ᠣᠷᠳᠣᠰ ᠤᠨ ᠬᠤᠸᠠᠩ ᠭᠤᠸᠠᠨ ᠠᠮᠠᠷᠠᠯᠲᠠ ᠶᠢᠨ ᠪᠠᠭᠤᠳᠠᠯ ᠤᠨ ᠳᠠᠭᠠᠭᠤᠯᠢ ᠣᠳᠣᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠪᠡᠯᠡᠳᠬᠡᠮᠵᠢ ᠲᠣᠬᠢᠷᠠᠭᠤᠯᠬᠤ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2024/10/11
ᠣᠷᠳᠣᠰ ᠬᠤᠲᠠ ᠶᠢᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠳᠤ᠄  ᠲᠠᠨ ᠤ ᠲᠣᠪᠴᠢᠶ᠎ᠠ ᠶᠢᠨ ︽ᠳᠠᠭᠠᠭᠤᠯᠢ ᠣᠳᠣᠨ ᠤ ᠲᠧᠯᠸᠢᠰ ᠤᠨ ᠷᠠᠳᠢᠣ᠋ ᠶᠢᠨ ᠬᠤᠷᠢᠶᠠᠨ ᠠᠪᠬᠤ ᠪᠡᠯᠡᠳᠭᠡᠮᠵᠢ ᠲᠣᠬᠢᠷᠠᠭᠤᠯᠬᠤ ᠭᠤᠶᠤᠴᠢᠯᠠᠯ ᠤᠨ ᠮᠡᠳᠡᠭᠦᠯᠦᠯᠲᠡ︾ ᠶᠢ ᠲᠤᠰᠤᠯ᠎ᠠ᠃ ︽ᠳᠠᠭᠠᠭᠤᠯᠢ ᠣᠳᠣᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠬᠦᠯᠢᠶᠡᠨ ᠠᠪᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 129 ᠳ᠋ᠦ᠋ᠭᠡᠷ ᠲᠣᠭᠠᠲᠤ︶ ᠪᠣᠯᠤᠨ ︽ ︿ ᠳᠠᠭᠠᠭᠤᠯᠢ ᠣᠳᠣᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠬᠦᠯᠢᠶᠡᠨ ᠠᠪᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠲᠣᠭᠲᠠᠭᠠᠯ ﹀ ᠢ ᠬᠡᠷᠡᠭᠵᠢᠭᠦᠯᠬᠦ ᠨᠠᠷᠢᠨ ᠳᠦᠷᠢᠮ︾ ︵ᠷᠠᠳᠢᠣ᠋ ᠺᠢᠨᠣ᠋ ᠲᠧᠯᠸᠢᠰ ᠶᠠᠮᠤᠨ ᠤ ᠵᠠᠷᠯᠢᠭ 11 ᠳ᠋ᠦ᠋ᠭᠡᠷ ᠲᠣᠭᠠᠲᠤ︶ ᠢ ᠦᠨᠳᠦᠰᠦᠯᠡᠨ᠂ ᠣᠷᠳᠣᠰ ᠤᠨ ᠬᠤᠸᠠᠩ ᠭᠤᠸᠠᠨ ᠠᠮᠠᠷᠠᠯᠲᠠ ᠶᠢᠨ ᠡᠳᠦᠷ ᠤᠨ ᠪᠠᠭᠤᠳᠠᠯ ᠤᠨ ᠳᠠᠭᠠᠭᠤᠯᠢ ᠣᠳᠣᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠬᠦᠯᠢᠶᠡᠨ ᠠᠪᠬᠤ ᠪᠡᠯᠡᠳᠬᠡᠮᠵᠢ ᠶᠢᠨ ᠬᠠᠮᠢᠶ᠎ᠠ ᠪᠦᠬᠦᠢ ᠭᠤᠶᠤᠴᠢᠯᠠᠯ ᠤᠨ ᠮᠠᠲ᠋ᠧᠷᠢᠶᠠᠯ ᠵᠢᠴᠢ ᠭᠦᠢᠴᠡᠳᠬᠡᠬᠦ ᠨᠥᠬᠦᠴᠡᠯ ᠳᠤ ᠬᠢᠨᠠᠨ ᠪᠠᠶᠢᠴᠠᠭᠠᠯᠲᠠ ᠬᠢᠪᠡ᠃ ᠰᠤᠳᠤᠯᠤᠯᠲᠠ ᠪᠠᠷ ᠳᠠᠮᠵᠢᠭᠠᠳ᠂ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ ᠄  ᠨᠢᠭᠡ᠂ ᠣᠷᠳᠣᠰ ᠤᠨ ᠬᠤᠸᠠᠩ ᠭᠤᠸᠠᠨ ᠠᠮᠠᠷᠠᠯᠲᠠ ᠶᠢᠨ ᠡᠳᠦᠷ ᠤᠨ ᠪᠠᠭᠤᠳᠠᠯ ᠤᠨ ᠳᠠᠭᠠᠭᠤᠯᠢ ᠣᠳᠣᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠲᠣᠬᠢᠷᠠᠭᠤᠯᠬᠤ ᠶᠢ ᠵᠥᠪᠰᠢᠶᠡᠷᠡᠵᠦ᠂ ︽ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ 6 ᠳ᠋ᠤᠭᠠᠷ ᠲᠣᠭᠠᠲᠤ︾ ᠳᠠᠭᠠᠭᠤᠯᠢ ᠣᠳᠣᠨ ᠤ ᠲᠧᠯᠸᠢᠰ ᠷᠠᠳᠢᠣ᠋ ᠨᠡᠪᠲᠡᠷᠡᠭᠦᠯᠭᠡ ᠪᠠᠷ ᠳᠠᠮᠵᠢᠭᠤᠯᠤᠨ ᠳᠠᠮᠵᠢᠭᠤᠯᠤᠭᠰᠠᠨ CINEMAX᠂ ᠠᠦ᠋ᠰᠲᠷᠡᠯᠢᠶ᠎ᠠ ᠠᠽᠢᠶ᠎ᠠ ᠶᠢᠨ ᠳᠠᠭᠠᠭᠤᠯᠢ ᠣᠳᠣᠨ ᠤ ᠲᠧᠯᠸᠢᠰ ᠨᠡᠪᠲᠡᠷᠡᠭᠦᠯᠭᠡ ᠂ ᠠᠽᠢᠶ᠎ᠠ ᠲᠢᠪ ᠤᠨ ᠰᠣᠨᠢᠨ ᠮᠡᠳᠡᠭᠡᠨ ᠤ ᠬᠤᠷᠢᠶᠠᠨ ᠤ ᠣᠯᠠᠨ ᠤᠯᠤᠰ᠂ ᠺᠠᠴᠢᠦᠱᠠ ᠶᠢᠨ ︽ᠥᠨᠥᠳᠥᠷ ᠤᠨ ᠣᠷᠤᠰ︾ ᠰᠤᠪᠠᠭ᠂ ᠣᠷᠣᠰ ᠤᠨ ᠪᠦᠮᠪᠦᠷᠴᠡᠭ ᠰᠤᠪᠠᠭ᠂ ᠺᠦᠪᠠ ᠶᠢᠨ ᠬᠠᠷᠠᠭᠠᠨ ᠤ ᠣᠯᠠᠨ ᠤᠯᠤᠰ ᠤᠨ ᠰᠤᠪᠠᠭ᠂ ᠣᠳᠣᠨ ᠣᠭᠲᠠᠷᠭᠤᠢ ᠣᠳᠣᠨ ᠲᠧᠯᠸᠢᠰ᠂ Channel ﹇ V ﹈ ᠵᠡᠷᠭᠡ 9 ᠢᠵᠢ ᠬᠢᠯᠢ ᠶᠢᠨ ᠭᠠᠳᠠᠨᠠᠬᠢ ᠳᠠᠭᠠᠭᠤᠯᠢ ᠣᠳᠣᠨ ᠲᠧᠯᠸᠢᠰ ᠤᠨ ᠫᠷᠤᠭ᠍ᠷᠠᠮ ᠢ ᠬᠦᠯᠢᠶᠠᠨ ᠠᠪᠤᠨ᠎ᠠ᠃ ᠬᠦᠯᠢᠶᠡᠨ ᠠᠪᠬᠤ ᠥᠷᠲᠡᠭᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠤᠨ ᠬᠤᠸᠠᠩ ᠭᠤᠸᠠᠨ ᠠᠮᠠᠷᠠᠯᠲᠠ ᠶᠢᠨ ᠡᠳᠦᠷ ᠤᠨ ᠪᠠᠭᠤᠳᠠᠯ ᠤᠨ A ᠲᠣᠭᠤᠷᠢᠭ ᠤᠨ ᠵᠡᠭᠦᠨ ᠲᠠᠯ᠎ᠠ ᠶᠢᠨ 4 ᠳ᠋ᠦ᠋ᠭᠡᠷ ᠠᠰᠠᠷ ᠪᠣᠯᠤᠨ᠎ᠠ᠃ ᠬᠦᠯᠢᠶᠡᠨ ᠠᠪᠬᠤ ᠠᠷᠭ᠎ᠠ ᠬᠡᠯᠪᠡᠷᠢ ᠨᠢ ᠲᠤᠰ ᠨᠢᠭᠡᠴᠢ ᠶᠢᠨ ᠪᠢᠲᠡᠭᠦᠦ ᠭᠤᠭᠴᠤᠭᠠᠲᠤ ᠲᠧᠯᠸᠢᠰ ᠤᠨ ᠰᠢᠰᠲ᠋ᠧᠮ ᠢᠶᠠᠷ ᠳᠠᠮᠵᠢᠭᠤᠯᠤᠨ ᠬᠠᠨᠳᠤᠯᠭᠠᠲᠤ ᠴᠢᠨᠠᠷᠲᠠᠢ ᠪᠠᠷ ᠨᠡᠪᠲᠡᠷᠡᠭᠦᠯᠦᠨ᠎ᠡ᠃ ᠬᠦᠯᠢᠶᠡᠨ ᠠᠪᠬᠤ ᠡᠲᠡᠭᠡᠳ ᠤᠨ ᠬᠡᠪᠴᠢᠶ᠎ᠡ ᠨᠢ ᠵᠣᠴᠢᠳ ᠤᠨ ᠪᠠᠭᠤᠳᠠᠯ ᠤᠨ ᠵᠣᠴᠢᠨ ᠤ ᠥᠷᠥᠭᠡ ᠪᠠᠷ ᠬᠢᠵᠠᠭᠠᠷᠯᠠᠨ᠎ᠠ᠃  ᠬᠤᠶᠠᠷ᠂ ᠲᠠᠨ ᠤ ᠲᠣᠪᠴᠢᠶ᠎ᠠ ᠨᠢ ᠣᠷᠳᠣᠰ ᠤᠨ ᠬᠤᠸᠠᠩ ᠭᠤᠸᠠᠨ ᠠᠮᠠᠷᠠᠯᠲᠠ ᠶᠢᠨ ᠡᠳᠦᠷ ᠤᠨ ᠪᠠᠭᠤᠳᠠᠯ ᠢ ᠰᠢᠮᠳᠠᠭᠤᠯᠵᠤ ᠪᠠᠶᠢᠭᠠᠳ ᠲᠣᠭᠲᠠᠭᠰᠠᠨ ᠴᠠᠭ ᠤᠨ ᠬᠢᠵᠠᠭᠠᠷ ︵ᠴᠣᠬᠤᠯᠠᠪᠤᠷᠢᠯᠠᠭᠰᠠᠨ ᠡᠳᠦᠷ ᠠᠴᠠ ᠡᠬᠢᠯᠡᠨ ᠨᠢᠭᠡ ᠵᠢᠯ︶ ᠲᠤ ᠳᠠᠭᠠᠭᠤᠯᠢ ᠣᠳᠣᠨ ᠤ ᠲᠧᠯᠸᠢᠰ ᠤᠨ ᠭᠠᠵᠠᠷ ᠳᠡᠭᠡᠷᠡᠬᠢ ᠭᠥᠯᠢᠶᠡᠨ ᠠᠪᠬᠤ ᠪᠡᠯᠡᠳᠭᠡᠮᠵᠢ  ᠶᠢ ᠲᠣᠬᠢᠷᠠᠭᠤᠯᠬᠤ ᠶᠢᠨ ᠬᠠᠮᠲᠤ ᠲᠠᠨ ᠤ ᠲᠣᠪᠴᠢᠶ᠎ᠠ ᠳᠤ ᠨᠠᠶᠢᠳᠠᠵᠤ ᠰᠢᠯᠭᠠᠨ ᠠᠪᠤᠭᠤᠯᠤᠨ᠎ᠠ᠃ ᠲᠠᠨ ᠤ ᠲᠣᠪᠴᠢᠶ᠎ᠠ ᠰᠢᠯᠭᠠᠨ ᠠᠪᠬᠤ ᠭᠤᠶᠤᠴᠢᠯᠠᠯ ᠢ ᠣᠯᠣᠭᠰᠠᠨ ᠤ ᠳᠠᠷᠠᠭ᠎ᠠ ᠠᠷᠪᠠᠨ ᠠᠵᠢᠯᠯᠠᠬᠤ ᠡᠳᠦᠷ ᠤᠨ ᠳᠣᠲᠣᠷ᠎ᠠ ᠰᠢᠯᠭᠠᠨ ᠬᠤᠷᠢᠶᠠᠵᠤ ᠳᠠᠭᠤᠰᠬᠠᠬᠤ ᠶᠢᠨ ᠬᠠᠮᠲᠤ ᠰᠢᠯᠭᠠᠨ ᠬᠤᠷᠢᠶᠠᠵᠤ ᠬᠢᠨᠠᠨ ᠲᠣᠭᠲᠠᠭᠠᠬᠤ ᠬᠦᠰᠦᠨᠦᠭᠲᠦ ᠪᠠᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ︽ᠳᠠᠭᠠᠭᠤᠯᠢ ᠣᠳᠣ ᠪᠠᠷ ᠳᠠᠮᠵᠢᠭᠤᠯᠤᠨ ᠬᠦᠷᠭᠡᠬᠦ ᠬᠢᠯᠢ ᠶᠢᠨ ᠭᠠᠳᠠᠨᠠᠬᠢ ᠲᠧᠯᠸᠢᠰ ᠤᠨ ᠫᠷᠤᠭ᠍ᠷᠠᠮ ᠤᠨ ᠵᠥᠪᠰᠢᠶᠡᠷᠡᠯ ᠤᠨ ᠦᠨᠡᠮᠯᠡᠯ︾ ᠢ ᠬᠢᠨᠠᠨ ᠵᠥᠪᠰᠢᠶᠡᠷᠡᠵᠦ ᠪᠠᠲᠤᠯᠠᠭᠰᠠᠨ ᠤ ᠳᠠᠷᠠᠭ᠎ᠠ ᠰᠠᠶ᠋ᠢ ᠬᠦᠯᠢᠶᠡᠨ ᠠᠪᠴᠤ ᠬᠡᠷᠡᠭᠯᠡᠵᠦ ᠪᠣᠯᠤᠨ᠎ᠠ᠃  ᠭᠤᠷᠪᠠ᠂ ᠲᠠᠨ ᠤ ᠲᠣᠪᠴᠢᠶ᠎ᠠ ᠬᠡᠷᠡᠭᠯᠡᠭᠴᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠬᠤᠯᠪᠣᠭᠳᠠᠯ ᠪᠥᠬᠦᠶ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠨ᠂ ᠷᠠᠳᠢᠣ᠋ ᠲᠧᠯᠸᠢᠰ ᠤᠨ ᠤᠲᠠᠰᠤᠲᠤ ᠰᠦᠯᠵᠢᠶ᠎ᠡ ᠪᠠᠷ ᠬᠢᠯᠢ ᠶᠢᠨ ᠭᠠᠳᠠᠨᠠᠬᠢ ᠳᠠᠭᠠᠭᠤᠯᠢ ᠣᠳᠣᠨ ᠤ ᠲᠧᠯᠸᠢᠰ ᠤᠨ ᠫᠷᠤᠭ᠍ᠷᠠᠮ ᠢ ᠳᠠᠮᠵᠢᠭᠤᠯᠵᠤ ᠪᠣᠯᠬᠤ ᠥᠬᠡᠶ᠂ ᠭᠥᠯᠢᠶᠡᠨ ᠠᠪᠬᠤ ᠬᠡᠪᠴᠢᠶ᠎ᠡ ᠪᠠᠨ ᠥᠷᠭᠡᠳᠬᠡᠵᠦ ᠪᠣᠯᠬᠤ ᠥᠬᠡᠶ᠂ ᠷᠠᠳᠢᠣ᠋ ᠲᠧᠯᠸᠢᠰ ᠤᠨ ᠫᠷᠤᠭ᠍ᠷᠠᠮ ᠤᠨ ᠠᠮᠤᠷ ᠲᠦᠪᠰᠢᠨ ᠢᠶᠠᠷ ᠨᠡᠪᠲᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃  ᠴᠣᠬᠤᠯᠠᠪᠤᠷᠢᠯᠠᠪᠠ ᠃  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 10 ᠳ᠋ᠤᠭᠠᠷ ᠰᠠᠷ᠎ᠠ ᠶᠢᠨ 10 ᠤ ᠡᠳᠦᠷ 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ