ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠶᠸᠦ ᠴᠤᠸᠠᠩ ᠴᠠᠬᠢᠯᠭᠠᠨ ᠬᠡᠷᠡᠭᠰᠡᠯ ᠤᠨ ᠡᠵᠡᠩᠨᠡᠯᠲᠡ ᠶᠢᠨ ᠭᠠᠵᠠᠷ ᠤᠨ ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠤᠭᠰᠠᠷᠠᠬᠤ ᠦᠢᠯᠡᠴᠢᠯᠡᠭᠡ ᠥᠷᠨᠢᠭᠦᠯᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2024/1/16
  ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠶᠸᠦ ᠴᠤᠸᠠᠩ ᠴᠠᠬᠢᠯᠭᠠᠨ ᠬᠡᠷᠡᠭᠰᠡᠯ ᠤᠨ ᠡᠵᠡᠩᠨᠡᠯᠲᠡ ᠶᠢᠨ ᠭᠠᠵᠠᠷ ᠲᠤ᠄  ᠲᠠᠨ ᠤ ᠺᠣᠮᠫᠠᠨᠢ ᠶᠢᠨ ᠬᠠᠮᠢᠶ᠎ᠠ ᠪᠦᠬᠦᠢ ᠳᠠᠭᠠᠭᠤᠯᠢ ᠣᠳᠣᠨ ᠤ ᠭᠠᠵᠠᠷ ᠳᠡᠭᠡᠷᠡᠬᠢ ᠲᠥᠬᠦᠭᠡᠷᠦᠮᠵᠢ ᠶᠢ ᠤᠭᠰᠠᠷᠠᠬᠤ ᠦᠢᠯᠡᠴᠢᠯᠡᠭᠡ ᠥᠷᠨᠢᠭᠦᠯᠬᠦ ᠭᠤᠶᠤᠴᠢᠯᠠᠯ ᠤᠨ ᠮᠠᠲ᠋ᠧᠷᠢᠶᠠᠯ ᠢ ᠣᠯᠵᠤ ᠠᠪᠴᠠᠢ᠃ ᠰᠤᠳᠤᠯᠤᠯᠲᠠ ᠪᠠᠷ ᠳᠠᠮᠵᠢᠭᠠᠳ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠪᠠ᠃  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠳᠠᠭᠠᠭᠤᠯᠢ ᠣᠳᠣᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠤᠭᠰᠠᠷᠠᠬᠤ ᠦᠢᠯᠡᠴᠢᠯᠡᠭᠡᠨ ᠤ ᠲᠦᠷ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠲᠠᠨ ᠤ ᠺᠣᠮᠫᠠᠨᠢ ᠶᠢᠨ ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠤᠭᠰᠠᠷᠠᠬᠤ ᠦᠢᠯᠡᠴᠢᠯᠡᠭᠡ ᠥᠷᠨᠢᠭᠦᠯᠬᠦ ᠶᠢ ᠵᠥᠪᠰᠢᠶᠡᠷᠡᠬᠦ ᠶᠢᠨ ᠬᠠᠮᠲᠤ ︽ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠤᠭᠰᠠᠷᠠᠬᠤ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ︾ ᠢ ᠣᠯᠭᠤᠵᠤ᠂ ᠳ᠋ᠤᠭᠠᠷ᠄ ︵ᠬᠥᠬᠡᠬᠤᠲᠠ︶ WG001᠂ ᠬᠦᠴᠦᠨ ᠪᠦᠬᠦᠢ ᠬᠤᠭᠤᠴᠠᠭ᠎ᠠ᠄ 2024 ᠣᠨ ᠤ 1 ᠳ᠋ᠦ᠋ᠭᠡᠷ ᠰᠠᠷ᠎ᠠ ᠶᠢᠨ 12 ᠤ ᠡᠳᠦᠷ ᠠᠴᠠ 2026 ᠣᠨ ᠤ 1 ᠳ᠋ᠦ᠋ᠭᠡᠷ ᠰᠠᠷ᠎ᠠ ᠶᠢᠨ 11 ᠤ ᠡᠳᠦᠷ ᠪᠣᠯᠲᠠᠯ᠎ᠠ᠂ ᠦᠢᠯᠡᠴᠢᠯᠡᠬᠦ ᠬᠡᠪᠴᠢᠶ᠎ᠡ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ᠂ ᠲᠤᠬᠠᠶᠢᠯᠠᠭᠰᠠᠨ ᠠᠵᠢᠯ ᠤᠨ ᠲᠥᠷᠥᠯ ᠢᠯᠭᠠᠯ᠄ ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠤᠭᠰᠠᠷᠠᠬᠤ ᠪᠠᠷᠢᠬᠤ᠂ ᠢᠵᠢ ᠪᠦᠷᠢᠳᠦᠭᠰᠡᠨ ᠲᠣᠨᠤᠭ ᠢ ᠬᠠᠩᠭᠠᠬᠤ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠰᠡᠯᠪᠢᠨ ᠵᠠᠰᠠᠯᠲᠠ᠃  ᠲᠠᠨ ᠤ ᠺᠣᠮᠫᠠᠨᠢ ︽ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠤᠭᠰᠠᠷᠠᠬᠤ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ︾ ᠳᠤ ᠲᠣᠳᠣᠷᠬᠠᠶᠢᠯᠠᠭᠰᠠᠨ ᠲᠤᠬᠠᠶᠢᠯᠠᠭᠰᠠᠨ ᠠᠵᠢᠯ ᠤᠨ ᠲᠥᠷᠥᠯ ᠢᠯᠭᠠᠯ᠂ ᠦᠢᠯᠡᠴᠢᠯᠡᠬᠦ ᠬᠡᠪᠴᠢᠶ᠎ᠡ ᠵᠡᠷᠭᠡ ᠵᠦᠢᠯᠡᠰ ᠢ ᠴᠢᠩᠭ᠎ᠠ ᠵᠢᠷᠤᠮᠯᠠᠨ ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠤᠭᠰᠠᠷᠠᠬᠤ ᠦᠢᠯᠡᠴᠢᠯᠡᠭᠡᠨ ᠤ ᠠᠵᠢᠯᠯᠠᠭ᠎ᠠ ᠶᠢ ᠬᠢᠵᠦ᠂ ︽ᠳᠠᠭᠠᠭᠤᠯᠢ ᠣᠳᠣᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠤᠭᠰᠠᠷᠠᠬᠤ ᠦᠢᠯᠡᠴᠢᠯᠡᠭᠡᠨ ᠤ ᠲᠦᠷ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠥᠬᠦᠶ ᠱᠠᠭᠠᠷᠳᠠᠯᠭ᠎ᠠ ᠪᠠ ᠵᠢᠷᠤᠮᠵᠢᠯ ᠢ ᠴᠢᠩᠭ᠎ᠠ ᠵᠢᠷᠤᠮᠯᠠᠭᠠᠷᠠᠢ᠃ ᠪᠠᠶᠢᠭᠤᠯᠤᠮᠵᠢ ᠶᠢᠨ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠤᠯ ᠪᠡᠯᠡ ᠭᠠᠷᠭᠠᠭᠴᠢ᠂ ᠭᠤᠤᠯ ᠡᠵᠡᠩᠨᠡᠭᠴᠢ᠂ ᠲᠤᠬᠠᠶᠢᠯᠠᠭᠰᠠᠨ ᠠᠵᠢᠯ ᠤᠨ ᠲᠥᠷᠥᠯ ᠢᠯᠭᠠᠯ᠂ ᠦᠢᠯᠡᠴᠢᠯᠡᠬᠦ ᠬᠡᠪᠴᠢᠶ᠎ᠡ ᠵᠡᠷᠭᠡ ᠴᠢᠬᠤᠯᠠ ᠵᠦᠢᠯ ᠢ ᠬᠤᠪᠢᠷᠠᠭᠠᠬᠤ ᠪᠠᠷ ᠪᠠᠶᠢᠪᠠᠯ᠂ ᠬᠤᠪᠢᠷᠠᠭᠠᠬᠤ ᠠᠴᠠ 30 ᠡᠳᠦᠷ ᠤᠨ ᠡᠮᠦᠨ᠎ᠡ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ︽ᠳᠠᠭᠠᠭᠤᠯᠢ ᠣᠳᠣᠨ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠤᠭᠰᠠᠷᠠᠬᠤ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ︾ ᠢ ᠰᠣᠯᠢᠵᠤ ᠣᠯᠭᠤᠬᠤ ᠪᠠᠷ ᠭᠤᠶᠤᠴᠢᠯᠠᠬᠤ ᠬᠡᠷᠡᠭᠲᠡᠶ᠃ ᠦᠢᠯᠡᠴᠢᠯᠡᠭᠡ ᠪᠠᠨ ᠳᠠᠭᠤᠰᠬᠠᠬᠤ ᠪᠠᠷ ᠪᠠᠶᠢᠭ᠎ᠠ ᠪᠣᠯ ᠳᠠᠭᠤᠰᠬᠤ ᠠᠴᠠ 60 ᠡᠳᠦᠷ ᠤᠨ ᠡᠮᠦᠨ᠎ᠡ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠳᠤ ᠦᠢᠯᠡᠴᠢᠯᠡᠭᠡ ᠪᠠᠨ ᠳᠠᠭᠤᠰᠬᠠᠬᠤ ᠭᠤᠶᠤᠴᠢᠯᠠᠯ ᠵᠢᠴᠢ ᠰᠡᠭᠦᠯᠡᠷᠬᠢ ᠶᠠᠪᠤᠳᠠᠯ ᠢ ᠰᠢᠢᠳᠪᠦᠷᠢᠯᠡᠬᠦ ᠲᠥᠰᠦᠯ ᠢᠶᠠᠨ ᠳᠡᠪᠰᠢᠭᠦᠯᠦᠨ ᠲᠤᠰᠢᠶᠠᠵᠤ᠂ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠳᠠᠭᠤᠰᠬᠠᠵᠤ ᠪᠣᠯᠤᠨ᠎ᠠ᠃ ᠰᠡᠭᠦᠯᠡᠷᠬᠢ ᠶᠠᠪᠤᠳᠠᠯ ᠢ ᠬᠠᠮᠢᠶᠠᠷᠬᠤ ᠦᠢᠯᠡᠴᠢᠯᠡᠭᠡᠨ ᠤ ᠲᠥᠰᠦᠯ ᠢ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠨᠡᠪᠲᠡᠷᠡᠭᠦᠯᠭᠡ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠢᠨᠠᠯᠲᠠ ᠲᠠᠯᠪᠢᠨ ᠬᠡᠷᠡᠭᠵᠢᠭᠦᠯᠦᠨ᠎ᠡ᠃ ︽ᠳᠠᠭᠠᠭᠤᠯᠢ ᠣᠳᠣᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠤᠭᠰᠠᠷᠠᠬᠤ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ ᠪᠣᠯᠤᠨ᠎ᠠ᠃ ᠬᠦᠴᠦᠨ ᠲᠠᠢ ᠬᠤᠭᠤᠴᠠᠭ᠎ᠠ ᠨᠢ ᠲᠤᠯᠬᠤ ᠠᠴᠠ ᠡᠮᠦᠨ᠎ᠡ ᠳᠠᠭᠠᠭᠤᠯᠢ ᠣᠳᠣᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠤᠭᠰᠠᠷᠠᠬᠤ ᠦᠢᠯᠡᠴᠢᠯᠡᠭᠡ ᠶᠢ ᠦᠷᠭᠦᠯᠵᠢᠯᠡᠨ ᠬᠢᠬᠦ ᠴᠢᠬᠤᠯᠠ ᠲᠠᠢ ᠪᠣᠯ ᠬᠦᠴᠦᠨ ᠲᠠᠢ ᠬᠤᠭᠤᠴᠠᠭ᠎ᠠ ᠨᠢ ᠲᠤᠯᠬᠤ ᠠᠴᠠ ᠡᠮᠦᠨ᠎ᠡ ᠨᠢᠭᠡ ᠰᠠᠷ᠎ᠠ ᠳᠤ᠂ ᠲᠤᠰ ᠠᠷᠭ᠎ᠠ ᠶᠢᠨ ᠶᠣᠰᠣᠭᠠᠷ ᠭᠤᠶᠤᠴᠢᠯᠠᠨ ᠠᠪᠬᠤ ᠭᠠᠷᠳᠠᠮ ᠢᠶᠠᠨ ᠭᠦᠢᠴᠡᠳᠬᠡᠬᠦ ᠬᠡᠷᠡᠭᠲᠡᠶ᠃      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ  2024 ᠣᠨ ᠤ 1 ᠳ᠋ᠦ᠋ᠭᠡᠷ ᠰᠠᠷ᠎ᠠ ᠶᠢᠨ 12 ᠤ ᠡᠳᠦᠷ 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ