ᠥᠪᠥᠷ ᠮᠣᠩᠭᠤᠯ ᠤᠨ ᠢᠦᠶ ᠮᠠ ᠰᠣᠶᠣᠯ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2024/10/23
ᠥᠪᠥᠷ ᠮᠣᠩᠭᠤᠯ ᠤᠨ ᠢᠦᠶ ᠮᠠ ᠰᠣᠶᠣᠯ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠄  ᠲᠠᠨ ᠤ ᠺᠣᠮᠫᠠᠨᠢ ᠶᠢᠨ ᠷᠠᠳᠢᠣ᠋ ᠲᠧᠯᠸᠢᠰ ᠤᠨ ᠫᠷᠦᠭᠷᠠᠮ ᠦᠢᠯᠡᠳᠴᠦ ᠡᠵᠡᠩᠨᠡᠬᠦ ᠠᠵᠢᠯ ᠢ ᠦᠷᠨᠢᠭᠦᠯᠬᠦ ᠭᠤᠶᠤᠴᠢᠯᠠᠯ ᠤᠨ ᠮᠠᠲ᠋ᠧᠷᠢᠶᠠᠯ ᠢ ᠲᠤᠰᠤᠯ᠎ᠠ᠃ ᠰᠤᠳᠤᠯᠤᠯᠲᠠ ᠪᠠᠷ ᠳᠠᠮᠵᠢᠭᠠᠳ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠪᠠ᠃  ᠨᠢᠭᠡ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠬᠠᠮᠢᠶᠠᠷᠤᠯᠲᠠ ᠶᠢᠨ ᠲᠣᠭᠲᠠᠭᠠᠯ︾ ︵ᠶᠡᠷᠦᠩᠬᠡᠶ ᠲᠣᠪᠴᠢᠶ᠎ᠠ ᠶᠢᠨ ᠵᠠᠷᠯᠢᠭ 34 ᠳ᠋ᠦ᠋ᠭᠡᠷ ᠲᠣᠭᠠᠲᠤ︶ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠲᠠᠨ ᠤ ᠺᠣᠮᠫᠠᠨᠢ ᠶᠢᠨ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠬᠦ ᠶᠢᠨ ᠬᠠᠮᠲᠤ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠲᠠᠷᠬᠠᠭᠠᠪᠠ᠂ ᠳ᠋ᠤᠭᠠᠷ᠄ ︵ᠥᠪᠥᠷ ᠮᠣᠩᠭᠤᠯ︶ ᠦᠰᠦᠭ 600 ᠳ᠋ᠤᠭᠠᠷ ᠲᠣᠭᠠᠲᠤ᠂ ᠬᠦᠴᠦᠨ ᠲᠠᠢ ᠬᠤᠭᠤᠴᠠᠭ᠎ᠠ᠄ 2024 ᠣᠨ ᠤ 10 ᠳ᠋ᠤᠭᠠᠷ ᠰᠠᠷ᠎ᠠ ᠶᠢᠨ 22 ᠤᠨ ᠡᠳᠦᠷ ᠠᠴᠠ 2026 ᠣᠨ ᠤ 10 ᠳ᠋ᠤᠭᠠᠷ ᠰᠠᠷ᠎ᠠ ᠶᠢᠨ 21 ᠤ ᠡᠳᠦᠷ ᠪᠣᠯᠲᠠᠯ᠎ᠠ᠃  ᠬᠤᠶᠠᠷ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠬᠦᠷᠢᠶ᠎ᠡ ᠬᠡᠪᠴᠢᠶ᠎ᠡ᠄ ᠲᠤᠰᠬᠠᠶ ᠰᠡᠳᠦᠪ᠂ ᠲᠤᠰᠬᠠᠶ ᠪᠤᠯᠤᠩ᠂ ᠶᠡᠷᠦᠩᠬᠡᠶᠢᠯᠡᠭᠰᠡᠨ ᠤᠷᠠᠯᠢᠭ᠂ ᠺᠠᠷᠲ᠋ᠣᠨ ᠺᠢᠨᠣ᠋᠂ ᠷᠠᠳᠢᠣ᠋ ᠵᠦᠴᠦᠭᠡ᠂ ᠲᠧᠯᠸᠢᠰ ᠵᠦᠴᠦᠭᠡ ᠵᠡᠷᠭᠡ ᠷᠠᠳᠢᠣ᠋ ᠲᠧᠯᠸᠢᠰ ᠤᠨ ᠫᠷᠤᠭ᠍ᠷᠠᠮ ᠢ ᠦᠢᠯᠡᠳᠬᠦ ᠪᠠ ᠫᠷᠤᠭ᠍ᠷᠠᠮ ᠤᠨ ᠬᠡᠪᠯᠡᠯ ᠤᠨ ᠡᠷᠬᠡ ᠶᠢ ᠠᠷᠠᠯᠵᠢᠶᠠᠯᠠᠬᠤ ᠪᠠ ᠣᠷᠣᠯᠠᠨ ᠠᠷᠠᠯᠵᠢᠶᠠᠯᠠᠬᠤ᠃ ᠡᠵᠡᠩᠨᠡᠯᠲᠡ ᠶᠢᠨ ᠠᠷᠭ᠎ᠠ ᠬᠡᠯᠪᠡᠷᠢ᠄ ᠦᠢᠯᠡᠳᠬᠦ᠂ ᠬᠠᠭᠤᠯᠪᠤᠷᠢᠯᠠᠬᠤ᠂ ᠲᠠᠷᠬᠠᠭᠠᠬᠤ᠃  ᠭᠤᠷᠪᠠ᠂ ᠲᠠᠨ ᠤ ᠺᠣᠮᠫᠠᠨᠢ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠠᠴᠠ ᠬᠢᠨᠠᠨ ᠵᠥᠪᠰᠢᠶᠡᠷᠡᠭᠰᠡᠨ ᠦᠢᠯᠡᠳᠴᠦ ᠡᠵᠡᠩᠨᠡᠬᠦ ᠬᠡᠪᠴᠢᠶ᠎ᠡ ᠶᠢ ᠴᠢᠩᠭ᠎ᠠ ᠵᠢᠷᠤᠮᠯᠠᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠥᠷᠨᠢᠭᠦᠯᠵᠦ᠂ ᠦᠢᠯᠡᠳᠴᠦ ᠡᠵᠡᠩᠨᠡᠬᠦ ᠠᠵᠢᠯᠯᠠᠭ᠎ᠠ ᠳᠤ ᠡᠷᠬᠡᠪᠰᠢ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠵᠢᠷᠤᠮᠯᠠᠬᠤ ᠬᠡᠷᠡᠭᠲᠡᠶ᠃ ᠲᠤᠬᠠᠢ ᠶᠢᠨ ᠴᠠᠭ ᠤᠨ ᠤᠯᠤᠰ ᠲᠥᠷᠥ ᠶᠢᠨ ᠰᠣᠨᠢᠨ ᠮᠡᠳᠡᠭᠡ ᠵᠢᠴᠢ ᠠᠳᠠᠯᠢ ᠲᠥᠷᠥᠯ ᠤᠨ ᠲᠤᠰᠬᠠᠢ ᠰᠡᠳᠦᠪ᠂ ᠲᠤᠰᠬᠠᠢ ᠪᠤᠯᠤᠩ ᠵᠡᠷᠭᠡ ᠷᠠᠳᠢᠣ᠋ ᠲᠧᠯᠸᠢᠰ ᠤᠨ ᠫᠷᠤᠭ᠍ᠷᠠᠮ ᠢ ᠦᠢᠯᠡᠳᠴᠦ ᠪᠣᠯᠬᠤ ᠦᠭᠡᠢ᠃ ᠺᠠᠷᠲ᠋ᠣᠨ ᠺᠢᠨᠣ᠋᠂ ᠲᠧᠯᠸᠢᠰ ᠵᠦᠴᠦᠭᠡ ᠦᠢᠯᠡᠳᠬᠦ ᠳᠤ ᠪᠠᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠪᠠᠷ ᠬᠢᠨᠠᠨ ᠬᠠᠷᠭᠤᠭᠤᠯᠬᠤ ᠶᠢᠨ ᠬᠠᠮᠲᠤ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠬᠡᠷᠡᠭᠲᠡᠶ᠃  ᠲᠦᠷᠪᠡ᠂ ᠨᠡᠶᠢᠳᠡᠯᠡᠭᠰᠡᠨ ︽ᠷᠠᠳᠢᠤ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠦᠪᠰᠢᠶᠡᠷᠡᠯ ᠤᠨ ᠦᠨᠡᠮᠯᠡᠯ︾ ᠢ ᠶᠠᠮᠠᠷᠪᠠ ᠠᠷᠭ᠎ᠠ ᠬᠡᠯᠪᠡᠷᠢ ᠪᠠᠷ ᠪᠠᠯᠠᠯᠬᠤ᠂ ᠲᠦᠷᠢᠶᠡᠰᠦᠯᠡᠬᠦ᠂ ᠰᠢᠯᠵᠢᠭᠦᠯᠬᠦ᠂ ᠬᠤᠳᠠᠯᠳᠤᠬᠤ ᠪᠠ ᠬᠠᠭᠤᠷᠮᠠᠭ ᠢᠶᠠᠷ ᠵᠤᠬᠢᠶᠠᠬᠤ ᠶᠢ ᠴᠢᠩᠭ᠎ᠠ ᠬᠤᠷᠢᠭᠯᠠᠨ᠎ᠠ᠃ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠳᠤ ᠲᠣᠳᠣᠷᠬᠠᠶᠢᠯᠠᠭᠰᠠᠨ ᠦᠢᠯᠡᠳᠬᠦ ᠪᠠᠶᠢᠭᠤᠯᠤᠮᠵᠢ ᠶᠢᠨ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠬᠠᠶ᠋ᠢᠭ ᠪᠠ ᠲᠦᠷᠢᠮ ᠵᠡᠷᠭᠡ ᠵᠦᠢᠯᠡᠰ ᠲᠤ ᠬᠤᠪᠢᠷᠠᠯᠲᠠ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠮᠡᠳᠡᠭᠦᠯᠦᠨ ᠬᠤᠪᠢᠷᠠᠭᠤᠯᠬᠤ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠭᠡᠨ᠎ᠡ︔ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠠᠵᠢᠯᠯᠠᠭ᠎ᠠ ᠶᠢ ᠵᠣᠭᠰᠣᠭᠠᠬᠤ ᠳᠤ᠂ 1 ᠭᠠᠷᠠᠭ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠬᠦᠷᠴᠦ ᠬᠦᠴᠦᠨ ᠥᠬᠡᠶ ᠪᠣᠯᠭᠠᠬᠤ ᠭᠠᠷᠳᠠᠮ ᠢ ᠭᠦᠢᠴᠡᠳᠭᠡᠬᠦ ᠬᠡᠷᠡᠭᠲᠡᠶ᠃  ᠲᠠᠪᠤ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠳᠤ ᠪᠠᠨ᠂ ᠭᠠᠳᠠᠭᠠᠳᠤ ᠶᠢᠨ ᠬᠤᠳᠠᠯᠳᠤᠭᠠᠴᠢᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠪᠤᠶᠤ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ᠂ ᠬᠤᠷᠰᠢᠭᠰᠠᠨ ᠠᠵᠤ ᠠᠬᠤᠶᠢᠯᠠᠯ ᠪᠣᠯᠤᠨ ᠬᠢᠯᠢ ᠶᠢᠨ ᠭᠠᠳᠠᠨᠠᠬᠢ ᠬᠥᠮᠦᠰ ᠦᠢᠯᠡᠳᠬᠦ ᠠᠵᠢᠯ ᠳᠤ ᠣᠷᠣᠯᠴᠠᠬᠤ ᠶᠢ ᠴᠢᠩᠭ᠎ᠠ ᠬᠤᠷᠢᠭᠯᠠᠬᠤ ᠬᠡᠷᠡᠭᠲᠡᠶ᠃  ᠵᠢᠷᠭᠤᠭ᠎ᠠ᠂ ᠭᠠᠳᠠᠭᠠᠳᠤ ᠳᠤ ᠭᠠᠷᠭᠠᠬᠤ ᠷᠠᠳᠢᠣ᠋ ᠲᠧᠯᠸᠢᠰ ᠤᠨ ᠫᠷᠤᠭ᠍ᠷᠠᠮ ᠪᠤᠶᠤ ᠬᠢᠯᠢ ᠶᠢᠨ ᠭᠠᠳᠠᠨ᠎ᠠ ᠭᠠᠷᠭᠠᠵᠤ ᠦᠵᠡᠭᠦᠯᠭᠡ ᠳᠤ ᠣᠷᠣᠯᠴᠠᠭᠤᠯᠬᠤ ᠷᠠᠳᠢᠣ᠋ ᠲᠧᠯᠸᠢᠰ ᠤᠨ ᠫᠷᠤᠭ᠍ᠷᠠᠮ ᠢ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠤᠷᠢᠳᠴᠢᠯᠠᠨ ᠮᠡᠳᠡᠭᠦᠯᠬᠦ ᠬᠡᠷᠡᠭᠲᠡᠶ᠃  ᠴᠣᠬᠤᠯᠠᠪᠤᠷᠢᠯᠠᠪᠠ᠃  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 10 ᠳ᠋ᠤᠭᠠᠷ ᠰᠠᠷ᠎ᠠ ᠶᠢᠨ 22 ᠤᠨ ᠡᠳᠦᠷ 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ