠠᠮᠵᠢᠭᠤᠯᠤᠨ ᠰᠠᠴᠤᠷᠠᠭᠤᠯᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠬᠠᠷᠢᠭᠤᠴᠠᠵᠤ᠂ ᠷᠠᠳᠢᠣ᠋ ᠲᠧᠯᠸᠢᠰ ᠪᠠ ᠬᠠᠮ ᠵᠠᠭᠤᠴᠢᠯᠠᠭᠤᠷ ᠤᠨ ᠫᠷᠤᠭ᠍ᠷᠠᠮ ᠢ ᠳᠠᠮᠵᠢᠭᠤᠯᠤᠨ ᠪᠦᠷᠬᠦᠭᠦᠯᠬᠦ ᠵᠡᠷᠭᠡ ᠡᠭᠦᠷᠭᠡ ᠶᠢ ᠡᠭᠦᠷᠭᠡᠯᠡᠨ᠎ᠡ᠃  3.ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠣᠷᠣᠨ ᠨᠤᠲᠤᠭ ᠤᠨ ᠷᠠᠳᠢᠣ᠋ ᠲᠧᠯᠸᠢᠰ ᠤᠨ ᠫᠷᠤᠭ᠍ᠷᠠᠮ ᠢ ᠳᠠᠮᠵᠢᠭᠤᠯᠬᠤ ᠰᠠᠴᠤᠷᠠᠭᠤᠯᠬᠤ ᠪᠦᠷᠬᠦᠴᠡ ᠶᠢᠨ ᠡᠭᠦᠷᠭᠡ ᠶᠢ ᠡᠭᠦᠷᠭᠡᠯᠡᠨ᠎ᠡ᠃  4. ᠷᠠᠳᠢᠣ᠋ ᠲᠧᠯᠸᠢᠰ ᠤᠨ ᠳᠠᠮᠵᠢᠭᠤᠯᠬᠤ ᠰᠠᠴᠤᠷᠠᠭᠤᠯᠬᠤ ᠮᠡᠷᠭᠡᠵᠢᠯ ᠤᠨ ᠰᠢᠨ᠎ᠡ ᠡᠭᠦᠳᠦᠯᠲᠡ᠂ ᠬᠡᠷᠡᠭᠯᠡᠯᠲᠡ ᠪᠠ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠠᠵᠢᠯ ᠢ ᠡᠭᠦᠷᠭᠡᠯᠡᠨ᠎ᠡ᠃  5. ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃  ︵ᠬᠤᠶᠠᠷ︶ ᠳᠤᠳᠤᠭᠠᠳᠤ ᠪᠠᠶᠢᠭᠤᠯᠤᠮᠵᠢ  ᠳᠣᠲᠣᠭᠠᠳᠤ ᠳᠤ ᠪᠠᠨ 6 ᠵᠢᠩᠬᠢᠨᠢ ᠰᠠᠯᠠᠭᠠᠨ ᠳᠡᠰ ᠤᠨ ᠪᠠᠶᠢᠭᠤᠯᠤᠮᠵᠢ ᠶᠢ ᠲᠣᠬᠢᠷᠠᠭᠤᠯᠤᠨ᠎ᠠ᠄ ᠶᠡᠷᠦᠩᠬᠡᠶ ᠵᠢᠵᠢᠭᠦᠷ ᠤᠨ ᠲᠠᠰᠤᠭ᠂ ᠠᠯᠪᠠᠨ ᠬᠡᠷ᠂ ᠡᠳ᠋ ᠤᠨ ᠶᠠᠪᠤᠳᠠᠯ ᠤᠨ ᠰᠠᠯᠠᠭ᠎ᠠ᠂ ᠠᠮᠤᠷ ᠲᠦᠪᠰᠢᠨ ᠤ ᠪᠠᠲᠤᠯᠠᠭ᠎ᠠ ᠶᠢᠨ ᠰᠠᠯᠠᠭ᠎ᠠ᠂ ᠮᠡᠷᠭᠡᠵᠢᠯ ᠤᠨ ᠢᠨᠵᠧᠨᠧᠷᠢᠩ ᠤᠨ ᠰᠠᠯᠠᠭ᠎ᠠ᠂ ᠨᠠᠮ ᠪᠠ ᠣᠯᠠᠨ ᠲᠦᠮᠡᠨ ᠤ ᠠᠵᠢᠯ ᠤᠨ ᠰᠠᠯᠠᠭ᠎ᠠ᠃  ᠵᠢᠩᠬᠢᠨᠢ ᠭᠠᠵᠠᠷ ᠤᠨ ᠳᠡᠰ ᠲᠠᠢ ᠲᠡᠩᠴᠡᠬᠦ 13 ᠰᠠᠯᠪᠤᠷᠢ ᠪᠠᠶᠢᠭᠤᠯᠤᠮᠵᠢ ᠶᠢ ᠲᠣᠬᠢᠷᠠᠭᠤᠯᠪᠠ ᠂ ᠲᠤᠰ ᠲᠤᠰ᠄  501 ᠰᠤᠪᠠᠭ᠂ 610 ᠰᠤᠪᠠᠭ᠂ 706 ᠰᠤᠪᠠᠭ᠂ 731 ᠰᠤᠪᠠᠭ᠂ 781 ᠰᠤᠪᠠᠭ᠂ 839 ᠰᠤᠪᠠᠭ᠂ 841 ᠰᠤᠪᠠᠭ᠂ ᠪᠤᠭᠤᠲᠤ ᠶᠢᠨ ᠷᠠᠳᠢᠣ᠋ ᠰᠠᠴᠤᠷᠠᠭᠤᠯᠭ᠎ᠠ ᠶᠢᠨ ᠲᠥᠪ᠂ ᠬᠥᠯᠥᠨ ᠪᠤᠶᠢᠷ ᠤᠨ ᠷᠠᠳᠢᠣ᠋ ᠰᠠᠴᠤᠷᠠᠭᠤᠯᠭ᠎ᠠ ᠶᠢᠨ ᠲᠥᠪ᠂ ᠲᠦᠩᠯᠢᠶᠣᠤ ᠶᠢᠨ ᠷᠠᠳᠢᠣ᠋ ᠰᠠᠴᠤᠷᠠᠭᠤᠯᠭ᠎ᠠ ᠶᠢᠨ ᠲᠥᠪ᠂ ᠤᠯᠠᠭᠠᠨᠬᠠᠳᠠ ᠶᠢᠨ ᠷᠠᠳᠢᠣ᠋ ᠰᠠᠴᠤᠷᠠᠭᠤᠯᠭ᠎ᠠ ᠶᠢᠨ ᠲᠥᠪ᠂ ᠰᠢᠯᠢ ᠶᠢᠨ ᠬᠤᠲᠠ ᠶᠢᠨ ᠷᠠᠳᠢᠣ᠋ ᠰᠠᠴᠤᠷᠠᠭᠤᠯᠭ᠎ᠠ ᠶᠢᠨ ᠲᠥᠪ᠂ ᠦᠬᠠᠶ ᠶᠢᠨ ᠷᠠᠳᠢᠣ᠋ ᠰᠠᠴᠤᠷᠠᠭᠤᠯᠭ᠎ᠠ ᠶᠢᠨ ᠲᠥᠪ ᠃  ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠴᠢᠩᠭᠢᠰ ᠬᠠᠭᠠᠨ ᠪᠠᠷᠠᠭᠤᠨ ᠵᠡᠭᠡᠯᠢ ᠶᠢᠨ 1 ᠳ᠋ᠦ᠋ᠭᠡᠷ ᠨᠣᠮᠧᠷᠲᠣ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 — 17᠄ 00 ᠪᠣᠯᠲᠠᠯ᠎ᠠ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ︶  ᠬᠠᠷᠢᠯᠴᠠᠬᠤ ᠤᠲᠠᠰᠤ᠄ 0471-4590951  ᠬᠠᠷᠢᠭᠤᠴᠠᠯᠭᠠᠲᠠᠨ᠄  ᠪᠠᠢ ᠶᠥᠩ ᠵᠢᠶᠦ᠋ᠨ    ᠭᠤᠷᠪᠠ᠂ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠬᠢᠨᠠᠨ ᠬᠡᠮᠵᠢᠯᠲᠡ ᠪᠠ ᠬᠥᠭᠵᠢᠭᠦᠯᠦᠯᠲᠡ ᠶᠢᠨ ᠲᠥᠪ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠬᠢᠨᠠᠨ ᠬᠡᠮᠵᠢᠯᠲᠡ ᠪᠠ ᠬᠥᠭᠵᠢᠭᠦᠯᠦᠯᠲᠡ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃  ︵ᠨᠢᠭᠡ︶ ᠭᠤᠣᠯ ᠡᠭᠦᠷᠭᠡ ᠬᠠᠷᠢᠭᠤᠴᠠᠯᠭ᠎ᠠ  1. ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠨᠡᠪᠲᠡᠷᠡᠭᠦᠯᠭᠡ ᠶᠢᠨ ᠶᠠᠰᠤ ᠴᠢᠨᠠᠷ᠂ ᠨᠡᠪᠲᠡᠷᠡᠭᠦᠯᠬᠦ ᠠᠭᠤᠯᠭ᠎ᠠ᠂ ᠰᠦᠯᠵᠢᠶᠡᠨ ᠤ ᠠᠮᠤᠷ ᠲᠦᠪᠰᠢᠨ ᠢ ᠬᠢᠨᠠᠨ ᠬᠡᠮᠵᠢᠬᠦ ᠪᠠ ᠦᠨᠡᠯᠡᠨ ᠵᠢᠱᠢᠬᠦ ᠬᠤᠯᠪᠤᠭᠳᠠᠯ ᠪᠥᠬᠦᠶ ᠠᠵᠢᠯ ᠢ ᠡᠭᠦᠷᠭᠡᠯᠡᠨ᠎ᠡ᠃  2. ᠷᠠᠳᠢᠣ᠋ ᠲᠧᠯᠸᠢᠰ᠂ ᠰᠦᠯᠵᠢᠶᠡᠨ ᠤ ᠦᠵᠡᠵᠦ ᠰᠣᠨᠣᠰᠬᠤ ᠦᠢᠯᠡᠰ ᠤᠨ ᠬᠥᠭᠵᠢᠯᠲᠡ ᠶᠢᠨ ᠰᠤᠳᠤᠯᠭᠠᠨ ᠤ ᠡᠭᠦᠷᠭᠡ ᠶᠢ ᠡᠭᠦᠷᠭᠡᠯᠡᠵᠦ᠂ ︽ᠲᠣᠭᠠᠴᠠᠯᠠᠭᠰᠠᠨ ᠵᠠᠭᠤᠴᠢᠯᠠᠭᠤᠷ ᠤᠨ ᠰᠤᠳᠤᠯᠤᠯ︾᠂ ︽ᠥᠪᠥᠷ ᠮᠣᠩᠭᠤᠯ ᠤᠨ ᠷᠠᠳᠢᠣ᠋ ᠲᠧᠯᠸᠢᠰ︾ ᠢ ᠨᠠᠶᠢᠷᠠᠭᠤᠯᠤᠨ ᠬᠡᠪᠯᠡᠭᠦᠯᠦᠨ᠎ᠡ᠃  3.ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠠᠭᠤᠯᠭᠠᠭᠰᠠᠨ ᠷᠠᠳᠢᠣ᠋ ᠲᠧᠯᠸᠢᠰ ᠤᠨ ᠠᠮᠤᠷ ᠲᠦᠪᠰᠢᠨ ᠤ ᠨᠡᠪᠲᠡᠷᠡᠭᠦᠯᠭᠡ ᠶᠢ ᠬᠢᠨᠠᠨ ᠬᠡᠮᠵᠢᠬᠦ᠂ ᠳᠣᠭᠢᠷᠠᠭᠤᠯᠬᠤ ᠡᠭᠦᠷᠭᠡ ᠶᠢ ᠡᠭᠦᠷᠭᠡᠯᠡᠨ᠎ᠡ᠃  4.ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠥᠬᠦᠶ ᠠᠵᠢᠯ ᠢ ᠡᠭᠦᠷᠭᠡᠯᠡᠨ᠎ᠡ᠃  ︵ᠬᠤᠶᠠᠷ︶ ᠳᠤᠳᠤᠭᠠᠳᠤ ᠪᠠᠶᠢᠭᠤᠯᠤᠮᠵᠢ  ᠳᠣᠲᠣᠭᠠᠳᠤ ᠳᠤ ᠪᠠᠨ 10 ᠵᠢᠩᠬᠢᠨᠢ ᠰᠠᠯᠠᠭᠠᠨ ᠳᠡᠰ ᠤᠨ ᠪᠠᠶᠢᠭᠤᠯᠤᠮᠵᠢ  ᠶᠢ ᠲᠣᠬᠢᠷᠠᠭᠤᠯᠤᠨ᠎ᠠ ᠄ ᠶᠡᠷᠦᠩᠬᠡᠶᠢᠯᠡᠭᠰᠡᠨ ᠰᠠᠯᠠᠭ᠎ᠠ᠂ ᠨᠠᠮ ᠪᠠ ᠣᠯᠠᠨ ᠲᠦᠮᠡᠨ ᠤ ᠠᠵᠢᠯ ᠤᠨ ᠰᠠᠯᠠᠭ᠎ᠠ᠂ ᠶᠠᠰᠤ ᠴᠢᠨᠠᠷ ᠤᠨ ᠬᠢᠨᠠᠨ ᠬᠡᠮᠵᠢᠬᠦ ᠰᠠᠯᠠᠭ᠎ᠠ᠂ ᠠᠭᠤᠯᠭ᠎ᠠ ᠶᠢᠨ ᠬᠢᠨᠠᠨ ᠬᠡᠮᠵᠢᠬᠦ ᠰᠠᠯᠠᠭ᠎ᠠ᠂ ᠰᠢᠨ᠎ᠡ ᠵᠠᠭᠤᠴᠢᠯᠠᠭᠤᠷ ᠤᠨ ᠬᠢᠨᠠᠨ ᠬᠡᠮᠵᠢᠬᠦ ᠰᠠᠯᠠᠭ᠎ᠠ᠂ ᠰᠦᠯᠵᠢᠶᠡᠨ ᠤ ᠠᠮᠤᠷ ᠲᠦᠪᠰᠢᠨ ᠤ ᠰᠠᠯᠠᠭ᠎ᠠ᠂ ᠲᠣᠬᠢᠷᠠᠭᠤᠯᠬᠤ ᠰᠠᠯᠠᠭ᠎ᠠ᠂ ᠬᠠᠮᠠᠭᠠᠯᠠᠬᠤ ᠰᠠᠯᠠᠭ᠎ᠠ᠂ ᠨᠠᠶᠢᠷᠠᠭᠤᠯᠬᠤ ᠰᠠᠯᠠᠭ᠎ᠠ᠂ ᠰᠤᠳᠤᠯᠬᠤ ᠰᠠᠯᠠᠭ᠎ᠠ᠃  ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠴᠢᠩᠭᠢᠰ ᠬᠠᠭᠠᠨ ᠪᠠᠷᠠᠭᠤᠨ ᠵᠡᠭᠡᠯᠢ ᠶᠢᠨ 1 ᠳ᠋ᠦ᠋ᠭᠡᠷ ᠨᠣᠮᠧᠷᠲᠤ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 — 17᠄ 00 ᠪᠣᠯᠲᠠᠯ᠎ᠠ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ︶  ᠬᠠᠷᠢᠯᠴᠠᠬᠤ ᠤᠲᠠᠰᠤ᠄ 0471-4590595᠂ 4590595 ︵ᠹᠠᠺᠰ︶  ᠬᠠᠷᠢᠭᠤᠴᠠᠯᠭᠠᠲᠠᠨ᠄ ᠪᠠᠭᠠᠨ᠎ᠠ    ᠳᠥᠷᠪᠡ᠂ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠪᠢᠴᠢᠯ ᠳᠣᠯᠭᠢᠶᠠᠨ ᠢᠶᠠᠷ ᠳᠠᠮᠵᠢᠭᠤᠯᠬᠤ ᠶᠡᠷᠦᠩᠬᠡᠢ ᠥᠷᠲᠡᠭᠡ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠪᠢᠴᠢᠯ ᠳᠣᠯᠭᠢᠶᠠᠨ ᠢᠶᠠᠷ ᠳᠠᠮᠵᠢᠭᠤᠯᠬᠤ ᠶᠡᠷᠦᠩᠬᠡᠶ ᠥᠷᠲᠡᠭᠡ ᠪᠣᠯ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃  ︵ᠨᠢᠭᠡ︶ ᠭᠤᠣᠯ ᠡᠭᠦᠷᠭᠡ ᠬᠠᠷᠢᠭᠤᠴᠠᠯᠭ᠎ᠠ  1. ᠥᠪᠡᠷᠲᠡᠭᠡᠨ ᠵᠠᠰᠠᠬᠤ ᠣᠷᠣᠨ ᠤ ᠪᠢᠴᠢᠯ ᠳᠣᠯᠭᠢᠶᠠᠨ ᠤ ᠳᠠᠮᠵᠢᠭᠤᠯᠬᠤ ᠱᠤᠭᠤᠮ ᠵᠢᠴᠢ ᠲᠤᠬᠠᠶᠢᠯᠠᠭᠰᠠᠨ ᠠᠵᠢᠯ ᠢ ᠵᠢᠭᠠᠨ ᠵᠢᠯᠣᠭᠤᠳᠬᠤ᠂ ᠲᠣᠬᠢᠷᠠᠭᠤᠯᠬᠤ ᠠᠵᠢᠯ ᠢ ᠡᠭᠦᠷᠭᠡᠯᠡᠨ᠎ᠡ᠃  2. ᠥᠪᠡᠷᠲᠡᠭᠡᠨ ᠵᠠᠰᠠᠬᠤ ᠣᠷᠣᠨ ᠤ ᠪᠢᠴᠢᠯ ᠳᠣᠯᠭᠢᠶᠠᠨ ᠤ ᠰᠦᠯᠵᠢᠶᠡᠨ ᠤ ᠲᠥᠯᠥᠪᠵᠢᠭᠦᠯᠭᠡ ᠪᠠ ᠡᠵᠡᠩᠨᠡᠯᠲᠡ ᠶᠢ ᠡᠭᠦᠷᠭᠡᠯᠡᠨ᠎ᠡ᠃  3. ᠪᠡᠭᠡᠵᠢᠩ᠂ ᠾᠧᠪᠸᠢ᠂ ᠱᠠᠨ ᠰᠢ ᠪᠣᠯᠤᠨ ᠥᠪᠥᠷ ᠮᠣᠩᠭᠤᠯ ᠤᠨ ᠪᠢᠴᠢᠯ ᠳᠣᠯᠭᠢᠶᠠᠨ ᠤ ᠱᠤᠭᠤᠮ ᠤᠨ ᠳᠠᠮᠵᠢᠭᠤᠯᠭ᠎ᠠ ᠶᠢᠨ ᠡᠭᠦᠷᠭᠡ ᠶᠢ ᠡᠭᠦᠷᠭᠡᠯᠡᠨ᠎ᠡ᠃  4. ᠷᠠᠳᠢᠣ᠋ ᠲᠧᠯᠸᠢᠰ ᠤᠨ ᠳᠣᠬᠢᠶ᠎ᠠ ᠶᠢᠨ ᠬᠤᠪᠢᠶᠠᠷᠢᠯᠠᠯᠲᠠ ᠶᠢᠨ ᠠᠵᠢᠯ ᠢ ᠡᠭᠦᠷᠭᠡᠯᠡᠨ᠎ᠡ᠃  5. ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃  ︵ᠬᠤᠶᠠᠷ︶ ᠳᠤᠳᠤᠭᠠᠳᠤ ᠪᠠᠶᠢᠭᠤᠯᠤᠮᠵᠢ  ᠳᠣᠲᠣᠭᠠᠳᠤ ᠳᠤ ᠪᠠᠨ 9 ᠵᠢᠩᠬᠢᠨᠢ ᠰᠠᠯᠠᠭᠠᠨ ᠳᠡᠰ ᠤᠨ ᠪᠠᠶᠢᠭᠤᠯᠤᠮᠵᠢ ᠶᠢ ᠲᠣᠬᠢᠷᠠᠭᠤᠯᠤᠨ᠎ᠠ᠄ ᠠᠯᠪᠠᠨ ᠭᠡᠷ᠂ ᠠᠵᠢᠯᠲᠠᠨ ᠤ ᠶᠠᠪᠤᠳᠠᠯ ᠤᠨ ᠰᠠᠯᠠᠭ᠎ᠠ᠂ ᠠᠮᠤᠷ ᠲᠦᠪᠰᠢᠨ ᠤ ᠪᠠᠲᠤᠯᠠᠭ᠎ᠠ ᠶᠢᠨ ᠰᠠᠯᠠᠭ᠎ᠠ᠂ ᠮᠡᠷᠭᠡᠵᠢᠯ ᠤᠨ ᠰᠠᠯᠠᠭ᠎ᠠ᠂ ᠳᠠᠮᠵᠢᠭᠤᠯᠬᠤ ᠲᠥᠪ᠂ ᠳᠠᠯᠠᠨ ᠬᠠᠷ᠎ᠠ ᠠᠭᠤᠯᠠ ᠶᠢᠨ ᠪᠢᠴᠢᠯ ᠳᠣᠯᠭᠢᠶᠠᠨ ᠤ ᠥᠷᠲᠡᠭᠡ᠂ ᠵᠢᠨᠢᠩ ᠤᠨ ᠪᠢᠴᠢᠯ ᠳᠣᠯᠭᠢᠶᠠᠨ ᠤ ᠥᠷᠲᠡᠭᠡ᠂ ᠵᠦᠸᠧᠽᠢ ᠱᠠᠨ ᠤ ᠪᠢᠴᠢᠯ ᠳᠣᠯᠭᠢᠶᠠᠨ ᠤ ᠥᠷᠲᠡᠭᠡ᠂ ᠮᠠᠩᠬᠠᠨ ᠠᠭᠤᠯᠠ ᠶᠢᠨ ᠪᠢᠴᠢᠯ ᠳᠣᠯᠭᠢᠶᠠᠨ ᠤ ᠥᠷᠲᠡᠭᠡ᠃  ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠴᠢᠩᠭᠢᠰ ᠬᠠᠭᠠᠨ ᠪᠠᠷᠠᠭᠤᠨ ᠵᠡᠭᠡᠯᠢ ᠶᠢᠨ 1 ᠳ᠋ᠦ᠋ᠭᠡᠷ ᠨᠣᠮᠧᠷᠲᠣ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 — 17᠄ 00 ᠪᠣᠯᠲᠠᠯ᠎ᠠ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ︶  ᠬᠠᠷᠢᠯᠴᠠᠬᠤ ᠤᠲᠠᠰᠤ᠄ 0471-4590623 ᠂ 4590616 ︵ᠹᠠᠺᠰ︶  ᠬᠠᠷᠢᠭᠤᠴᠠᠯᠭᠠᠲᠠᠨ᠄ ᠺᠦᠩ ᠵᠢᠶᠧ    ᠲᠠᠪᠤ᠂ ᠤᠯᠠᠭᠠᠨᠬᠦᠦ ᠰᠠᠭᠤᠷᠢ ᠮᠥᠩᠭᠦᠨ ᠤ ᠨᠡᠶᠢᠭᠡᠮᠯᠢᠭ ᠤᠨ ᠠᠯᠪᠠᠨ ᠭᠡᠷ  ᠤᠯᠠᠭᠠᠨᠬᠦᠦ ᠰᠠᠭᠤᠷᠢ ᠮᠥᠩᠭᠦᠨ ᠤ ᠨᠡᠶᠢᠭᠡᠮᠯᠢᠭ ᠤᠨ ᠠᠯᠪᠠᠨ ᠭᠡᠷ ᠪᠣᠯ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠶ᠎ᠠ ᠵᠢᠩᠬᠢᠨᠢ ᠭᠠᠵᠠᠷ ᠤᠨ ᠲᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ  ᠲᠠᠢ ᠲᠡᠩᠴᠡᠨ᠎ᠡ᠃  ︵ᠨᠢᠭᠡ︶ ᠭᠤᠣᠯ ᠡᠭᠦᠷᠭᠡ ᠬᠠᠷᠢᠭᠤᠴᠠᠯᠭ᠎ᠠ  1. ᠤᠯᠠᠭᠠᠨᠬᠦᠦ ᠰᠠᠭᠤᠷᠢ ᠮᠥᠩᠭᠦᠨ ᠤ ᠨᠡᠶᠢᠭᠡᠮᠯᠢᠭ ᠤᠨ ᠡᠳᠦᠷ ᠲᠤᠲᠤᠮ ᠤᠨ ᠠᠵᠢᠯᠯᠠᠭᠠᠨ ᠢ ᠪᠠᠲᠤᠯᠠᠬᠤ ᠠᠵᠢᠯ ᠢ ᠡᠭᠦᠷᠭᠡᠯᠡᠨ᠎ᠡ᠃  2. ᠨᠡᠶᠢᠭᠡᠮ ᠤᠨ ᠪᠦᠯᠬᠦᠮ᠂ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠰᠠᠭᠤᠷᠢ ᠮᠥᠩᠭᠦᠨ ᠤ ᠨᠡᠶᠢᠭᠡᠮᠯᠢᠭ ᠲᠤ ᠲᠤᠰᠠᠯᠠᠨ ᠬᠦᠷᠭᠡᠭᠰᠡᠨ ᠡᠳ᠋ ᠬᠥᠷᠥᠩᠭᠡ ᠶᠢ ᠬᠠᠮᠢᠶᠠᠷᠴᠤ ᠬᠡᠷᠡᠭᠯᠡᠬᠦ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃  3. ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃  ︵ᠬᠤᠶᠠᠷ︶ ᠳᠤᠳᠤᠭᠠᠳᠤ ᠪᠠᠶᠢᠭᠤᠯᠤᠮᠵᠢ  ᠳᠣᠲᠣᠭᠠᠳᠤ ᠳᠤ ᠪᠠᠨ 3 ᠵᠢᠩᠬᠢᠨᠢ ᠰᠠᠯᠠᠭᠠᠨ ᠳᠡᠰ ᠤᠨ ᠪᠠᠶᠢᠭᠤᠯᠤᠮᠵᠢ ᠶᠢ ᠲᠣᠬᠢᠷᠠᠭᠤᠯᠤᠨ᠎ᠠ ᠄ ᠶᠡᠷᠦᠩᠬᠡᠶᠢᠯᠡᠭᠰᠡᠨ ᠰᠠᠯᠠᠭ᠎ᠠ᠂ ᠠᠵᠢᠯ ᠦᠢᠯᠡᠰ ᠤᠨ ᠰᠠᠯᠠᠭ᠎ᠠ᠂ ᠰᠠᠭᠤᠷᠢ ᠮᠥᠩᠭᠦᠨ ᠤ ᠰᠠᠯᠠᠭ᠎ᠠ᠃  ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠴᠢᠩᠭᠢᠰ ᠬᠠᠭᠠᠨ ᠪᠠᠷᠠᠭᠤᠨ ᠵᠡᠭᠡᠯᠢ ᠶᠢᠨ 1 ᠳ᠋ᠦ᠋ᠭᠡᠷ ᠨᠣᠮᠧᠷᠲᠤ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 — 17᠄ 00 ᠪᠣᠯᠲᠠᠯ᠎ᠠ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ︶  ᠬᠠᠷᠢᠯᠴᠠᠬᠤ ᠤᠲᠠᠰᠤ᠄ 0471-4590803᠂ 3288005 ︵ᠹᠠᠺᠰ︶  ᠬᠠᠷᠢᠭᠤᠴᠠᠯᠭᠠᠲᠠᠨ᠄ ᠶᠤᠸᠠᠢ ᠬᠤᠩ ᠶᠠᠨ   
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ